ᠰᠢᠯᠢ ᠶᠢᠨ ᠬᠤᠳᠠ ᠶᠢᠨ ᠨᠠᠮ ᠤᠨ ᠬᠤᠷᠢᠶᠠᠨ ᠤ ᠤᠨᠤᠯ ᠰᠤᠷᠤᠯᠴᠠᠬᠤ ᠭᠤᠣᠯ ᠳᠤᠭᠤᠶᠢᠯᠠᠩ 2024 ᠣᠨ ᠤ 7 ᠳ᠋ᠤᠭᠠᠷ  ᠤᠳᠠᠭᠠᠨ ᠤ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠵᠢᠴᠢ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠲᠤᠰᠬᠠᠢ ᠰᠡᠳᠦᠪᠲᠦ ᠲᠠᠶᠢᠯᠤᠮᠵᠢ ᠬᠢᠪᠡ
ᠨᠡᠶᠢᠲᠡᠯᠡᠭᠰᠡᠨ ᠴᠠᠭ᠄
2024/4/10
     4 ᠰᠠᠷ᠎ᠠ ᠶᠢᠨ 7 ᠎ ᠤ ᠡᠳᠦᠷ᠂  ᠰᠢᠯᠢ ᠶᠢᠨ ᠬᠤᠳᠠ ᠶᠢᠨ ᠨᠠᠮ ᠤᠨ  ᠬᠤᠷᠢᠶᠠᠨ ᠤ ᠤᠨᠤᠯ ᠰᠤᠷᠤᠯᠴᠠᠬᠤ ᠭᠤᠣᠯ ᠳᠤᠭᠤᠶᠢᠯᠠᠩ 2024 ᠣᠨ ᠤ 7 ᠳ᠋ᠤᠭᠠᠷ  ᠤᠳᠠᠭᠠᠨ ᠤ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠵᠢᠴᠢ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠲᠤᠰᠬᠠᠢ ᠰᠡᠳᠦᠪᠲᠦ ᠲᠠᠶᠢᠯᠤᠮᠵᠢ ᠬᠢᠭᠰᠡᠨ ᠪᠠᠶᠢᠨ᠎ᠠ᠃   ᠮᠡᠳᠡᠭᠡ ᠦᠵᠡᠭᠡᠷᠡᠢ᠃      ᠰᠢᠯᠢ ᠶᠢᠨ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠪᠦᠷᠢᠨᠵᠢᠨ ᠬᠤᠷᠠᠯ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠢ᠃      ᠬᠤᠷᠠᠯ ᠳᠤ᠂  ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ ᠭᠤᠣᠯ ᠰᠢᠵᠢᠮ ᠪᠣᠯᠭᠠᠵᠤ ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠤᠶ᠎ᠠ︾ ᠭᠡᠬᠦ ᠰᠡᠳᠦᠪ ᠢᠶᠠᠷ ᠰᠢ ᠶᠢᠨ ᠫᠢᠩ ᠶᠡᠷᠦᠩᠬᠡᠢ ᠱᠦᠵᠢ ᠶᠢᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭᠠᠨ ᠤ ᠪᠠᠶᠠᠯᠢᠭ ᠠᠭᠤᠯᠤᠭᠳᠠᠬᠤᠨ ᠢ ᠨᠠᠷᠢᠨ ᠲᠠᠶᠢᠯᠪᠤᠷᠢᠯᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠴᠠᠭ ᠦᠶ᠎ᠡ ᠶᠢᠨ ᠦᠨ᠎ᠡ ᠦᠷᠳᠡᠭ ᠢ ᠭᠦᠨᠵᠡᠭᠡᠢ ᠲᠠᠶᠢᠯᠪᠤᠷᠢᠯᠠᠭᠰᠠᠨ ᠪᠥᠭᠡᠳ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠪᠠᠷ ᠭᠤᠣᠯ ᠰᠢᠵᠢᠮ ᠪᠣᠯᠭᠠᠵᠤ ᠨᠠᠮ ᠤᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠪᠦᠬᠦ ᠲᠠᠯ᠎ᠠ ᠶᠢᠨ ᠲᠠᠶᠢᠯᠪᠤᠷᠢᠯᠠᠯᠲᠠ ᠬᠢᠭᠰᠡᠨ ᠪᠠᠶᠢᠨ᠎ᠠ᠃      ᠬᠤᠷᠠᠯ ᠠᠴᠠ ᠴᠢᠬᠤᠯᠠᠴᠢᠯᠠᠭᠰᠠᠨ ᠨᠢ᠂ ᠦᠨᠳᠦᠰᠦᠲᠡᠨ ᠤ ᠪᠦᠯᠬᠦᠮᠳᠡᠯ ᠪᠣᠯ ᠪᠦᠬᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠤ ᠠᠮᠢᠨ ᠰᠤᠳᠠᠰᠤ ᠮᠥᠨ᠂ ᠦᠨᠳᠦᠰᠦᠲᠡᠨ ᠨᠦᠭᠦᠳ ᠬᠠᠮᠲᠤ ᠪᠠᠷ ᠪᠦᠯᠬᠦᠮᠳᠡᠨ ᠳᠠᠪᠰᠢᠵᠤ᠂ ᠬᠠᠮᠲᠤ ᠪᠠᠷ ᠴᠡᠴᠡᠭᠯᠡᠨ ᠬᠥᠭᠵᠢᠬᠦ ᠪᠣᠯ ᠳᠤᠮᠳᠠᠳᠤ ᠶᠢᠨ ᠦᠨᠳᠦᠰᠦᠲᠡᠨ ᠤ ᠠᠮᠢ ᠨᠠᠰᠤ᠂ ᠬᠦᠴᠦᠨ ᠴᠢᠳᠠᠯ᠂ ᠬᠦᠰᠡᠯ ᠡᠷᠡᠮᠡᠯᠵᠡᠯ ᠮᠥᠨ᠃ ᠪᠦᠬᠦ ᠤᠯᠤᠰ ᠤᠨ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠵᠢᠱᠢᠶ᠎ᠡ ᠦᠵᠡᠭᠦᠯᠬᠦ ᠬᠤᠳᠠ ᠪᠣᠯᠤᠭᠰᠠᠨ ᠤ ᠬᠤᠪᠢ ᠳᠤ᠂ ᠪᠦᠬᠦ ᠬᠤᠳᠠ ᠎ ᠪᠠᠷ ᠢᠶᠠᠨ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ ᠡᠨᠡᠬᠦ ᠡᠷᠬᠢᠮ ᠳᠡᠭᠡᠳᠦ ᠢᠷᠠᠭᠤ ᠠᠯᠳᠠᠷ ᠢ ᠰᠠᠶᠢᠲᠤᠷ ᠬᠠᠮᠠᠭᠠᠯᠠᠵᠤ᠂ ᠬᠤᠭᠤᠴᠠᠭ᠎ᠠ ᠨᠢ ᠳᠦᠭᠦᠷᠦᠭᠰᠡᠨ ᠤ ᠲᠠᠷᠠᠭ᠎ᠠ ᠲᠠᠬᠢᠨ ᠰᠢᠯᠭᠠᠬᠤ ᠡᠯ᠎ᠡ ᠵᠦᠢᠯ ᠤᠨ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢ ᠢᠯᠡ ᠲᠥᠷᠥᠭᠳᠡᠯ ᠲᠠᠢ ᠪᠦᠲᠦᠮᠵᠢᠲᠡᠢ ᠠᠬᠢᠭᠤᠯᠵᠤ᠂ ᠢᠮᠠᠭᠲᠠ ᠪᠦᠬᠦ ᠬᠤᠳᠠ ᠶᠢᠨ ᠦᠨᠳᠦᠰᠦᠲᠡᠨ ᠨᠦᠭᠦᠳ ᠤᠨ ᠤᠯᠠᠨ ᠲᠦᠮᠡᠨ ᠢ ᠳᠠᠭᠠᠭᠤᠯᠬᠤ ︽ᠬᠠᠮᠲᠤᠪᠠᠷ ᠪᠦᠯᠬᠦᠮᠳᠡᠨ ᠲᠡᠮᠡᠴᠡᠵᠦ᠂ ᠬᠠᠮᠲᠤᠪᠠᠷ ᠴᠡᠴᠡᠭᠯᠡᠨ ᠬᠥᠭᠵᠢᠬᠦ︾ ᠲᠠᠯ᠎ᠠ ᠪᠠᠷ ᠨᠡᠩ ᠶᠡᠭᠡ ᠵᠢᠳᠬᠦᠯ ᠴᠢᠷᠮᠠᠶᠢᠯᠭ᠎ᠠ ᠶᠢ ᠢᠯᠡᠷᠡᠭᠦᠯᠵᠦ᠂ ᠨᠡᠩ ᠶᠡᠭᠡ ᠬᠠᠷᠢᠭᠤᠴᠠᠯᠭ᠎ᠠ ᠡᠭᠦᠷᠭᠡᠯᠡᠬᠦ ᠶᠢ ᠢᠯᠡᠷᠡᠭᠦᠯᠬᠦ ᠬᠡᠷᠡᠭᠲᠡᠢ ᠭᠡᠵᠡᠢ᠃      ᠰᠢᠯᠢ ᠶᠢᠨ ᠬᠤᠳᠠ ᠶᠢᠨ ᠨᠠᠮ ᠤᠨ ᠬᠤᠷᠢᠶᠠᠨ ᠤ ᠤᠨᠤᠯ ᠰᠤᠷᠤᠯᠴᠠᠬᠤ ᠭᠤᠣᠯ ᠳᠤᠭᠤᠶᠢᠯᠠᠩ ᠤᠨ ᠪᠦᠷᠢᠯᠳᠦᠭᠦᠨ᠂ ᠡᠯ᠎ᠡ ᠰᠤᠮᠤ ᠪᠠᠯᠭᠠᠰᠤ ᠮᠠᠯᠵᠢᠯ ᠤᠨ ᠲᠠᠯᠠᠪᠠᠢ᠂ ᠵᠡᠭᠡᠯᠢ ᠭᠤᠳᠤᠮᠵᠢ ᠶᠢᠨ ᠨᠠᠮ ︵ᠠᠵᠢᠯᠴᠢᠨ︶᠎ ᠤᠨ  ᠵᠦᠪᠯᠡᠯ ᠤᠨ ᠱᠦᠵᠢ᠂  ᠰᠢᠯᠢ ᠶᠢᠨ ᠬᠤᠳᠠ ᠶᠢᠨ ᠰᠢᠭᠤᠳ ᠬᠠᠷᠢᠶ᠎ᠠ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠭᠤᠣᠯ ᠬᠠᠷᠢᠭᠤᠴᠠᠯᠭᠠᠲᠠᠨ ᠵᠢᠴᠢ ᠪᠦᠬᠦ ᠬᠤᠳᠠ ᠶᠢᠨ ᠦᠨᠳᠦᠰᠦᠨ ᠱᠠᠲᠤᠨ ᠤ ᠤᠨᠤᠯ ᠤᠨ ᠤᠬᠠᠭᠤᠯᠤᠨ ᠲᠠᠶᠢᠯᠪᠤᠷᠢᠯᠠᠭᠴᠢ ᠬᠤᠷᠠᠯ ᠳᠤ  ᠤᠷᠤᠯᠴᠠᠵᠠᠢ᠃      ᠲᠣᠭᠤᠷ ᠣᠷᠴᠢᠭᠤᠯᠣᠨ ᠨᠠᠶᠢᠷᠠᠭᠤᠯᠪᠠ᠃
 
ᠢᠷᠡᠯᠲᠡ᠄ ᠰᠢᠯᠢ ᠶᠢᠨ ᠬᠤᠲᠠ ᠶᠢᠨ ᠵᠠᠰᠠᠭ ᠤᠨ ᠶᠠᠪᠣᠳᠠᠯ ᠤᠨ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号