ᠪᠦᠷᠢᠨᠵᠢᠨ  ᠬᠤᠯᠠᠨ ᠰᠢᠷᠭ᠎ᠠ ᠲᠠᠭ᠎ᠠ ᠶᠢᠨ ᠡᠯᠡᠰᠦᠷᠬᠡᠭ ᠭᠠᠵᠠᠷ ᠤᠨ  ᠰᠦᠨᠤᠭᠡᠯᠳᠠ ᠶᠢᠨ ᠲᠠᠶᠢᠯᠠᠯᠳᠤᠭᠠᠨ ᠤ ᠠᠵᠢᠯ ᠢ ᠠᠬᠢᠭᠤᠯᠵᠤ ᠪᠠᠶᠢᠭ᠎ᠠ ᠪᠠᠶᠢᠳᠠᠯ ᠢ ᠱᠠᠯᠠᠪᠳᠠᠭᠤᠯᠤᠨ ᠵᠢᠯᠤᠭᠤᠳᠪᠠ
ᠨᠡᠶᠢᠲᠡᠯᠡᠭᠰᠡᠨ ᠴᠠᠭ᠄
2024/4/10
     4 ᠰᠠᠷ᠎ᠠ ᠶᠢᠨ 2 ᠎ ᠤᠨ ᠡᠳᠦᠷ᠂  ᠰᠢᠯᠢ ᠶᠢᠨ ᠬᠤᠳᠠ ᠶᠢᠨ ᠨᠠᠮ ᠤᠨ  ᠬᠤᠷᠢᠶᠠᠨ ᠤ ᠳᠡᠳ᠋ ᠱᠦᠵᠢ᠂ ᠬᠤᠳᠠ ᠶᠢᠨ ᠳᠠᠷᠤᠭ᠎ᠠ ᠪᠦᠷᠢᠨᠵᠢᠨ  ᠪᠠᠶᠠᠨ ᠬᠦᠷᠢᠶ᠎ᠠ ᠮᠠᠯᠵᠢᠯ ᠤᠨ ᠲᠠᠯᠠᠪᠠᠢ ᠳᠤ ᠭᠦᠨᠵᠡᠭᠡᠶᠢᠷᠡᠵᠦ᠂ ᠬᠤᠯᠠᠨ ᠰᠢᠷᠭ᠎ᠠ  ᠲᠠᠭ᠎ᠠ ᠶᠢᠨ ᠡᠯᠡᠰᠦᠷᠬᠡᠭ ᠭᠠᠵᠠᠷ ᠤᠨ  ᠰᠦᠨᠤᠭᠡᠯᠳᠠ ᠶᠢᠨ ᠳᠠᠶᠢᠯᠠᠯᠳᠤᠭᠠᠨ ᠎ ᠤ ᠠᠵᠢᠯ ᠢ ᠠᠬᠢᠭᠤᠯᠵᠤ ᠪᠠᠶᠢᠭ᠎ᠠ ᠪᠠᠶᠢᠳᠠᠯ ᠢ  ᠱᠠᠯᠠᠪᠳᠠᠭᠤᠯᠤᠨ ᠵᠢᠯᠤᠭᠤᠳᠤᠭᠰᠠᠨ ᠪᠠᠶᠢᠨ᠎ᠠ᠃      ᠪᠠᠶᠠᠨ ᠬᠦᠷᠢᠶ᠎ᠠ‌ᠬᠤᠯᠠᠨ ᠰᠢᠷᠭ᠎ᠠ ᠲᠠᠭ᠎ᠠ ᠶᠢᠨ ᠡᠯᠡᠰᠦᠷᠬᠡᠭ ᠭᠠᠵᠠᠷ ᠤᠨ ᠰᠦᠨᠤᠭᠡᠯᠳᠠ ᠶᠢᠨ ᠲᠠᠶᠢᠯᠠᠯᠳᠤᠭᠠᠨ ᠤ ᠪᠠᠷᠢᠯᠭ᠎ᠠ ᠶᠢᠨ ᠲᠤᠬᠠᠢ ᠶᠢᠨ ᠭᠠᠵᠠᠷ ᠲᠤ᠂ ᠪᠦᠷᠢᠨᠵᠢᠨ ᠡᠯᠡᠰᠦᠷᠬᠡᠭᠵᠢᠭᠰᠡᠨ ᠭᠠᠵᠠᠷ ᠰᠢᠷᠣᠢ ᠶᠢᠨ ᠪᠠᠶᠢᠳᠠᠯ ᠢ ᠪᠠᠶᠢᠴᠠᠭᠠᠨ ᠦᠵᠡᠵᠦ᠂ ᠬᠤᠯᠠᠨ ᠰᠢᠷᠭ᠎ᠠ‌‍ᠲ᠋ᠠᠭ᠎ᠠ ᠶᠢᠨ ᠡᠯᠡᠰᠦᠷᠬᠡᠭ ᠭᠠᠵᠠᠷ ᠤᠨ ᠰᠦᠨᠤᠭᠡᠯᠳᠠ ᠶᠢᠨ ᠲᠠᠶᠢᠯᠠᠯᠳᠤᠭᠠᠨ ᠤ ᠠᠵᠢᠯ ᠤᠨ ᠶᠡᠷᠦᠩᠬᠡᠢ ᠲᠥᠯᠦᠪᠵᠢᠭᠦᠯᠭᠡ᠂ ᠬᠡᠷᠡᠭᠵᠢᠭᠦᠯᠬᠦ ᠲᠥᠯᠥᠪᠯᠡᠭᠡ᠂ ᠬᠠᠮᠢᠶᠠᠷᠴᠤ ᠬᠠᠮᠠᠭᠠᠯᠠᠬᠤ ᠠᠷᠭ᠎ᠠ ᠬᠡᠯᠪᠡᠷᠢ ᠵᠡᠷᠭᠡ ᠪᠠᠶᠢᠳᠠᠯ ᠢ ᠨᠠᠷᠢᠨ ᠣᠶᠢᠯᠠᠭᠠᠵᠤ᠂ ᠡᠯᠡᠰᠦ ᠶᠢ ᠲᠣᠭᠲᠠᠪᠤᠷᠢᠵᠢᠭᠤᠯᠬᠤ ᠲᠣᠣᠷ ᠢ ᠳᠡᠪᠢᠰᠬᠦ᠂ ᠡᠯᠡᠰᠦ ᠶᠢ ᠵᠠᠰᠠᠬᠤ ᠤᠷᠭᠤᠮᠠᠯ ᠤᠨ ᠬᠤᠴᠢᠯᠭ᠎ᠠ ᠶᠢ ᠲᠠᠷᠢᠬᠤ ᠵᠡᠷᠭᠡ ᠪᠣᠳᠠᠲᠠᠢ ᠢᠨᠵᠧᠨᠧᠷᠢᠩ ᠤᠨ ᠠᠷᠭ᠎ᠠ ᠬᠡᠮᠵᠢᠶ᠎ᠡ ᠶᠢ ᠱᠠᠯᠠᠪᠳᠠᠭᠤᠯᠤᠨ ᠵᠢᠯᠤᠭᠤᠳᠤᠭᠰᠠᠨ ᠪᠠᠶᠢᠨ᠎ᠠ᠃      ᠪᠦᠷᠢᠨᠵᠢᠨ ᠴᠢᠬᠤᠯᠠᠴᠢᠯᠠᠭᠰᠠᠨ ᠨᠢ᠂ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠰᠢ ᠶᠢᠨ ᠫᠢᠩ  ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠡᠯᠡᠰᠦ ᠶᠢ ᠰᠡᠷᠭᠡᠶᠢᠯᠡᠵᠦ ᠡᠯᠡᠰᠦ ᠶᠢ ᠵᠠᠰᠠᠬᠤ ᠪᠠ ᠰᠠᠯᠬᠢᠨ ᠴᠠᠬᠢᠯᠭᠠᠨ ᠭᠡᠷᠡᠯ ᠴᠡᠨᠡᠭ ᠢ ᠨᠢᠭᠡ ᠴᠣᠭᠴᠠᠵᠢᠭᠤᠯᠬᠤ ᠢᠨᠵᠧᠨᠧᠷᠢᠩ ᠢ ᠪᠦᠬᠦ ᠬᠦᠴᠦᠨ ᠢᠶᠠᠷ ᠢᠶᠠᠨ ᠠᠬᠢᠭᠤᠯᠬᠤ ᠪᠠᠷ ᠭᠠᠷᠳᠠᠴᠠ ᠪᠣᠯᠭᠠᠵᠤ᠂ ᠬᠤᠯᠠᠨ ᠰᠢᠷᠭ᠎ᠠ ᠲᠠᠭ᠎ᠠ ᠶᠢᠨ ᠡᠯᠡᠰᠦᠷᠬᠡᠭ ᠭᠠᠵᠠᠷ ᠤᠨ  ᠰᠦᠨᠤᠭᠡᠯᠳᠠ ᠶᠢᠨ ᠳᠠᠶᠢᠯᠠᠯᠳᠤᠭᠠᠨ ᠤ ᠢᠯᠠᠯᠲᠠ ᠶᠢ ᠤᠯᠬᠤ ᠠᠵᠢᠯ ᠢ ᠵᠠᠪᠠᠯ ᠰᠠᠶᠢᠲᠤᠷ ᠬᠢᠵᠦ᠂ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠦᠲᠦᠭᠡᠨ ᠪᠠᠶᠢᠭᠤᠯᠬᠤ ᠳᠤ ᠬᠦᠴᠦᠨ ᠴᠢᠳᠠᠯ ᠢᠶᠠᠨ ᠡᠷᠭᠦᠬᠦ ᠬᠡᠷᠡᠭᠲᠡᠢ᠃ ᠰᠢᠨᠵᠢᠯᠡᠬᠦ ᠤᠬᠠᠭᠠᠨᠴᠢ ᠪᠠᠷ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠬᠤ᠂ ᠰᠢᠨᠵᠢᠯᠡᠬᠦ ᠤᠬᠠᠭᠠᠨᠴᠢ ᠪᠠᠷ ᠰᠡᠷᠭᠡᠶᠢᠯᠡᠨ ᠵᠠᠰᠠᠬᠤ ᠵᠠᠷᠴᠢᠮ ᠢ ᠪᠠᠷᠢᠮᠲᠠᠯᠠᠵᠤ᠂ ᠲᠥᠯᠥᠪᠵᠢᠭᠦᠯᠦᠨ ᠵᠢᠷᠤᠵᠤ ᠲᠥᠯᠥᠪᠯᠡᠬᠦ᠂ ᠭᠠᠵᠠᠷ ᠤᠨ ᠪᠠᠶᠢᠳᠠᠯ ᠢ ᠣᠶᠢᠯᠠᠭᠠᠬᠤ᠂ ᠪᠠᠷᠢᠯᠭ᠎ᠠ ᠶᠢᠨ ᠠᠵᠢᠯ ᠢ ᠵᠣᠬᠢᠶᠠᠨ ᠪᠠᠶᠢᠭᠤᠯᠬᠤ ᠵᠡᠷᠭᠡ ᠡᠯ᠎ᠡ ᠵᠦᠢᠯ ᠤᠨ ᠠᠵᠢᠯ ᠢ ᠪᠣᠳᠠᠲᠠᠢ ᠪᠥᠭᠡᠳ ᠨᠠᠷᠢᠯᠢᠭ ᠠᠳᠬᠤᠵᠤ᠂ ᠬᠥᠮᠥᠨ ᠤ ᠬᠦᠴᠦ ᠪᠠᠷ ᠵᠠᠰᠠᠨ ᠰᠡᠷᠭᠦᠭᠡᠬᠦ᠂ ᠢᠨᠵᠧᠨᠧᠷᠢᠩ ᠢᠶᠠᠷ ᠡᠯᠡᠰᠦ ᠶᠢ ᠵᠠᠰᠠᠬᠤ᠂ ᠭᠡᠷᠡᠯ ᠢᠶᠠᠷ  ᠴᠡᠨᠡᠭ ᠢᠶᠠᠷ ᠡᠯᠡᠰᠦ ᠶᠢ ᠵᠠᠰᠠᠬᠤ ᠵᠡᠷᠭᠡ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠶᠡᠷᠦᠩᠬᠡᠶᠢᠯᠡᠨ ᠬᠡᠷᠡᠭᠯᠡᠵᠦ ᠂ ᠨᠣᠭᠤᠭᠠᠷᠠᠭᠤᠯᠵᠤ ᠣᠶᠢᠵᠢᠭᠤᠯᠬᠤ᠂ ᠡᠯᠡᠰᠦ ᠶᠢ ᠰᠡᠷᠭᠡᠶᠢᠯᠡᠵᠦ ᠡᠯᠡᠰᠦ ᠶᠢ ᠵᠠᠰᠠᠬᠤ ᠡᠯ᠎ᠡ ᠵᠦᠢᠯ ᠤᠨ ᠭᠤᠣᠯᠳᠠᠯᠭ᠎ᠠ ᠲᠠᠢ ᠠᠵᠢᠯ ᠢ ᠲᠦᠷᠭᠡᠨ ᠠᠬᠢᠭᠤᠯᠵᠤ᠂ ᠨᠢᠭᠡᠨᠲᠡ ᠲᠣᠭᠲᠠᠭᠠᠭᠰᠠᠨ ᠵᠠᠰᠠᠯᠲᠠ ᠶᠢᠨ ᠡᠭᠦᠷᠭᠡ ᠶᠢ ᠴᠢᠨᠠᠷ ᠰᠠᠶᠢᠲᠠᠢ  ᠥᠨᠳᠥᠷ ᠪᠠᠷᠢᠮᠵᠢᠶ᠎ᠠ ᠪᠠᠷ ᠪᠡᠶᠡᠯᠡᠭᠦᠯᠬᠦ ᠶᠢ ᠪᠠᠲᠤᠯᠠᠬᠤ ᠬᠡᠷᠡᠭᠲᠡᠢ᠃ ᠬᠤᠶᠢᠰᠢᠳᠠ ᠶᠢᠨ ᠬᠠᠮᠢᠶᠠᠷᠤᠯᠲᠠ ᠬᠠᠮᠠᠭᠠᠯᠠᠯᠲᠠ ᠶᠢ ᠰᠠᠶᠢᠲᠤᠷ ᠠᠳᠬᠤᠵᠤ᠂ ᠡᠯᠡᠰᠦ ᠶᠢ ᠰᠡᠷᠭᠡᠶᠢᠯᠡᠵᠦ ᠡᠯᠡᠰᠦ ᠶᠢ ᠵᠠᠰᠠᠬᠤ ᠲᠥᠷᠥᠯ ᠵᠦᠢᠯ ᠤᠨ ᠵᠠᠯᠭᠠᠮᠵᠢ ᠬᠠᠮᠢᠶᠠᠷᠤᠯᠲᠠ ᠬᠠᠮᠠᠭᠠᠯᠠᠯᠲᠠ ᠶᠢᠨ ᠲᠣᠭᠲᠠᠴᠠ ᠶᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠡᠳᠦᠷ ᠲᠤᠳᠤᠮ ᠤᠨ ᠲᠣᠭᠤᠷᠢᠨ ᠴᠠᠭᠳᠠᠵᠤ ᠲᠣᠭᠤᠷᠢᠨ ᠪᠠᠶᠢᠴᠠᠭᠠᠬᠤ ᠠᠵᠢᠯ ᠤᠨ ᠡᠷᠴᠢᠮ ᠢᠶᠠᠨ ᠴᠢᠩᠭᠠᠷᠠᠭᠤᠯᠵᠤ᠂ ᠠᠵᠤ ᠦᠢᠯᠡᠳᠪᠦᠷᠢ ᠠᠵᠤ ᠠᠬᠤᠶᠢᠯᠠᠯ ᠤᠨ ᠬᠠᠮᠢᠶᠠᠷᠴᠤ ᠬᠠᠮᠠᠭᠠᠯᠠᠬᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠳᠠᠷᠤᠵᠤ᠂ ᠤᠯᠠᠨ ᠲᠦᠮᠡᠨ ᠤ ᠡᠯᠡᠰᠦ ᠶᠢ ᠰᠡᠷᠭᠡᠶᠢᠯᠡᠵᠦ ᠡᠯᠡᠰᠦ ᠶᠢ ᠵᠠᠰᠠᠬᠤ ᠪᠠ ᠤᠷᠭᠤᠮᠠᠯ ᠤᠨ ᠪᠦᠷᠬᠦᠴᠡ ᠶᠢ ᠬᠠᠮᠢᠶᠠᠷᠴᠤ ᠬᠠᠮᠠᠭᠠᠯᠠᠬᠤ ᠳᠤ ᠥᠷᠭᠡᠨ ᠢᠶᠠᠷ ᠣᠷᠣᠯᠴᠠᠬᠤ ᠶᠢ ᠵᠣᠷᠢᠭᠵᠢᠭᠤᠯᠤᠨ ᠬᠥᠲᠥᠯᠥᠨ ᠵᠢᠯᠤᠭᠤᠳᠴᠤ᠂ ᠦᠷᠭᠦᠯᠵᠢᠯᠡᠨ ᠬᠠᠮᠢᠶᠠᠷᠴᠤ ᠬᠠᠮᠠᠭᠠᠯᠠᠬᠤ ᠤᠯᠠᠨ ᠲᠠᠯ᠎ᠠ ᠶᠢᠨ ᠬᠠᠮᠲᠤᠷᠠᠯ ᠤᠨ ᠬᠦᠴᠦᠨ ᠢ ᠪᠦᠷᠢᠯᠳᠦᠭᠦᠯᠵᠦ᠂ ᠲᠦᠷᠦᠯ ᠵᠦᠢᠯ ᠤᠨ ᠬᠡᠷᠡᠭᠵᠢᠭᠦᠯᠦᠯᠲᠡ ᠶᠢᠨ ᠵᠢᠱᠢᠭᠰᠡᠨ ᠦᠷ᠎ᠡ ᠠᠰᠢᠭ ᠢ ᠪᠠᠳᠠᠷᠠᠭᠤᠯᠬᠤ ᠶᠢ ᠪᠦᠬᠦ ᠬᠦᠴᠦᠨ ᠢᠶᠠᠷ ᠢᠶᠠᠨ ᠪᠠᠲᠤᠯᠠᠵᠤ᠂ ᠡᠯᠡᠰᠦ ᠶᠢ ᠰᠡᠷᠭᠡᠶᠢᠯᠡᠵᠦ ᠡᠯᠡᠰᠦ ᠶᠢ ᠵᠠᠰᠠᠬᠤ ᠠᠵᠢᠯ ᠤᠨ ᠦᠷ᠎ᠡ ᠪᠦᠲᠦᠭᠡᠯ ᠢ ᠦᠨᠡᠨᠬᠦ ᠪᠠᠬᠢᠵᠢᠭᠦᠯᠦᠨ ᠬᠦᠨᠵᠡᠶᠢᠭᠡᠷᠡᠬᠦᠯᠬᠦ ᠭᠡᠷᠡᠭᠳᠡᠢ ᠭᠡᠵᠡᠢ᠃      ᠰᠢᠯᠢ ᠶᠢᠨ ᠬᠤᠳᠠ ᠶᠢᠨ ᠤᠳᠤᠷᠢᠳᠤᠯᠭ᠎ᠠ ᠲᠤᠯᠭᠠᠭᠤᠷᠢ ᠵᠢᠴᠢ ᠬᠤᠳᠠ ᠶᠢᠨ ᠰᠢᠭᠤᠳ ᠬᠠᠷᠢᠶ᠎ᠠ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠭᠤᠣᠯ ᠬᠠᠷᠢᠭᠤᠴᠠᠯᠭᠠᠲᠠᠨ  ᠱᠠᠯᠠᠪᠳᠠᠭᠤᠯᠤᠨ ᠵᠢᠯᠤᠭᠤᠳᠬᠤ ᠳᠤ  ᠤᠷᠤᠯᠴᠠᠵᠠᠢ᠃      ᠲᠣᠭᠤᠷ ᠨᠣᠷᠴᠢᠭᠤᠯᠣᠨ ᠨᠠᠶᠢᠷᠠᠭᠤᠯᠪᠠ᠃
 
ᠢᠷᠡᠯᠲᠡ᠄ ᠰᠢᠯᠢ ᠶᠢᠨ ᠬᠤᠲᠠ ᠶᠢᠨ ᠵᠠᠰᠠᠭ ᠤᠨ ᠶᠠᠪᠣᠳᠠᠯ ᠤᠨ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号