ᠰᠢᠯᠢ ᠶᠢᠨ ᠬᠤᠳᠠ ᠬᠤᠶᠠᠳᠤᠭᠠᠷ ᠬᠤᠭᠤᠴᠠᠭᠠᠨ ᠤ  ︽ᠤᠩᠰᠢᠯᠭ᠎ᠠ ᠨᠢ ᠦᠰᠦᠨ ᠪᠤᠶᠢᠵᠢᠯᠳᠠ ᠶᠢ ᠠᠬᠢᠭᠤᠯᠵᠤ ᠨᠤᠮ ᠤᠨ ᠪᠤᠶᠠᠨ ᠲᠠᠯ᠎ᠠ ᠨᠤᠳᠤᠭ ᠢ ᠰᠢᠮᠡᠵᠢᠬᠦᠯᠦᠨ᠎ᠠ︾  ᠭᠡᠮᠡᠬᠦ ᠨᠣᠮ  ᠲᠠᠶᠢᠯᠪᠤᠷᠢᠯᠠᠭᠴᠢ ᠎ ᠶᠢᠨ ᠤᠷᠤᠯᠳᠤᠭᠠᠨ  ᠶᠠᠪᠤᠭᠳᠠᠭᠤᠯᠪᠠ
ᠨᠡᠶᠢᠲᠡᠯᠡᠭᠰᠡᠨ ᠴᠠᠭ᠄
2024/4/10
     3 ᠰᠠᠷ᠎ᠠ ᠶᠢᠨ 29 ᠎ ᠤ ᠡᠳᠦᠷ᠂  ᠰᠢᠯᠢ ᠶᠢᠨ ᠬᠤᠳᠠ ᠶᠢᠨ ᠬᠤᠶᠠᠳᠤᠭᠠᠷ ᠬᠤᠭᠤᠴᠠᠭᠠᠨ ᠤ  ︽ᠤᠩᠰᠢᠯᠭ᠎ᠠ ᠎ ᠨᠢ ᠦᠰᠦᠨ ᠪᠤᠶᠢᠵᠢᠯᠳᠠ ᠶᠢ ᠠᠬᠢᠭᠤᠯᠵᠤ ᠨᠤᠮ ᠤᠨ ᠪᠤᠶᠠᠨ ᠲᠠᠯ᠎ᠠ ᠨᠤᠳᠤᠭ ᠢ ᠰᠢᠮᠡᠵᠢᠬᠦᠯᠦᠨ᠎ᠠ︾  ᠭᠡᠮᠡᠬᠦ ᠨᠣᠮ ᠤᠨ ᠲᠠᠶᠢᠯᠪᠤᠷᠢᠯᠠᠭᠴᠢ ᠶᠢᠨ ᠤᠷᠤᠯᠳᠤᠭᠠᠨ  ᠶᠠᠪᠤᠭᠳᠠᠭᠤᠯᠤᠭᠰᠠᠨ ᠪᠠᠶᠢᠨ᠎ᠠ᠃      ᠤᠷᠤᠯᠳᠤᠭᠠᠨ ᠳᠤ ᠣᠷᠣᠯᠴᠠᠭᠰᠠᠳ ᠢᠲᠡᠭᠡᠯ ᠳᠦᠭᠦᠷᠡᠩ ᠢᠶᠠᠷ ᠡᠷᠲᠡᠨ ᠡᠳᠦᠭᠡ ᠳᠣᠲᠣᠭᠠᠳᠤ ᠭᠠᠳᠠᠭᠠᠳᠤ ᠶᠢᠨ ᠲᠡᠤᠭᠡ ᠨᠠᠮᠲᠠᠷ᠂ ᠲᠤᠮᠳᠠᠳᠤ ᠶᠢᠨ ᠬᠤᠪᠢᠰᠬᠠᠯ ᠤᠨ ᠶᠠᠪᠤᠴᠨ ᠦᠯᠢᠬᠡᠷ ᠵᠡᠷᠭᠡ ᠶᠢ ᠲᠤᠰ ᠲᠤᠰ ᠤᠨ ᠦᠪᠡᠷᠮᠢᠴᠨ ᠤᠨᠴᠠᠯᠢᠭ ᠰᠢᠨᠵᠢ ᠲᠠᠢ ᠲᠠᠶᠢᠯᠪᠤᠷᠢᠯᠠᠨ ᠶᠠᠷᠢᠵᠤ ᠰᠤᠨᠤᠰᠤᠭᠴᠢ ᠪᠦᠬᠦᠨ ᠤ ᠪᠠᠭ᠋ᠠᠷᠤᠯ ᠢ ᠲᠠᠳᠠᠵᠤ ᠪᠠᠶᠢᠯ᠎ᠠ᠃      ᠰᠢᠯᠢ ᠶᠢᠨ ᠬᠤᠳᠠ ᠶᠢᠨ ᠶᠢᠰᠦᠳᠦᠭᠡᠷ ᠪᠠᠭ᠎ᠠ ᠰᠤᠷᠭᠠᠭᠤᠯᠢ ᠶᠢᠨ ᠰᠤᠷᠤᠭᠴᠢ ᠶᠠᠩ ᠵᠢᠶᠠ ᠨᠢ ᠄  ᠨᠣᠮ ᠤᠩᠰᠢᠬᠤ ᠨᠢ ᠮᠢᠨᠤ ᠮᠡᠳᠡᠯᠭᠡ ᠮᠡᠳᠡᠴᠨ ᠶᠢ ᠨᠡᠮᠡᠭᠳᠡᠭᠦᠯᠬᠦ ᠎ ᠪᠠᠷ ᠪᠠᠷᠠᠬᠤ ᠦᠭᠡᠢ ᠪᠢᠳᠠᠨ ᠤ ᠠᠮᠢᠳᠤᠷᠠᠯ ᠢ ᠴᠤ ᠬᠢᠵᠠᠭᠠᠯᠠᠰᠢ ᠦᠭᠡᠢ ᠪᠠᠶᠠᠷ ᠪᠠᠭ᠋ᠠᠳᠤᠯ ᠲᠠᠢ ᠪᠤᠯᠭᠠᠵᠤ᠂ ᠬᠡᠵᠢᠶᠡᠳᠡ ᠨᠢᠭᠡᠨ ᠬᠡᠷᠡᠯᠳᠦ ᠴᠠᠮᠬᠠᠭ ᠰᠢᠭ᠋  ᠨᠠᠳᠠ ᠳᠤ ᠤᠷᠤᠭᠰᠢᠯᠠᠬᠤ ᠵᠠᠮ ᠢ ᠵᠢᠭᠠᠵᠤ ᠥᠭᠲᠡᠭ᠃      ᠤᠷᠤᠯᠳᠤᠭᠠᠨ ᠤ ᠪᠦᠬᠦᠶᠢᠯᠨ ᠶᠠᠪᠤᠴᠨ ᠪᠠᠷ ᠳᠠᠮᠵᠢᠭᠠᠳ᠂ ᠲᠣᠰ ᠬᠤᠭᠤᠴᠠᠭᠠᠨ ᠤ ︽ᠤᠩᠰᠢᠯᠭ᠎ᠠ ᠨᠢ ᠦᠰᠦᠨ ᠪᠤᠶᠢᠵᠢᠯᠳᠠ ᠶᠢ ᠠᠬᠢᠭᠤᠯᠵᠤ ᠨᠤᠮ ᠤᠨ ᠪᠤᠶᠠᠨ ᠲᠠᠯ᠎ᠠ ᠨᠤᠳᠤᠭ ᠢ ᠰᠢᠮᠡᠵᠢᠬᠦᠯᠦᠨ᠎ᠠ︾ ᠭᠡᠮᠡᠬᠦ ᠨᠤᠮ ᠲᠠᠶᠢᠯᠪᠤᠷᠢᠯᠠᠭᠴᠢ ᠶᠢᠨ  ᠤᠷᠤᠯᠳᠤᠭᠠᠨ ᠤ ᠨᠢᠭᠡᠳᠦᠭᠡᠷ᠂ ᠬᠤᠶᠠᠳᠤᠭᠠᠷ᠂ ᠭᠤᠷᠪᠠᠳᠤᠭᠠᠷ  ᠨᠠᠷᠠᠰ᠂ ᠰᠢᠯᠢᠳᠡᠭ ᠱᠠᠩᠨᠠᠯ ᠬᠦᠷᠳᠡᠭᠰᠠᠳ ᠢ ᠰᠢᠯᠭᠠᠷᠠᠭᠤᠯᠤᠨ ᠭᠠᠷᠭᠠᠵᠤ  ᠂  ᠠᠬᠤᠢ ᠲᠠᠯᠡᠪᠡᠢ ᠳᠤ ᠪᠢᠴᠢᠭ  ᠎ ᠤᠨ ᠰᠤᠷᠪᠤᠯᠵᠢᠳᠤ  ᠪᠠᠭᠰᠢ᠂  ᠭᠡᠷ ᠪᠦᠯᠢ᠂ ᠠᠩᠭᠢ᠂  ᠰᠤᠷᠭᠠᠭᠤᠯᠢ ᠶᠢᠨ ᠬᠦᠷᠢᠶᠡᠨ ᠤ ᠢᠷᠠᠭᠤ ᠠᠯᠳᠠᠷ ᠢ ᠭᠥᠷᠳᠡᠭᠰᠡᠨ ᠬᠤᠪᠢ ᠬᠥᠮᠥᠨ ᠪᠠ ᠬᠠᠮᠲᠤ ᠨᠡᠶᠢᠲᠡ ᠎ ᠢ ᠱᠠᠩᠨᠠᠨ ᠬᠦᠭᠢᠬᠦᠯᠵᠠᠢ᠃      ᠰᠢᠯᠢ ᠶᠢᠨ ᠬᠤᠳᠠ ᠶᠢᠨ ᠲᠤᠷᠰᠢᠯᠲᠠ ᠶᠢᠨ ᠬᠤᠶᠠᠳᠤᠭᠠᠷ ᠪᠠᠭ᠎ᠠ ᠰᠤᠷᠭᠠᠭᠤᠯᠢ ᠶᠢᠨ ᠪᠠᠭᠰᠢ ᠰᠤᠯᠤᠩᠭ᠎ᠠ᠄ ᠪᠢᠴᠢᠭ ᠤᠨ ᠰᠤᠷᠪᠤᠯᠵᠢᠲᠤ ᠪᠠᠭᠰᠢ ᠶᠢᠨ ᠢᠷᠠᠭᠤ ᠠᠯᠳᠠᠷ ᠢ ᠭᠥᠷᠳᠡᠭᠰᠡᠨ ᠳᠡᠭᠡᠨ ᠪᠢ ᠮᠠᠰᠢ ᠠᠵᠠᠲᠠᠢ ᠰᠠᠨᠠᠭᠳᠠᠵᠤ ᠪᠠᠶᠢᠨ᠎ᠠ᠂ ᠮᠢᠨᠤ ᠦᠵᠡᠬᠦ ᠪᠠᠷ ᠨᠣᠮ ᠤᠩᠰᠢᠬᠤ ᠶᠢᠨ ᠬᠠᠮᠤᠭ  ᠰᠣᠨᠢᠷᠬᠠᠯᠲᠠᠢ ᠲᠠᠯ᠎ᠠ‌‍ᠭᠡᠪᠡᠯ   ᠨᠤᠮ ᠤᠩᠰᠢᠭᠰᠠᠨ ᠲᠦᠷᠦᠭᠳᠡᠯ ᠪᠤᠯᠤᠨ ᠦᠪᠡᠷ ᠤᠨ ᠥᠩᠭᠡᠷᠡᠯᠲᠡ  ᠠᠳᠠᠯᠢᠬᠠᠨ ᠪᠠᠶᠢᠵᠤ᠂ ᠠᠮᠢᠳᠤᠷᠠᠯ  ᠲᠤᠮᠳᠠ ᠡᠭᠦᠰᠦᠭᠰᠡᠨ ᠵᠠᠷᠢᠮ ᠵᠤᠶᠢᠯᠡᠰ ᠲᠠᠢ ᠨᠡᠶᠢᠯᠡᠭᠡᠳ ᠨᠢᠭᠡᠨ ᠠᠯᠤᠰ ᠬᠤᠯᠠ ᠶᠢᠨ ᠤᠳᠤᠨ ᠣᠷᠣᠨ ᠪᠣᠯᠵᠤ ᠴᠠᠭ ᠢᠮᠠᠭᠲᠠ ᠪᠢᠳᠡᠨ ᠢ ᠬᠦᠨᠳᠡᠵᠤ ᠪᠠᠶᠢᠳᠠᠭ ᠲᠤ ᠣᠷᠣᠰᠢᠨ᠎ᠠ᠃        ᠣᠶᠢᠷ᠎ᠠ ᠶᠢᠨ ᠵᠢᠯ ᠳᠤ᠂  ᠰᠢᠯᠢ ᠶᠢᠨ ᠬᠤᠳᠠ ᠦᠷᠭᠦᠯᠵᠢᠯᠡᠨ ︽ᠤᠩᠰᠢᠯᠭ᠎ᠠ ᠨᠢ ᠦᠰᠦᠨ ᠪᠤᠶᠢᠵᠢᠯᠳᠠ ᠶᠢ ᠠᠬᠢᠭᠤᠯᠵᠤ ᠨᠤᠮ ᠤᠨ ᠪᠤᠶᠠᠨ ᠲᠠᠯ᠎ᠠ ᠨᠤᠳᠤᠭ ᠢ ᠰᠢᠮᠡᠵᠢᠬᠦᠯᠦᠨ᠎ᠠ︾ ᠰᠤᠷᠭᠠᠨ ᠬᠥᠮᠦᠵᠢᠯ ᠤᠨ ᠨᠡᠷᠡᠲᠦ ᠲᠡᠮᠳᠡᠭ ᠤᠨ ᠪᠦᠲᠦᠭᠡᠨ ᠪᠠᠶᠢᠭᠤᠯᠤᠯᠲᠠ ᠳᠤ ᠠᠩᠬᠠᠷᠤᠯ ᠢᠶᠠᠨ ᠲᠥᠪᠯᠡᠷᠡᠭᠦᠯᠵᠦ᠂ ᠲᠤᠰ ᠠᠵᠢᠯᠯᠠᠭ᠎ᠠ ᠪᠠᠷ ᠵᠢᠯᠣᠭᠤᠳᠤᠮᠵᠢ ᠪᠣᠯᠭᠠᠵᠤ ᠂ ᠭᠡᠷ ᠪᠦᠯᠢ ᠶᠢᠨ ᠤᠩᠰᠢᠯᠭ᠎ᠠ᠂ ᠪᠠᠭᠰᠢ ᠶᠢᠨ ᠤᠩᠰᠢᠯᠭ᠎ᠠ᠂ ᠰᠤᠷᠤᠭᠴᠢ ᠶᠢᠨ ᠤᠩᠰᠢᠯᠭ᠎ᠠ ᠭᠤᠷᠪᠠ ᠶᠢ ᠨᠢᠭᠡ ᠴᠣᠭᠴᠠᠵᠢᠭᠤᠯᠬᠤ ᠪᠠᠷ ᠵᠠᠷᠴᠢᠮ  ᠪᠤᠯᠭᠠᠭᠰᠠᠨ ᠡᠯ᠎ᠡ ᠲᠥᠷᠥᠯ ᠤᠨ ᠨᠣᠮ ᠤᠩᠰᠢᠬᠤ ᠠᠵᠢᠯᠯᠠᠭ᠎ᠠ ᠶᠢ ᠢᠳᠡᠪᠬᠢᠲᠡᠢ ᠥᠷᠨᠢᠭᠦᠯᠵᠦ᠂ ᠪᠦᠬᠦ ᠠᠷᠠᠳ ᠢᠶᠠᠷ ᠢᠶᠠᠨ ᠨᠣᠮ ᠤᠩᠰᠢᠬᠤ ᠶᠢ ᠠᠬᠢᠭᠤᠯᠵᠤ᠂ ᠪᠦᠬᠦ ᠬᠤᠳᠠ ᠶᠢᠨ ᠡᠯ᠎ᠡ ᠳᠤᠮᠳᠠᠳᠤ ᠪᠠᠭ᠎ᠠ ᠰᠤᠷᠭᠠᠭᠤᠯᠢ ᠶᠢᠨ ᠨᠤᠮ ᠤᠩᠰᠢᠭᠰᠠᠨ ᠲᠦᠷᠦᠭᠳᠡᠯ ᠢᠶᠠᠨ ᠬᠤᠪᠢᠶᠠᠯᠴᠠᠬᠤ᠂ ᠬᠠᠮᠲᠤ ᠪᠠᠷ ᠨᠤᠮ ᠤᠩᠰᠢᠬᠤ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠤᠨ᠂  ᠭᠡᠷ ᠪᠦᠯᠢ ᠭᠡᠤᠭᠡᠳ ᠪᠠᠭᠠᠴᠤᠤᠯ ᠵᠠᠯᠠᠭᠤᠴᠤᠳ ᠢ ᠬᠥᠲᠥᠯᠥᠨ ᠵᠢᠯᠤᠭᠤᠳᠴᠤ  ᠨᠡᠶᠢᠭᠡᠮ ᠵᠢᠷᠤᠮ ᠤᠨ ᠭᠤᠣᠯᠯᠠᠭᠴᠢ ᠦᠷᠳᠡᠭ ᠤᠨ ᠦᠵᠡᠯᠲᠡ ᠶᠢ ᠦᠢᠯᠡᠳᠦᠯᠭᠡᠵᠢᠭᠦᠯᠵᠦ᠂ ᠳᠤᠮᠳᠠᠳᠤ ᠶᠢᠨ ᠤᠯᠠᠮᠵᠢᠯᠠᠯᠲᠤ ᠰᠣᠶᠣᠯ  ᠪᠤᠯᠤᠨ ᠰᠢᠯᠢᠳᠡᠭ ᠰᠠᠶᠢᠨ ᠭᠡᠷ ᠤᠨ ᠰᠤᠷᠲᠠᠯ ᠢ  ᠤᠯᠠᠮᠵᠢᠯᠠᠬᠤ ᠪᠠᠷ ᠴᠢᠷᠮᠠᠶᠢᠵᠤ ᠪᠠᠶᠢᠨ᠎ᠠ᠃      ᠲᠣᠭᠤᠷ ᠣᠷᠴᠢᠭᠤᠯᠣᠨ ᠨᠠᠶᠢᠷᠠᠭᠤᠯᠪᠠ᠃
 
ᠢᠷᠡᠯᠲᠡ᠄ ᠰᠢᠯᠢ ᠶᠢᠨ ᠬᠤᠲᠠ ᠶᠢᠨ ᠵᠠᠰᠠᠭ ᠤᠨ ᠶᠠᠪᠣᠳᠠᠯ ᠤᠨ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号