ᠪᠦᠷᠢᠨᠵᠢᠨ ᠠᠶᠤᠯᠭᠦᠢ ᠦᠢᠯᠡᠳᠪᠦᠷᠢᠯᠡᠯ ᠤᠨ ᠠᠵᠢᠯ ᠢ  ᠱᠠᠯᠠᠪᠳᠠᠭᠤᠯᠤᠨ ᠵᠢᠯᠤᠭᠤᠳᠤᠭᠰᠠᠨ
ᠨᠡᠶᠢᠲᠡᠯᠡᠭᠰᠡᠨ ᠴᠠᠭ᠄
2024/4/10
     4 ᠰᠠᠷ᠎ᠠ ᠶᠢᠨ 1 ᠎ ᠤ ᠡᠳᠦᠷ᠂ ᠰᠢᠯᠢ ᠶᠢᠨ ᠬᠤᠳᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠳᠠ ᠶᠢᠨ ᠳᠠᠷᠤᠭ᠎ᠠ ᠪᠦᠷᠢᠨᠵᠢᠨ  ᠰᠢᠯᠢ ᠶᠢᠨ ᠬᠤᠳᠠ  ᠲᠣᠭᠤᠷᠢᠭ ᠤᠨ ᠢᠳᠡᠭᠡᠨ ᠤᠮᠳᠠᠭᠠᠨ ᠤ ᠠᠵᠤ ᠠᠬᠤᠶᠢᠯᠠᠯ᠂ ᠠᠵᠤ ᠦᠢᠯᠡᠳᠪᠦᠷᠢ ᠠᠷᠠᠯᠵᠢᠶᠠᠨ ᠤ ᠠᠵᠤ ᠠᠬᠤᠶᠢᠯᠠᠯ᠂ ᠨᠡᠭᠦᠷᠡᠰᠦᠨ ᠠᠭᠤᠷᠬᠠᠢ ᠶᠢᠨ ᠴᠠᠬᠢᠯᠭᠠᠨ ᠦᠢᠯᠡᠳᠪᠦᠷᠢ ᠵᠢᠴᠢ ︽ᠶᠢᠰᠦᠨ ᠪᠠᠭ᠎ᠠ ᠲᠠᠯᠠᠪᠤᠷ︾ ᠵᠡᠷᠭᠡ ᠭᠠᠵᠠᠷ ᠢᠶᠠᠷ ᠠᠶᠤᠯᠭᠦᠢ ᠦᠢᠯᠡᠳᠪᠦᠷᠢᠯᠡᠯ᠂ ᠢᠳᠡᠭᠡᠨ ᠤ ᠠᠮᠤᠷ ᠲᠦᠪᠰᠢᠨ ᠵᠡᠷᠭᠡ ᠠᠵᠢᠯ ᠢ ᠬᠢᠨᠠᠨ ᠪᠠᠶᠢᠴᠠᠭᠠᠵᠤ ᠱᠠᠯᠠᠪᠳᠠᠭᠤᠯᠤᠨ ᠵᠢᠯᠤᠭᠤᠳᠤᠭᠰᠠᠨ ᠪᠠᠶᠢᠨ᠎ᠠ᠃      ᠪᠦᠷᠢᠨᠵᠢᠨ ᠨᠠᠷ ᠤᠷᠢᠳ ᠬᠤᠵᠢᠳ ᠰᠤᠷᠤᠭᠴᠢᠳ ᠢ ᠨᠠᠶᠢᠳᠠᠨ ᠬᠠᠮᠢᠶᠠᠷᠤᠭᠤᠯᠬᠤ ᠲᠥᠪ᠂  ᠢᠯᠢ ᠰᠦ ᠶᠢᠨ ᠦᠢᠯᠡᠰ᠂ ᠳ᠋ᠠ ᠲᠠᠩ ᠴᠠᠬᠢᠯᠭᠠᠨ  ᠦᠢᠯᠡᠳᠪᠦᠷᠢ ᠵᠡᠷᠭᠡ ᠦᠢᠯᠡᠳᠪᠦᠷᠢᠯᠡᠯ ᠡᠵᠡᠩᠨᠡᠯᠲᠡ ᠶᠢᠨ ᠭᠠᠵᠠᠷ ᠲᠤ ᠬᠦᠷᠴᠤ᠂ ᠬᠤᠭᠤᠯᠠᠨ ᠲᠢᠩᠬᠢᠮ᠂ ᠲᠣᠭᠤᠭᠠᠨ ᠭᠡᠷ᠂ ᠦᠢᠯᠡᠳᠪᠦᠷᠢᠯᠡᠯ ᠤᠨ ᠲᠠᠰᠤᠭ᠂ ᠲᠥᠪ ᠤᠨ ᠡᠵᠡᠮᠳᠡᠯ ᠤᠨ ᠲᠣᠬᠢᠷᠠᠭᠤᠯᠤᠯᠲᠠ ᠶᠢᠨ ᠲᠠᠰᠤᠭ ᠵᠡᠷᠭᠡ ᠭᠤᠣᠯᠳᠠᠯᠭ᠎ᠠ ᠲᠠᠢ ᠣᠷᠣᠨ ᠤ ᠣᠷᠴᠢᠨ ᠲᠣᠭᠤᠷᠢᠨ ᠤ ᠡᠷᠡᠭᠦᠯ ᠬᠠᠮᠠᠭᠠᠯᠠᠯ᠂ ᠭᠠᠯ ᠰᠡᠷᠭᠡᠶᠢᠯᠠᠨ ᠤᠨᠳᠠᠭᠠᠷᠠᠵᠤ ᠨᠡᠪᠲᠡᠷᠡᠬᠦ ᠵᠠᠮ ᠤᠨ ᠪᠠᠶᠢᠷᠢᠯᠠᠭᠤᠯᠤᠯᠲᠠ᠂ ᠭᠠᠯ ᠤᠨᠲᠠᠷᠠᠭᠠᠬᠤ ᠪᠠᠭᠠᠵᠢ ᠬᠡᠷᠡᠭᠰᠡᠯ ᠢ ᠪᠠᠶᠢᠴᠠᠭᠠᠨ ᠬᠠᠮᠠᠭᠠᠯᠠᠬᠤ᠂ ᠬᠡᠢ ᠬᠡᠷᠡᠭᠯᠡᠬᠦ ᠴᠠᠬᠢᠯᠭᠠᠨ ᠭᠡᠷᠡᠭᠯᠡᠬᠦ ᠶᠢᠨ ᠠᠮᠤᠷ ᠲᠦᠪᠰᠢᠨ ᠵᠡᠷᠭᠡ ᠪᠠᠶᠢᠳᠠᠯ ᠢ  ᠠᠬᠤᠢ ᠲᠠᠯᠡᠪᠡᠢ ᠳᠤᠨᠢ ᠪᠠᠶᠢᠴᠠᠭᠠᠵᠤ᠂ ᠠᠵᠤ ᠠᠬᠤᠶᠢᠯᠠᠯ ᠤᠨ ᠠᠮᠤᠷ ᠲᠦᠪᠰᠢᠨ ᠤ ᠬᠠᠮᠢᠶᠠᠷᠤᠯᠲᠠ᠂ ᠳᠦᠷᠢᠮ ᠤᠨ ᠬᠡᠷᠡᠭᠵᠢᠭᠦᠯᠦᠯᠲᠡ᠂ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠵᠡᠷᠭᠡ ᠪᠠᠶᠢᠳᠠᠯ ᠢ ᠨᠠᠷᠢᠨ ᠣᠶᠢᠯᠠᠭᠠᠵᠤ᠂  ᠪᠠᠶᠢᠴᠠᠭᠠᠵᠤ ᠢᠯᠡᠷᠡᠬᠦᠯᠦᠭᠰᠠᠨ ᠠᠮᠤᠷ ᠲᠦᠪᠰᠢᠨ ᠤ ᠳᠠᠯᠳᠠ ᠬᠡᠮ ᠳᠤ ᠴᠡᠭᠴᠡᠯᠡᠨ ᠰᠠᠶᠢᠵᠢᠷᠠᠭᠤᠯᠬᠤ ᠰᠠᠨᠠᠯ ᠳᠤᠷᠠᠳᠴᠤ᠂  ᠲᠤᠰᠢᠶᠠᠨ ᠥᠭᠴᠦ  ᠨᠠᠶᠢᠳᠡᠪᠤᠷᠢᠵᠢᠭᠤᠯᠤᠭᠰᠠᠨ ᠪᠠᠶᠢᠨ᠎ᠠ᠃      ᠪᠦᠷᠢᠨᠵᠢᠨ ᠴᠢᠬᠤᠯᠠᠴᠢᠯᠠᠭᠰᠠᠨ ᠨᠢ᠂ ᠠᠶᠤᠯᠭᠦᠢ ᠦᠢᠯᠡᠳᠪᠦᠷᠢᠯᠡᠯ ᠤᠨ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠮᠢᠨᠴᠦᠭᠦᠷᠡᠬᠦ ᠦᠵᠡᠯ ᠰᠠᠨᠠᠭ᠎ᠠ ᠪᠣᠯᠣᠨ ᠭᠤᠷᠢᠳᠠᠬᠤ ᠪᠤᠳᠤᠯ ᠢ ᠡᠷᠡᠰ ᠲᠡᠪᠴᠢᠵᠦ᠂ ᠴᠠᠭ ᠢᠮᠠᠭᠲᠠ ᠬᠠᠷᠢᠭᠤᠴᠠᠯᠭᠠᠲᠤ ᠰᠡᠳᠬᠢᠯᠭᠡ ᠪᠠᠷ ᠠᠶᠤᠯᠭᠦᠢ ᠦᠢᠯᠡᠳᠪᠦᠷᠢᠯᠡᠯ ᠤᠨ ᠡᠯ᠎ᠡ ᠵᠦᠢᠯ ᠤᠨ ᠠᠵᠢᠯ ᠢ ᠴᠢᠩᠭ᠎ᠠ ᠠᠳᠬᠤᠨ ᠪᠣᠳᠠᠲᠠᠢ ᠠᠳᠬᠤᠵᠤ᠂ ᠤᠯᠠᠨ ᠲᠦᠮᠡᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠦᠨᠡᠨᠬᠦ ᠬᠠᠮᠠᠭᠠᠯᠠᠬᠤ ᠬᠡᠷᠡᠭᠲᠡᠢ᠃ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠳᠦᠷᠢᠮ ᠪᠣᠯᠣᠨ ︽ᠭᠤᠷᠪᠠ ᠶᠢ ᠬᠠᠮᠢᠶᠠᠷᠴᠤ ᠭᠤᠷᠪᠠ ᠶᠢ ᠡᠷᠬᠡᠪᠰᠢ ᠰᠢᠢᠳᠪᠦᠷᠢᠯᠡᠬᠦ︾ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠨᠡᠭᠦᠷᠡᠰᠦᠨ ᠠᠭᠤᠷᠬᠠᠢ ᠶᠢᠨ ᠴᠠᠬᠢᠯᠭᠠᠨ ᠦᠢᠯᠡᠳᠪᠦᠷᠢ᠂ ᠠᠶᠤᠯᠲᠠᠢ ᠬᠢᠮᠢ ᠶᠢᠨ ᠪᠣᠳᠠᠰ ᠠᠶᠤᠯᠲᠠᠢ ᠳᠡᠯᠪᠡᠷᠡᠯᠲᠡ᠂ ᠠᠵᠤ ᠦᠢᠯᠡᠳᠪᠦᠷᠢ ᠠᠷᠠᠯᠵᠢᠶ᠎ᠠ ᠵᠡᠷᠭᠡ ᠭᠤᠣᠯᠳᠠᠯᠭ᠎ᠠ ᠲᠠᠢ ᠬᠦᠷᠢᠶ᠎ᠡ᠂ ︽ᠶᠢᠰᠦᠨ ᠪᠠᠭ᠎ᠠ ᠲᠠᠯᠠᠪᠤᠷ︾᠂ ᠢᠳᠡᠭᠡᠨ ᠤᠮᠳᠠᠭᠠᠨ ᠤ ᠠᠵᠤ ᠠᠬᠤᠶᠢᠯᠠᠯ᠂ ᠰᠤᠷᠭᠠᠨ ᠬᠥᠮᠦᠵᠢᠯ ᠤᠨ ᠲᠤᠰᠠᠯᠠᠬᠤ ᠪᠠᠶᠢᠭᠤᠯᠤᠮᠵᠢ ᠵᠡᠷᠭᠡ ᠬᠥᠮᠥᠨ ᠴᠤᠭᠯᠠᠷᠠᠳᠠᠭ ᠲᠠᠯᠠᠪᠤᠷ ᠢ ᠴᠢᠩᠭ᠎ᠠ ᠠᠩᠬᠠᠷᠴᠤ᠂ ᠭᠠᠯ ᠤᠨᠲᠠᠷᠠᠭᠠᠬᠤ᠂ ᠰᠢᠲᠠᠮᠠᠬᠠᠢ ᠬᠡᠢ ᠵᠡᠷᠭᠡ ᠶᠢ ᠲᠤᠰᠬᠠᠢ ᠴᠡᠭᠴᠡᠯᠡᠨ ᠵᠠᠰᠠᠬᠤ ᠪᠠ ᠪᠣᠭᠤᠮᠲᠠ ᠰᠢᠪᠲᠤᠯᠬᠤ ᠠᠵᠢᠯᠯᠠᠭ᠎ᠠ ᠶᠢ ᠯᠠᠪᠳᠠᠭᠤᠨ ᠪᠠᠲᠤᠲᠠᠢ ᠥᠷᠨᠢᠭᠦᠯᠵᠦ᠂ ᠭᠡᠮ ᠰᠣᠭᠤᠭ ᠤᠨ ᠠᠰᠠᠭᠤᠳᠠᠯ ᠢ ᠲᠡᠷᠡ ᠳᠠᠷᠤᠢ ᠳᠤᠨᠢ ᠥᠭᠡᠷᠡᠴᠢᠯᠡᠨ  ᠰᠠᠶᠢᠵᠢᠷᠠᠭᠤᠯᠬᠤ ᠬᠡᠷᠡᠭᠲᠡᠢ᠃ ᠢᠮᠠᠭᠲᠠ ᠲᠦᠪ ᠴᠢᠩᠭ᠎ᠠ ᠪᠠᠶᠢᠳᠠᠯ ᠢ ᠪᠠᠲᠤᠯᠠᠵᠤ ᠂ ᠠᠶᠤᠯᠭᠦᠢ ᠦᠢᠯᠡᠳᠪᠦᠷᠢᠯᠡᠯ ᠤᠨ ᠬᠢᠨᠠᠯᠲᠠ ᠪᠠᠶᠢᠴᠠᠭᠠᠯᠲᠠ ᠶᠢ ᠦᠷᠭᠦᠯᠵᠢᠯᠡᠨ ᠥᠷᠨᠢᠭᠦᠯᠵᠦ᠂ ᠦᠢᠯᠡᠳᠪᠦᠷᠢᠯᠡᠯ ᠡᠵᠡᠩᠨᠡᠯᠲᠡ ᠶᠢᠨ ᠲᠠᠯᠠᠪᠤᠷ ᠤᠨ ᠭᠠᠯ ᠤᠨᠲᠠᠷᠠᠭᠠᠬᠤ ᠲᠥᠬᠦᠭᠡᠷᠦᠮᠵᠢ ᠶᠢᠨ ᠡᠳᠦᠷ ᠲᠤᠳᠤᠮ ᠤᠨ ᠪᠠᠶᠢᠴᠠᠭᠠᠨ ᠬᠡᠮᠵᠢᠯᠲᠡ ᠶᠢ ᠴᠢᠩᠭᠠᠳᠬᠠᠵᠤ᠂ ᠭᠠᠯ ᠴᠠᠬᠢᠯᠭᠠᠨ ᠬᠡᠷᠡᠭᠯᠡᠬᠦ᠂ ᠦᠢᠯᠡᠳᠪᠦᠷᠢᠯᠡᠯ ᠪᠠᠷᠢᠯᠭ᠎ᠠ ᠶᠢᠨ ᠠᠮᠤᠷ ᠲᠦᠪᠰᠢᠨ ᠤ ᠬᠠᠮᠢᠶᠠᠷᠤᠯᠲᠠ ᠶᠢ ᠵᠢᠷᠤᠮᠵᠢᠭᠤᠯᠵᠤ᠂ ᠠᠵᠤ ᠠᠬᠤᠶᠢᠯᠠᠯ ᠤᠨ ᠪᠠᠶᠢᠩᠭᠤ ᠶᠢᠨ ᠴᠢᠨᠠᠷᠲᠠᠢ ᠭᠠᠯ ᠤᠨᠲᠠᠷᠠᠭᠠᠬᠤ ᠠᠮᠤᠷ ᠲᠦᠪᠰᠢᠨ ᠤ ᠪᠣᠯᠪᠠᠰᠤᠷᠠᠯ ᠪᠣᠯᠣᠨ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠰᠣᠷᠢᠯᠲᠠ ᠶᠢ ᠥᠷᠨᠢᠭᠦᠯᠬᠦ ᠶᠢ ᠱᠠᠯᠠᠪᠳᠠᠭᠤᠯᠵᠤ᠂ ᠠᠶᠤᠯᠭᠦᠢ ᠦᠢᠯᠡᠳᠪᠦᠷᠢᠯᠡᠯ ᠤᠨ ᠬᠤᠷᠢᠭ᠎ᠠ ᠱᠤᠭᠤᠮ ᠤᠨ ᠤᠯᠠᠭᠠᠨ ᠱᠤᠭᠤᠮ ᠢ ᠡᠷᠡᠰ ᠰᠠᠬᠢᠬᠤ ᠬᠡᠷᠡᠭᠲᠡᠢ᠃ ᠢᠳᠡᠭᠡᠨ ᠤ ᠠᠮᠤᠷ ᠲᠦᠪᠰᠢᠨ ᠤ ᠪᠣᠭᠤᠮᠲᠠ ᠶᠢ ᠴᠢᠩᠭ᠎ᠠ ᠠᠳᠬᠤᠵᠤ᠂ ︽ᠳᠥᠷᠪᠡᠨ ᠬᠠᠮᠤᠭ ᠤᠨ ᠴᠢᠩᠭ᠎ᠠ︾᠎ ᠶᠢᠨ ᠱᠠᠭᠠᠷᠳᠠᠯᠭ᠎ᠠ ᠶᠢ ᠡᠷᠡᠰ ᠨᠠᠶᠢᠳᠠᠪᠤᠷᠢᠵᠢᠭᠤᠯᠤᠨ᠂ ᠪᠥᠬᠦ ᠶᠠᠪᠤᠴᠠ ᠶᠢᠨ ᠢᠳᠡᠭᠡᠨ ᠤ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠠᠵᠢᠯ ᠢ ᠴᠢᠩᠭᠠᠳᠬᠠᠵᠤ᠂ ᠣᠯᠠᠨ ᠲᠦᠮᠡᠨ ᠤ ︽ᠢᠳᠡᠭᠡᠨ ᠤᠮᠳᠠᠭᠠᠨ ᠤ ᠠᠮᠤᠷ ᠲᠦᠪᠰᠢᠨ︾᠎ ᠢ ᠪᠥᠬᠦ ᠬᠦᠴᠦᠨ ᠢᠶᠠᠷ ᠢᠶᠠᠨ ᠰᠠᠬᠢᠨ ᠬᠠᠮᠠᠭᠠᠯᠠᠬᠤ ᠬᠡᠷᠡᠭᠲᠡᠢ ᠭᠡᠵᠡᠢ᠃      ᠰᠢᠯᠢ ᠶᠢᠨ ᠬᠤᠳᠠ ᠶᠢᠨ ᠤᠳᠤᠷᠢᠳᠤᠯᠭ᠎ᠠ ᠶᠠᠩ ᠵᠧᠨ᠂ ᠹᠠᠨ ᠰᠢᠶᠣᠣ ᠴᠦᠨ᠂ ᠬᠤᠳᠠ ᠶᠢᠨ ᠰᠢᠭᠤᠳ ᠬᠠᠷᠢᠶ᠎ᠠ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ᠂ ᠬᠠᠤᠯᠢ ᠬᠡᠷᠡᠭᠵᠢᠭᠦᠯᠬᠦ ᠠᠵᠢᠯᠲᠠᠨ ᠵᠢᠴᠢ ᠠᠶᠤᠯᠭᠦᠢ ᠦᠢᠯᠡᠳᠪᠦᠷᠢᠯᠡᠯ ᠤᠨ ᠬᠦᠷᠢᠶᠡᠨ ᠤ ᠲᠤᠰᠬᠠᠢ ᠮᠡᠷᠭᠡᠵᠢᠯᠲᠡᠨ ᠪᠠᠶᠢᠴᠠᠭᠠᠯᠲᠠ ᠳᠤ  ᠤᠷᠤᠯᠴᠠᠵᠠᠢ᠃       ᠲᠣᠭᠤᠷ ᠣᠷᠴᠢᠭᠤᠯᠣᠨ ᠨᠠᠶᠢᠷᠠᠭᠤᠯᠪᠠ᠃
 
ᠢᠷᠡᠯᠲᠡ᠄ ᠰᠢᠯᠢ ᠶᠢᠨ ᠬᠤᠲᠠ ᠶᠢᠨ ᠵᠠᠰᠠᠭ ᠤᠨ ᠶᠠᠪᠣᠳᠠᠯ ᠤᠨ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号