4 ᠰᠠᠷ᠎ᠠ ᠶᠢᠨ 2 ᠤᠨ ᠡᠳᠦᠷ᠂ ᠰᠢᠯᠢ ᠶᠢᠨ ᠬᠤᠳᠠ ᠶᠢᠨ ᠨᠠᠮ ᠤᠨ ᠬᠤᠷᠢᠶᠠᠨ ᠤ ᠳᠡᠳ᠋ ᠱᠦᠵᠢ᠂ | ᠬᠤᠳᠠ ᠶᠢᠨ ᠳᠠᠷᠤᠭ᠎ᠠ ᠪᠦᠷᠢᠨᠵᠢᠨ ᠪᠠᠶᠠᠨ ᠬᠦᠷᠢᠶ᠎ᠠ ᠮᠠᠯᠵᠢᠯ ᠤᠨ ᠲᠠᠯᠠᠪᠠᠢ ᠳᠤ ᠭᠦᠨᠵᠡᠭᠡᠶᠢᠷᠡᠵᠦ᠂ ᠬᠤᠯᠠᠨ ᠰᠢᠷᠭ᠎ᠠ | ᠲᠠᠭ᠎ᠠ ᠶᠢᠨ ᠡᠯᠡᠰᠦᠷᠬᠡᠭ ᠭᠠᠵᠠᠷ ᠤᠨ ᠰᠦᠨᠤᠭᠡᠯᠳᠠ ᠶᠢᠨ ᠳᠠᠶᠢᠯᠠᠯᠳᠤᠭᠠᠨ ᠤ ᠠᠵᠢᠯ ᠢ ᠠᠬᠢᠭᠤᠯᠵᠤ ᠪᠠᠶᠢᠭ᠎ᠠ | ᠪᠠᠶᠢᠳᠠᠯ ᠢ ᠱᠠᠯᠠᠪᠳᠠᠭᠤᠯᠤᠨ ᠵᠢᠯᠤᠭᠤᠳᠤᠭᠰᠠᠨ ᠪᠠᠶᠢᠨ᠎ᠠ᠃ | ᠪᠠᠶᠠᠨ ᠬᠦᠷᠢᠶᠠᠬᠤᠯᠠᠨ ᠰᠢᠷᠭ᠎ᠠ ᠲᠠᠭ᠎ᠠ ᠶᠢᠨ ᠡᠯᠡᠰᠦᠷᠬᠡᠭ ᠭᠠᠵᠠᠷ ᠤᠨ ᠰᠦᠨᠤᠭᠡᠯᠳᠠ ᠶᠢᠨ ᠲᠠᠶᠢᠯᠠᠯᠳᠤᠭᠠᠨ ᠤ | ᠪᠠᠷᠢᠯᠭ᠎ᠠ ᠶᠢᠨ ᠲᠤᠬᠠᠢ ᠶᠢᠨ ᠭᠠᠵᠠᠷ ᠲᠤ᠂ ᠪᠦᠷᠢᠨᠵᠢᠨ ᠡᠯᠡᠰᠦᠷᠬᠡᠭᠵᠢᠭᠰᠡᠨ ᠭᠠᠵᠠᠷ ᠰᠢᠷᠣᠢ ᠶᠢᠨ ᠪᠠᠶᠢᠳᠠᠯ ᠢ | ᠪᠠᠶᠢᠴᠠᠭᠠᠨ ᠦᠵᠡᠵᠦ᠂ ᠬᠤᠯᠠᠨ ᠰᠢᠷᠭᠠᠲ᠋ᠠᠭᠠ ᠶᠢᠨ ᠡᠯᠡᠰᠦᠷᠬᠡᠭ ᠭᠠᠵᠠᠷ ᠤᠨ ᠰᠦᠨᠤᠭᠡᠯᠳᠠ ᠶᠢᠨ ᠲᠠᠶᠢᠯᠠᠯᠳᠤᠭᠠᠨ ᠤ | ᠠᠵᠢᠯ ᠤᠨ ᠶᠡᠷᠦᠩᠬᠡᠢ ᠲᠥᠯᠦᠪᠵᠢᠭᠦᠯᠭᠡ᠂ ᠬᠡᠷᠡᠭᠵᠢᠭᠦᠯᠬᠦ ᠲᠥᠯᠥᠪᠯᠡᠭᠡ᠂ ᠬᠠᠮᠢᠶᠠᠷᠴᠤ ᠬᠠᠮᠠᠭᠠᠯᠠᠬᠤ ᠠᠷᠭ᠎ᠠ ᠬᠡᠯᠪᠡᠷᠢ | ᠵᠡᠷᠭᠡ ᠪᠠᠶᠢᠳᠠᠯ ᠢ ᠨᠠᠷᠢᠨ ᠣᠶᠢᠯᠠᠭᠠᠵᠤ᠂ ᠡᠯᠡᠰᠦ ᠶᠢ ᠲᠣᠭᠲᠠᠪᠤᠷᠢᠵᠢᠭᠤᠯᠬᠤ ᠲᠣᠣᠷ ᠢ ᠳᠡᠪᠢᠰᠬᠦ᠂ ᠡᠯᠡᠰᠦ ᠶᠢ ᠵᠠᠰᠠᠬᠤ | ᠤᠷᠭᠤᠮᠠᠯ ᠤᠨ ᠬᠤᠴᠢᠯᠭ᠎ᠠ ᠶᠢ ᠲᠠᠷᠢᠬᠤ ᠵᠡᠷᠭᠡ ᠪᠣᠳᠠᠲᠠᠢ ᠢᠨᠵᠧᠨᠧᠷᠢᠩ ᠤᠨ ᠠᠷᠭ᠎ᠠ ᠬᠡᠮᠵᠢᠶ᠎ᠡ ᠶᠢ ᠱᠠᠯᠠᠪᠳᠠᠭᠤᠯᠤᠨ | ᠵᠢᠯᠤᠭᠤᠳᠤᠭᠰᠠᠨ ᠪᠠᠶᠢᠨ᠎ᠠ᠃ | ᠪᠦᠷᠢᠨᠵᠢᠨ ᠴᠢᠬᠤᠯᠠᠴᠢᠯᠠᠭᠰᠠᠨ ᠨᠢ᠂ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠰᠢ ᠶᠢᠨ | ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ | ᠡᠯᠡᠰᠦ ᠶᠢ ᠰᠡᠷᠭᠡᠶᠢᠯᠡᠵᠦ ᠡᠯᠡᠰᠦ ᠶᠢ ᠵᠠᠰᠠᠬᠤ ᠪᠠ ᠰᠠᠯᠬᠢᠨ ᠴᠠᠬᠢᠯᠭᠠᠨ ᠭᠡᠷᠡᠯ ᠴᠡᠨᠡᠭ ᠢ ᠨᠢᠭᠡ ᠴᠣᠭᠴᠠᠵᠢᠭᠤᠯᠬᠤ | ᠢᠨᠵᠧᠨᠧᠷᠢᠩ ᠢ ᠪᠦᠬᠦ ᠬᠦᠴᠦᠨ ᠢᠶᠠᠷ ᠢᠶᠠᠨ ᠠᠬᠢᠭᠤᠯᠬᠤ ᠪᠠᠷ ᠭᠠᠷᠳᠠᠴᠠ ᠪᠣᠯᠭᠠᠵᠤ᠂ ᠬᠤᠯᠠᠨ ᠰᠢᠷᠭ᠎ᠠ ᠲᠠᠭ᠎ᠠ ᠶᠢᠨ | ᠡᠯᠡᠰᠦᠷᠬᠡᠭ ᠭᠠᠵᠠᠷ ᠤᠨ ᠰᠦᠨᠤᠭᠡᠯᠳᠠ ᠶᠢᠨ ᠳᠠᠶᠢᠯᠠᠯᠳᠤᠭᠠᠨ ᠤ ᠢᠯᠠᠯᠲᠠ ᠶᠢ ᠤᠯᠬᠤ ᠠᠵᠢᠯ ᠢ ᠵᠠᠪᠠᠯ ᠰᠠᠶᠢᠲᠤᠷ | ᠬᠢᠵᠦ᠂ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ | ᠪᠦᠲᠦᠭᠡᠨ ᠪᠠᠶᠢᠭᠤᠯᠬᠤ ᠳᠤ ᠬᠦᠴᠦᠨ ᠴᠢᠳᠠᠯ ᠢᠶᠠᠨ ᠡᠷᠭᠦᠬᠦ ᠬᠡᠷᠡᠭᠲᠡᠢ᠃ ᠰᠢᠨᠵᠢᠯᠡᠬᠦ ᠤᠬᠠᠭᠠᠨᠴᠢ ᠪᠠᠷ ᠵᠣᠬᠢᠶᠠᠨ | ᠪᠠᠶᠢᠭᠤᠯᠤᠨ ᠬᠡᠷᠡᠭᠵᠢᠭᠦᠯᠵᠦ᠂ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠬᠤ᠂ ᠰᠢᠨᠵᠢᠯᠡᠬᠦ ᠤᠬᠠᠭᠠᠨᠴᠢ ᠪᠠᠷ | ᠰᠡᠷᠭᠡᠶᠢᠯᠡᠨ ᠵᠠᠰᠠᠬᠤ ᠵᠠᠷᠴᠢᠮ ᠢ ᠪᠠᠷᠢᠮᠲᠠᠯᠠᠵᠤ᠂ ᠲᠥᠯᠥᠪᠵᠢᠭᠦᠯᠦᠨ ᠵᠢᠷᠤᠵᠤ ᠲᠥᠯᠥᠪᠯᠡᠬᠦ᠂ ᠭᠠᠵᠠᠷ ᠤᠨ ᠪᠠᠶᠢᠳᠠᠯ ᠢ | ᠣᠶᠢᠯᠠᠭᠠᠬᠤ᠂ ᠪᠠᠷᠢᠯᠭ᠎ᠠ ᠶᠢᠨ ᠠᠵᠢᠯ ᠢ ᠵᠣᠬᠢᠶᠠᠨ ᠪᠠᠶᠢᠭᠤᠯᠬᠤ ᠵᠡᠷᠭᠡ ᠡᠯ᠎ᠡ ᠵᠦᠢᠯ ᠤᠨ ᠠᠵᠢᠯ ᠢ ᠪᠣᠳᠠᠲᠠᠢ ᠪᠥᠭᠡᠳ | ᠨᠠᠷᠢᠯᠢᠭ ᠠᠳᠬᠤᠵᠤ᠂ ᠬᠥᠮᠥᠨ ᠤ ᠬᠦᠴᠦ ᠪᠠᠷ ᠵᠠᠰᠠᠨ ᠰᠡᠷᠭᠦᠭᠡᠬᠦ᠂ ᠢᠨᠵᠧᠨᠧᠷᠢᠩ ᠢᠶᠠᠷ ᠡᠯᠡᠰᠦ ᠶᠢ ᠵᠠᠰᠠᠬᠤ᠂ | ᠭᠡᠷᠡᠯ ᠢᠶᠠᠷ ᠴᠡᠨᠡᠭ ᠢᠶᠠᠷ ᠡᠯᠡᠰᠦ ᠶᠢ ᠵᠠᠰᠠᠬᠤ ᠵᠡᠷᠭᠡ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠶᠡᠷᠦᠩᠬᠡᠶᠢᠯᠡᠨ ᠬᠡᠷᠡᠭᠯᠡᠵᠦ | ᠂ ᠨᠣᠭᠤᠭᠠᠷᠠᠭᠤᠯᠵᠤ ᠣᠶᠢᠵᠢᠭᠤᠯᠬᠤ᠂ ᠡᠯᠡᠰᠦ ᠶᠢ ᠰᠡᠷᠭᠡᠶᠢᠯᠡᠵᠦ ᠡᠯᠡᠰᠦ ᠶᠢ ᠵᠠᠰᠠᠬᠤ ᠡᠯ᠎ᠡ ᠵᠦᠢᠯ ᠤᠨ | ᠭᠤᠣᠯᠳᠠᠯᠭ᠎ᠠ ᠲᠠᠢ ᠠᠵᠢᠯ ᠢ ᠲᠦᠷᠭᠡᠨ ᠠᠬᠢᠭᠤᠯᠵᠤ᠂ ᠨᠢᠭᠡᠨᠲᠡ ᠲᠣᠭᠲᠠᠭᠠᠭᠰᠠᠨ ᠵᠠᠰᠠᠯᠲᠠ ᠶᠢᠨ ᠡᠭᠦᠷᠭᠡ ᠶᠢ ᠴᠢᠨᠠᠷ | ᠰᠠᠶᠢᠲᠠᠢ ᠥᠨᠳᠥᠷ ᠪᠠᠷᠢᠮᠵᠢᠶ᠎ᠠ ᠪᠠᠷ ᠪᠡᠶᠡᠯᠡᠭᠦᠯᠬᠦ ᠶᠢ ᠪᠠᠲᠤᠯᠠᠬᠤ ᠬᠡᠷᠡᠭᠲᠡᠢ᠃ ᠬᠤᠶᠢᠰᠢᠳᠠ ᠶᠢᠨ ᠬᠠᠮᠢᠶᠠᠷᠤᠯᠲᠠ | ᠬᠠᠮᠠᠭᠠᠯᠠᠯᠲᠠ ᠶᠢ ᠰᠠᠶᠢᠲᠤᠷ ᠠᠳᠬᠤᠵᠤ᠂ ᠡᠯᠡᠰᠦ ᠶᠢ ᠰᠡᠷᠭᠡᠶᠢᠯᠡᠵᠦ ᠡᠯᠡᠰᠦ ᠶᠢ ᠵᠠᠰᠠᠬᠤ ᠲᠥᠷᠥᠯ ᠵᠦᠢᠯ ᠤᠨ | ᠵᠠᠯᠭᠠᠮᠵᠢ ᠬᠠᠮᠢᠶᠠᠷᠤᠯᠲᠠ ᠬᠠᠮᠠᠭᠠᠯᠠᠯᠲᠠ ᠶᠢᠨ ᠲᠣᠭᠲᠠᠴᠠ ᠶᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠡᠳᠦᠷ | ᠲᠤᠳᠤᠮ ᠤᠨ ᠲᠣᠭᠤᠷᠢᠨ ᠴᠠᠭᠳᠠᠵᠤ ᠲᠣᠭᠤᠷᠢᠨ ᠪᠠᠶᠢᠴᠠᠭᠠᠬᠤ ᠠᠵᠢᠯ ᠤᠨ ᠡᠷᠴᠢᠮ ᠢᠶᠠᠨ ᠴᠢᠩᠭᠠᠷᠠᠭᠤᠯᠵᠤ᠂ ᠠᠵᠤ | ᠦᠢᠯᠡᠳᠪᠦᠷᠢ ᠠᠵᠤ ᠠᠬᠤᠶᠢᠯᠠᠯ ᠤᠨ ᠬᠠᠮᠢᠶᠠᠷᠴᠤ ᠬᠠᠮᠠᠭᠠᠯᠠᠬᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ | ᠳᠠᠷᠤᠵᠤ᠂ ᠤᠯᠠᠨ ᠲᠦᠮᠡᠨ ᠤ ᠡᠯᠡᠰᠦ ᠶᠢ ᠰᠡᠷᠭᠡᠶᠢᠯᠡᠵᠦ ᠡᠯᠡᠰᠦ ᠶᠢ ᠵᠠᠰᠠᠬᠤ ᠪᠠ ᠤᠷᠭᠤᠮᠠᠯ ᠤᠨ ᠪᠦᠷᠬᠦᠴᠡ ᠶᠢ | ᠬᠠᠮᠢᠶᠠᠷᠴᠤ ᠬᠠᠮᠠᠭᠠᠯᠠᠬᠤ ᠳᠤ ᠥᠷᠭᠡᠨ ᠢᠶᠠᠷ ᠣᠷᠣᠯᠴᠠᠬᠤ ᠶᠢ ᠵᠣᠷᠢᠭᠵᠢᠭᠤᠯᠤᠨ ᠬᠥᠲᠥᠯᠥᠨ ᠵᠢᠯᠤᠭᠤᠳᠴᠤ᠂ | ᠦᠷᠭᠦᠯᠵᠢᠯᠡᠨ ᠬᠠᠮᠢᠶᠠᠷᠴᠤ ᠬᠠᠮᠠᠭᠠᠯᠠᠬᠤ ᠤᠯᠠᠨ ᠲᠠᠯ᠎ᠠ ᠶᠢᠨ ᠬᠠᠮᠲᠤᠷᠠᠯ ᠤᠨ ᠬᠦᠴᠦᠨ ᠢ ᠪᠦᠷᠢᠯᠳᠦᠭᠦᠯᠵᠦ᠂ ᠲᠦᠷᠦᠯ | ᠵᠦᠢᠯ ᠤᠨ ᠬᠡᠷᠡᠭᠵᠢᠭᠦᠯᠦᠯᠲᠡ ᠶᠢᠨ ᠵᠢᠱᠢᠭᠰᠡᠨ ᠦᠷ᠎ᠡ ᠠᠰᠢᠭ ᠢ ᠪᠠᠳᠠᠷᠠᠭᠤᠯᠬᠤ ᠶᠢ ᠪᠦᠬᠦ ᠬᠦᠴᠦᠨ ᠢᠶᠠᠷ ᠢᠶᠠᠨ | ᠪᠠᠲᠤᠯᠠᠵᠤ᠂ ᠡᠯᠡᠰᠦ ᠶᠢ ᠰᠡᠷᠭᠡᠶᠢᠯᠡᠵᠦ ᠡᠯᠡᠰᠦ ᠶᠢ ᠵᠠᠰᠠᠬᠤ ᠠᠵᠢᠯ ᠤᠨ ᠦᠷ᠎ᠡ ᠪᠦᠲᠦᠭᠡᠯ ᠢ ᠦᠨᠡᠨᠬᠦ ᠪᠠᠬᠢᠵᠢᠭᠦᠯᠦᠨ | ᠬᠦᠨᠵᠡᠶᠢᠭᠡᠷᠡᠬᠦᠯᠬᠦ ᠭᠡᠷᠡᠭᠳᠡᠢ ᠭᠡᠵᠡᠢ᠃ | ᠰᠢᠯᠢ ᠶᠢᠨ ᠬᠤᠳᠠ ᠶᠢᠨ ᠤᠳᠤᠷᠢᠳᠤᠯᠭ᠎ᠠ ᠲᠤᠯᠭᠠᠭᠤᠷᠢ ᠵᠢᠴᠢ ᠬᠤᠳᠠ ᠶᠢᠨ ᠰᠢᠭᠤᠳ ᠬᠠᠷᠢᠶ᠎ᠠ ᠬᠤᠯᠪᠣᠭᠳᠠᠯ | ᠪᠦᠬᠦᠢ ᠰᠠᠯᠠᠭ᠎ᠠ ᠮᠥᠴᠢᠷ ᠤᠨ ᠭᠤᠣᠯ ᠬᠠᠷᠢᠭᠤᠴᠠᠯᠭᠠᠲᠠᠨ ᠱᠠᠯᠠᠪᠳᠠᠭᠤᠯᠤᠨ ᠵᠢᠯᠤᠭᠤᠳᠬᠤ ᠳᠤ ᠤᠷᠤᠯᠴᠠᠵᠠᠢ᠃ | ᠲᠣᠭᠤᠷ ᠨᠣᠷᠴᠢᠭᠤᠯᠣᠨ ᠨᠠᠶᠢᠷᠠᠭᠤᠯᠪᠠ᠃ | | |