3 ᠰᠠᠷ᠎ᠠ ᠶᠢᠨ 20 ᠤ ᠡᠳᠦᠷ᠂ ᠰᠢᠯᠢ ᠶᠢᠨ ᠬᠤᠳᠠ ︽ᠨᠠᠮ ᠤᠨ ᠠᠴᠢ ᠳᠤ ᠲᠠᠯᠠᠷᠬᠠᠵᠤ᠂ ᠨᠠᠮ ᠤᠨ | ᠦᠭᠡ ᠶᠢ ᠰᠣᠨᠣᠰᠬᠤ᠂ ᠨᠠᠮ ᠢᠶᠠᠨ ᠳᠠᠭᠠᠬᠤ︾ ᠤᠯᠠᠨ ᠲᠦᠮᠡᠨ ᠤ ᠬᠥᠮᠦᠵᠢᠯ ᠦᠢᠯᠡᠳᠦᠯᠭᠡ ᠶᠢᠨ ᠠᠵᠢᠯᠯᠠᠭ᠎ᠠ | ᠲᠥᠪᠯᠡᠷᠡᠭᠦᠯᠦᠨ ᠤᠬᠠᠭᠤᠯᠤᠨ ᠲᠠᠶᠢᠯᠪᠤᠷᠢᠯᠠᠬᠤ ᠪᠣᠯᠪᠠᠰᠤᠷᠠᠯ ᠤᠨ ᠬᠤᠷᠠᠯ ᠢ ᠵᠣᠬᠢᠶᠠᠨ ᠪᠠᠶᠢᠭᠤᠯᠤᠨ | ᠬᠤᠷᠠᠯᠳᠤᠭᠤᠯᠤᠭᠰᠠᠨ ᠪᠠᠶᠢᠨ᠎ᠠ᠃ | ᠰᠢᠯᠢ ᠶᠢᠨ ᠬᠤᠲᠠ ᠶᠢᠨ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ᠶᠢᠨ ᠪᠠᠭᠰᠢ ᠲᠤᠰᠬᠠᠢ ᠰᠡᠳᠦᠪᠲᠦ | ᠣᠨᠣᠯ ᠤᠨ ᠬᠢᠴᠢᠶᠠᠯ ᠤᠷᠤᠵᠤ᠂ ᠨᠠᠷᠠᠨᠪᠤᠯᠠᠭ ᠭᠠᠴᠠᠭ᠎ᠠ ᠶᠢᠨ ᠨᠠᠮ ᠤᠨ ᠡᠭᠦᠷ ᠤᠨ ᠱᠦᠵᠢ ᠰᠡᠴᠡᠨᠪᠠᠭᠠᠲᠤᠷ ᠪᠣᠯᠣᠨ | ᠳᠡᠵᠢ ᠨᠡᠶᠢᠭᠡᠮ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠶᠤᠸᠠᠨ ᠬᠤᠤ ᠲᠤᠰᠪᠤᠷᠢ ᠠᠶᠢᠮᠠᠭ᠂ ᠬᠤᠲᠠ ᠶᠢᠨ | ᠬᠤᠶᠠᠷ ᠱᠠᠲᠤᠨ ᠤ ︽ᠱᠦᠵᠢ ᠠᠴᠠ ᠱᠦᠵᠢ ᠳᠤ ᠲᠠᠶᠢᠯᠪᠤᠷᠢᠯᠠᠨ ᠥᠭᠴᠦ ᠰᠣᠨᠣᠰᠬᠠᠬᠤ︾ ᠤᠬᠠᠭᠤᠯᠤᠨ | ᠲᠠᠶᠢᠯᠪᠤᠷᠢᠯᠠᠬᠤ ᠪᠦᠯᠬᠦᠮ ᠤᠨ ᠪᠦᠷᠢᠯᠳᠦᠭᠦᠨ ᠤ ᠬᠤᠪᠢ ᠪᠠᠷ᠂ ︽ᠵᠢᠷᠭᠤᠭᠠᠨ ᠥᠭᠦᠯᠡᠪᠦᠷᠢ ᠶᠢᠨ ᠪᠣᠳᠠᠲᠤ ᠶᠠᠪᠤᠳᠠᠯ | ᠪᠠ ᠶᠣᠰᠣ ᠤᠴᠢᠷ︾ ᠤᠨ ᠭᠤᠣᠯ ᠰᠡᠳᠦᠪ ᠢ ᠲᠣᠳᠣᠷᠬᠠᠢ ᠶᠠᠷᠢᠵᠤ᠂ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠰᠢᠨ᠎ᠡ ᠳᠦᠷᠰᠦ ᠪᠠᠶᠢᠳᠠᠯ᠂ ᠠᠷᠠᠳ ᠲᠦᠮᠡᠨ ᠳᠤ ᠦᠢᠯᠡᠴᠢᠯᠡᠵᠦ ᠪᠣᠳᠠᠲᠠᠢ ᠶᠠᠪᠤᠳᠠᠯ ᠬᠢᠬᠦ ᠵᠡᠷᠭᠡ | ᠳᠡᠷᠭᠡᠳᠡᠬᠢ ᠶᠠᠪᠤᠳᠠᠯ ᠲᠠᠢ ᠤᠶᠠᠯᠳᠤᠭᠤᠯᠵᠤ᠂ ᠨᠠᠮ ᠤᠨ ᠰᠠᠶᠢᠨ ᠲᠦᠷᠦ ᠶᠢᠨ ᠪᠣᠳᠣᠯᠭ᠎ᠠ ᠶᠢ ᠲᠠᠶᠢᠯᠪᠤᠷᠢᠯᠠᠨ | ᠶᠠᠷᠢᠵᠤ᠂ ᠥᠷᠭᠡᠨ ᠤᠯᠠᠨ ᠨᠠᠮ ᠤᠨ ᠭᠡᠰᠢᠭᠦᠨ ᠤᠯᠠᠨ ᠲᠦᠮᠡᠨ ᠢ ᠬᠥᠲᠥᠯᠥᠨ ᠵᠢᠯᠤᠭᠤᠳᠴᠤ ᠢᠮᠠᠭᠲᠠ ᠨᠠᠮ ᠤᠨ | ᠠᠴᠢ ᠶᠢ ᠴᠡᠭᠡᠵᠢᠯᠠᠨ᠂ ᠡᠭᠦᠷᠢᠳᠡ ᠨᠠᠮ ᠢ ᠳᠠᠭᠠᠬᠤ ᠶᠢ ᠤᠷᠢᠶᠠᠯᠠᠭᠰᠠᠨ ᠪᠠᠶᠢᠨ᠎ᠠ᠃ | ᠲᠤᠰ ᠤᠳᠠᠭ᠎ᠠ ᠶᠢᠨ ᠪᠤᠯᠪᠡᠰᠤᠷᠠᠯ ᠤᠨ ᠬᠤᠷᠠᠯ ᠶᠢ ᠰᠦᠯᠵᠢᠶ᠎ᠠ ᠪᠠᠷ ᠨᠡᠪᠳᠡᠷᠡᠬᠦᠯᠬᠦ ᠪᠠ ᠠᠬᠤᠢ ᠲᠠᠯᠡᠪᠡᠢ | ᠳᠤ ᠵᠡᠷᠭᠡᠪᠡᠷ ᠥᠷᠨᠢᠭᠦᠯᠬᠦ ᠬᠡᠯᠪᠡᠷᠢ ᠪᠠᠷ ᠤᠬᠠᠭᠤᠯᠤᠨ ᠲᠠᠶᠢᠯᠪᠤᠷᠢᠯᠠᠵᠤ᠂ ᠪᠦᠬᠦ ᠬᠤᠳᠠ ᠶᠢᠨ ᠡᠯ᠎ᠡ ᠭᠠᠴᠠᠭ᠎ᠠ᠂ | ᠨᠡᠶᠢᠭᠡᠮ ᠲᠣᠭᠤᠷᠢᠭ᠂ ᠬᠤᠪᠢᠶᠠᠷᠢ ᠲᠠᠯᠠᠪᠠᠢ ᠶᠢᠨ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ᠂ ᠡᠯ᠎ᠡ | ᠪᠠᠶᠢᠭᠤᠯᠤᠯᠭ᠎ᠠ ᠠᠵᠢᠯ ᠦᠢᠯᠡᠰ ᠤᠨ ᠨᠢᠭᠡᠴᠡ᠂ ᠤᠯᠤᠰ ᠤᠨ ᠥᠮᠴᠢᠯᠡᠯ ᠤᠨ ᠠᠵᠤ ᠠᠬᠤᠶᠢᠯᠠᠯ᠂ ᠨᠡᠶᠢᠲᠡ ᠶᠢᠨ | ᠥᠮᠴᠢᠯᠡᠯ ᠤᠨ ᠪᠤᠰᠤ ᠠᠵᠤ ᠠᠬᠤᠶᠢᠯᠠᠯ ᠪᠣᠯᠣᠨ ᠨᠡᠶᠢᠭᠡᠮ ᠤᠨ ᠵᠣᠬᠢᠶᠠᠨ ᠪᠠᠶᠢᠭᠤᠯᠤᠯᠲᠠ ᠨᠠᠮ ᠤᠨ ᠵᠣᠬᠢᠶᠠᠨ | ᠪᠠᠶᠢᠭᠤᠯᠤᠯᠲᠠ ᠶᠢᠨ ᠨᠠᠮ ᠤᠨ ᠠᠵᠢᠯ ᠤᠨ ᠠᠵᠢᠯᠲᠠᠨ ᠨᠡᠶᠢᠳᠡ 200 ᠭᠠᠷᠤᠢ ᠬᠥᠮᠥᠨ ᠠᠬᠤᠢ ᠲᠡᠯᠡᠪᠡᠢ ᠳᠤ | ᠣᠷᠣᠯᠴᠠᠵᠤ᠂ 4.65 ᠲᠦᠮᠡᠨ ᠨᠠᠮ ᠤᠨ ᠭᠡᠰᠢᠭᠦᠨ ᠤᠯᠠᠨ ᠲᠦᠮᠡᠨ ᠰᠢᠭᠤᠤᠳ ᠨᠡᠪᠳᠡᠷᠬᠦᠯᠭᠡ ᠶᠢ ᠬᠦᠯᠢᠶᠠᠨ | ᠠᠪᠴᠤ ᠦᠵᠡᠭᠰᠠᠨ ᠪᠠᠶᠢᠨ᠎ᠠ ᠃ | ᠲᠣᠭᠤᠷ ᠣᠷᠴᠢᠭᠤᠯᠣᠨ ᠨᠠᠶᠢᠷᠠᠭᠤᠯᠪᠠ᠃ | |