4 ᠰᠠᠷ᠎ᠠ ᠶᠢᠨ 1 ᠤ ᠡᠳᠦᠷ᠂ ᠰᠢᠯᠢ ᠶᠢᠨ ᠬᠤᠳᠠ ᠪᠦᠬᠦ ᠬᠤᠳᠠ ᠶᠢᠨ ᠨᠠᠮ ᠤᠨ ᠪᠠᠶᠢᠭᠤᠯᠤᠯᠲᠠ ᠶᠢᠨ | ᠠᠵᠢᠯ ᠤᠨ ᠬᠤᠷᠠᠯ ᠵᠢᠴᠢ ᠵᠣᠬᠢᠶᠠᠨ ᠪᠠᠶᠢᠭᠤᠯᠬᠤ᠂ ᠤᠬᠠᠭᠤᠯᠬᠤ᠂ ᠨᠢᠭᠡᠳᠦᠮᠡᠯ ᠹᠷᠣᠨᠲ᠂ ᠤᠯᠠᠨ ᠲᠦᠮᠡᠨ ᠤ | ᠪᠦᠯᠬᠦᠮ ᠤᠨ ᠠᠵᠢᠯ ᠤᠨ ᠬᠤᠷᠠᠯ ᠢ ᠬᠤᠷᠠᠯᠳᠤᠭᠤᠯᠤᠭᠰᠠᠨ ᠪᠠᠶᠢᠨ᠎ᠠ᠃ | ᠰᠢᠯᠢ ᠶᠢᠨ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ ᠸᠠᠩ ᠰᠢᠸ ᠬᠠᠢ ᠬᠤᠷᠠᠯ ᠡᠷᠭᠢᠯᠡᠭᠰᠡᠨ | ᠪᠥᠭᠡᠳ ᠶᠠᠷᠢᠶ᠎ᠠ ᠲᠠᠯᠪᠢᠵᠠᠢ᠃ ᠰᠢᠯᠢ ᠶᠢᠨ ᠬᠤᠲᠠ ᠶᠢᠨ ᠤᠳᠤᠷᠢᠳᠤᠯᠭ᠎ᠠ ᠯᠢ ᠰᠢᠸ ᠵᠢᠶᠠᠩ᠂ ᠭᠦᠸᠧ ᠵᠢᠩ ᠵᠢᠤᠸᠠᠨ | ᠂ ᠯᠦ ᡁᠢ ᠮᠢᠨ ᠬᠤᠷᠠᠯ ᠳᠤ ᠣᠷᠣᠯᠴᠠᠭᠰᠠᠨ ᠪᠥᠭᠡᠳ ᠬᠤᠪᠢᠳᠠᠨ ᠬᠠᠮᠢᠶᠠᠷᠴᠤ ᠪᠠᠶᠢᠭ᠎ᠠ ᠠᠵᠢᠯ ᠢᠶᠠᠨ | ᠲᠣᠬᠢᠷᠠᠭᠤᠯᠤᠨ ᠪᠠᠶᠢᠷᠢᠯᠠᠭᠤᠯᠵᠠᠢ᠃ | | ᠬᠤᠷᠠᠯ ᠠᠴᠠ ᠴᠢᠬᠤᠯᠠᠴᠢᠯᠠᠭᠰᠠᠨ ᠨᠢ᠂ ᠡᠨᠡ ᠵᠢᠯ ᠪᠣᠯ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ | ᠪᠠᠶᠢᠭᠤᠯᠤᠭᠳᠠᠭᠰᠠᠨ 75 ᠵᠢᠯ ᠤᠨ ᠣᠶ ᠪᠤᠯᠤᠨ᠎ᠠ᠂ ᠠᠷᠪᠠᠨ ᠳᠥᠷᠪᠡᠳᠦᠭᠡᠷ ᠲᠠᠪᠤᠨ ᠵᠢᠯ ᠤᠨ | ᠲᠥᠯᠦᠪᠵᠢᠭᠦᠯᠭᠡ ᠶᠢᠨ ᠬᠠᠷᠠᠯᠲᠠ ᠡᠭᠦᠷᠭᠡ ᠶᠢ ᠪᠡᠶᠡᠯᠡᠭᠦᠯᠬᠦ ᠵᠠᠩᠭᠢᠯᠠᠭ᠎ᠠ ᠶᠢᠨ ᠨᠢᠭᠡ ᠵᠢᠯ ᠮᠥᠨ᠂ ᠪᠦᠬᠦ ᠬᠤᠲᠠ ᠶᠢᠨ | ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ | ᠤᠯᠤᠰ ᠲᠥᠷᠥ ᠶᠢᠨ ᠬᠠᠷᠢᠭᠤᠴᠠᠯᠭᠠᠲᠤ ᠰᠡᠳᠬᠢᠯᠭᠡ ᠪᠠᠨ ᠴᠢᠩᠭᠠᠳᠬᠠᠵᠤ᠂ ᠰᠢ ᠶᠢᠨ ᠫᠢᠩ ᠶᠡᠷᠦᠩᠬᠡᠢ ᠱᠦᠵᠢ ᠶᠢᠨ | ᠥᠪᠥᠷ ᠮᠣᠩᠭᠤᠯ ᠳᠤ ᠲᠤᠰᠢᠶᠠᠭᠰᠠᠨ ᠬᠤᠶᠠᠷ ᠶᠡᠭᠡ ᠶᠠᠪᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠨᠠᠮ ᠤᠨ | ᠪᠠᠶᠢᠭᠤᠯᠤᠯᠲᠠ ᠶᠢᠨ ᠠᠵᠢᠯ ᠤᠨ ︽ᠭᠤᠣᠯᠳᠠᠯᠭ᠎ᠠ ᠶᠢᠨ ᠲᠣᠭᠤᠷᠢᠨ ᠳᠤ᠂ ᠶᠡᠭᠡ ᠲᠠᠯ᠎ᠠ ᠳᠤ ᠦᠢᠯᠡᠴᠢᠯᠡᠬᠦ︾ ᠶᠢᠨ | ᠭᠠᠷᠳᠠᠬᠤ ᠴᠡᠭ ᠪᠣᠯᠣᠨ ᠤᠶᠠᠯᠳᠤᠯ ᠤᠨ ᠴᠡᠭ ᠢ ᠣᠨᠣᠪᠴᠢᠲᠠᠢ ᠡᠷᠢᠵᠦ᠂ ᠬᠠᠷᠠᠯᠲᠠ ᠡᠭᠦᠷᠭᠡ ᠪᠠᠨ ᠲᠣᠳᠣᠷᠬᠠᠶᠢᠯᠠᠵᠤ | ᠂ ᠡᠭᠦᠷᠭᠡ ᠬᠠᠷᠢᠭᠤᠴᠠᠯᠭ᠎ᠠ ᠪᠠᠨ ᠢᠳᠡᠪᠬᠢᠲᠡᠢ ᠭᠦᠢᠴᠡᠳᠬᠡᠵᠦ᠂ ᠡᠭᠦᠷᠭᠡ ᠪᠠᠨ ᠡᠭᠦᠷᠭᠡᠯᠡᠨ ᠵᠢᠳᠬᠦᠯ ᠭᠠᠷᠭᠠᠵᠤ᠂ | ᠪᠦᠬᠦ ᠬᠤᠳᠠ ᠶᠢᠨ ᠵᠣᠬᠢᠶᠠᠨ ᠪᠠᠶᠢᠭᠤᠯᠬᠤ᠂ ᠤᠬᠠᠭᠤᠯᠬᠤ᠂ ᠨᠢᠭᠡᠳᠦᠮᠡᠯ ᠹᠷᠣᠨᠲ᠂ ᠤᠯᠠᠨ ᠲᠦᠮᠡᠨ ᠤ ᠪᠦᠯᠬᠦᠮ ᠤᠨ | ᠠᠵᠢᠯ ᠢ ᠲᠠᠬᠢᠨ ᠰᠢᠨ᠎ᠡ ᠳᠡᠭᠲᠡᠷ ᠲᠤ ᠭᠠᠷᠭᠠᠬᠤ ᠶᠢ ᠠᠬᠢᠭᠤᠯᠵᠤ᠂ ᠪᠦᠬᠦ ᠬᠤᠳᠠ ᠶᠢᠨ ᠠᠵᠤ ᠠᠬᠤᠢ ᠨᠡᠶᠢᠭᠡᠮ ᠤᠨ | ᠡᠷᠡᠭᠦᠯ ᠢᠶᠠᠷ ᠬᠥᠭᠵᠢᠬᠦ ᠳᠤ ᠪᠠᠲᠤ ᠴᠢᠩᠭ᠎ᠠ ᠪᠠᠲᠤᠯᠠᠭ᠎ᠠ ᠬᠠᠩᠭᠠᠵᠤ᠂ ᠬᠦᠴᠦᠷᠬᠡᠭ ᠶᠡᠭᠡ ᠬᠠᠮᠲᠤᠷᠠᠯ ᠤᠨ ᠬᠦᠴᠦᠨ ᠢ | ᠨᠢᠭᠲᠠᠷᠠᠭᠤᠯᠬᠤ ᠬᠡᠷᠡᠭᠲᠡᠢ ᠭᠡᠵᠡᠢ᠃ | | ᠰᠢᠯᠢ ᠶᠢᠨ ᠬᠤᠳᠠ ᠶᠢᠨ ᠰᠢᠭᠤᠳ ᠬᠠᠷᠢᠶ᠎ᠠ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠭᠤᠣᠯ | ᠬᠠᠷᠢᠭᠤᠴᠠᠯᠭᠠᠲᠠᠨ᠂ ᠡᠯ᠎ᠡ ᠰᠤᠮᠤ ᠪᠠᠯᠭᠠᠰᠤ ᠮᠠᠯᠵᠢᠯ ᠤᠨ ᠲᠠᠯᠠᠪᠠᠢ᠂ ᠵᠡᠭᠡᠯᠢ ᠭᠤᠳᠤᠮᠵᠢ ᠶᠢᠨ ᠨᠠᠮ ᠤᠨ | ᠬᠤᠷᠢᠶ᠎ᠠ︵ᠨᠠᠮ ᠤᠨ ᠠᠵᠢᠯᠯᠠᠬᠤ ᠵᠦᠪᠯᠡᠯ︶ ᠤᠨ ᠱᠦᠵᠢ᠂ ᠵᠣᠬᠢᠶᠠᠨ ᠪᠠᠶᠢᠭᠤᠯᠬᠤ ᠤᠬᠠᠭᠤᠯᠬᠤ ᠨᠢᠭᠡᠳᠦᠮᠡᠯ | ᠹᠷᠣᠨᠲ ᠤᠨ ᠭᠡᠰᠢᠭᠦᠨ᠂ ᠤᠯᠠᠨ ᠲᠦᠮᠡᠨ ᠤ ᠪᠦᠯᠬᠦᠮ ᠤᠨ ᠰᠠᠯᠠᠭ᠎ᠠ ᠮᠥᠴᠢᠷ ᠤᠨ ᠤᠳᠤᠷᠢᠳᠬᠤ ᠪᠠᠭ ᠤᠨ | ᠪᠦᠷᠢᠯᠳᠦᠭᠦᠨ ᠬᠤᠷᠠᠯ ᠳᠤ ᠤᠷᠤᠯᠴᠠᠵᠠᠢ᠃ | |