ᠪᠦᠷᠢᠨᠵᠢᠨ ᠮᠠᠯᠵᠢᠬᠤ ᠣᠷᠣᠨ ᠤ ᠭᠤᠣᠯᠳᠠᠯᠭ᠎ᠠ ᠲᠠᠢ ᠠᠵᠢᠯ ᠢ  ᠱᠠᠯᠠᠪᠳᠠᠭᠤᠯᠤᠨ ᠵᠢᠯᠤᠭᠤᠳᠪᠠ
ᠨᠡᠶᠢᠲᠡᠯᠡᠭᠰᠡᠨ ᠴᠠᠭ᠄
2024/4/10
     4 ᠰᠠᠷ᠎ᠠ ᠶᠢᠨ 2 ᠤᠨ ᠡᠳᠦᠷ᠂  ᠰᠢᠯᠢ ᠶᠢᠨ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠪᠦᠷᠢᠨᠵᠢᠨ ᠬᠡᠰᠡᠭ ᠰᠤᠮᠤ ᠮᠠᠯᠵᠢᠯ ᠤᠨ ᠲᠠᠯᠠᠪᠠᠶ ᠪᠠᠷ ᠭᠦᠨᠵᠡᠭᠡᠶᠢᠷᠡᠨ ᠭᠤᠣᠯᠳᠠᠯᠭ᠎ᠠ ᠲᠠᠢ ᠠᠵᠢᠯ ᠢ  ᠱᠠᠯᠠᠪᠳᠠᠭᠤᠯᠤᠨ ᠵᠢᠯᠤᠭᠤᠳᠤᠭᠰᠠᠨ ᠪᠠᠶᠢᠨ᠎ᠠ᠃      ᠪᠦᠷᠢᠨᠵᠢᠨ ᠨᠠᠷ ᠤᠷᠢᠳ ᠬᠤᠵᠢᠳ ᠰᠢᠯᠢ ᠶᠢᠨ ᠬᠤᠳᠠ ᠶᠢᠨ ᠪᠤᠯᠠᠭᠠᠨ  ᠰᠤᠮᠤᠨ ᠤ ᠰᠢᠷᠠᠳᠠᠯ᠎ᠠ ᠭᠠᠴᠠᠭᠠᠨ ᠤ ᠮᠠᠯᠴᠢᠨ ᠡᠷᠦᠭᠡ᠂ ᠪᠠᠶᠠᠨ ᠬᠦᠷᠢᠶ᠎ᠠ‌ᠮᠠᠯᠵᠢᠯ ᠤᠨ ᠲᠠᠯᠠᠪᠠᠢ ᠶᠢᠨ ᠰᠢᠮᠧᠨ᠋ᠲ᠋ᠧᠷ ᠮᠢᠬᠠᠨ ᠤ ᠦᠬᠡᠷ ᠦᠷᠡᠵᠢᠭᠦᠯᠦᠨ ᠪᠣᠶᠢᠵᠢᠭᠤᠯᠬᠤ ᠰᠠᠭᠤᠷᠢᠨ ᠵᠡᠷᠭᠡ ᠭᠠᠵᠠᠷ ᠲᠤ ᠮᠠᠯᠴᠢᠳ ᠤᠨ ᠦᠢᠯᠡᠳᠪᠦᠷᠢᠯᠡᠯ ᠠᠮᠢᠳᠤᠷᠠᠯ᠂ ᠡᠪᠡᠰᠦ ᠪᠣᠷᠳᠤᠭ᠎ᠠ ᠶᠢᠨ ᠨᠥᠭᠡᠴᠡᠯᠡᠯ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠭᠤᠣᠯᠳᠠᠯᠭ᠎ᠠ ᠲᠠᠢ ᠲᠦᠷᠦᠯ ᠵᠦᠢᠯ ᠵᠡᠷᠭᠡ ᠪᠠᠶᠢᠳᠠᠯ ᠢ ᠨᠠᠷᠢᠨ ᠣᠶᠢᠯᠠᠭᠠᠵᠤ᠂ ᠪᠡᠯᠴᠢᠭᠡᠷᠯᠡᠭᠦᠯᠬᠦ ᠶᠢ ᠴᠠᠭᠠᠵᠠᠯᠠᠵᠤ ᠪᠡᠯᠴᠢᠭᠡᠷᠯᠡᠭᠦᠯᠬᠦ ᠶᠢ ᠵᠣᠭᠰᠤᠭᠠᠬᠤ᠂ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ᠂ ᠬᠤᠯᠤᠭᠠᠨ᠎ᠠ ᠶᠢᠨ ᠬᠢᠵᠢᠭ ᠢ ᠰᠡᠷᠭᠡᠶᠢᠯᠡᠨ ᠡᠵᠡᠮᠳᠡᠬᠦ ᠵᠡᠷᠭᠡ ᠨᠠᠶᠢᠳᠠᠪᠤᠷᠢᠵᠢᠭᠤᠯᠤᠯᠲᠠ ᠶᠢᠨ ᠪᠠᠶᠢᠳᠠᠯ ᠢ ᠪᠣᠳᠠᠲᠠᠢ ᠭᠠᠵᠠᠷ ᠲᠤᠨᠢ ᠱᠠᠯᠠᠪᠳᠠᠭᠤᠯᠤᠨ ᠵᠢᠯᠤᠭᠤᠳᠤᠭᠰᠠᠨ ᠪᠠᠶᠢᠨ᠎ᠠ᠃      ᠪᠦᠷᠢᠨᠵᠢᠨ ᠴᠢᠬᠤᠯᠠᠴᠢᠯᠠᠭᠰᠠᠨ ᠨᠢ᠂ ᠤᠯᠠᠨ ᠲᠦᠮᠡᠨ ᠤ ᠠᠮᠤᠷ ᠲᠦᠪᠰᠢᠨ ᠠᠶᠤᠯ ᠲᠦᠭᠰᠢᠭᠦᠷᠢ ᠬᠠᠯᠠᠭᠤᠨ ᠳᠤᠯᠠᠭᠠᠨ ᠢ ᠢᠮᠠᠭᠲᠠ ᠰᠡᠳᠬᠢᠯ ᠳᠡᠭᠡᠨ ᠪᠤᠳᠤᠵᠤ᠂ ᠣᠷᠣᠯᠭ᠎ᠠ ᠶᠢ ᠲᠣᠭᠲᠠᠭᠤᠨ ᠢᠶᠠᠷ ᠨᠡᠮᠡᠭᠳᠡᠭᠦᠯᠬᠦ᠂ ᠡᠪᠡᠰᠦ ᠪᠣᠷᠳᠤᠭ᠎ᠠ ᠶᠢ ᠪᠠᠲᠤᠯᠠᠬᠤ᠂ ᠬᠢᠵᠢᠭ ᠡᠪᠡᠳᠴᠢᠨ ᠢ ᠰᠡᠷᠭᠡᠶᠢᠯᠡᠨ ᠵᠠᠰᠠᠬᠤ᠂ ᠬᠥᠮᠥᠰ ᠤᠨ ᠣᠷᠣᠰᠢᠨ ᠰᠠᠭᠤᠬᠤ ᠣᠷᠴᠢᠨ ᠲᠣᠭᠤᠷᠢᠨ ᠵᠡᠷᠭᠡ ᠤᠯᠠᠨ ᠲᠦᠮᠡᠨ ᠤ ︽ᠪᠠᠴᠢᠮᠳᠠᠵᠤ ᠬᠦᠴᠢᠷᠳᠡᠵᠤ ᠵᠤᠪᠠᠵᠤ︾ ᠪᠠᠶᠢᠭ᠎ᠠ ᠠᠰᠠᠭᠤᠳᠠᠯ ᠢ ᠯᠠᠪᠳᠠᠭᠤᠨ ᠪᠠᠲᠤᠲᠠᠢ ᠰᠠᠶᠢᠲᠤᠷ ᠰᠢᠢᠳᠪᠦᠷᠢᠯᠡᠵᠦ᠂ ᠨᠡᠩ ᠪᠦᠷᠢᠨ ᠲᠡᠭᠦᠯᠳᠡᠷ ᠦᠢᠯᠡᠳᠪᠦᠷᠢᠯᠡᠯ ᠤᠨ ᠴᠢᠨᠠᠷᠲᠠᠢ ᠨᠡᠶᠢᠭᠡᠮᠴᠢᠯᠡᠭᠰᠡᠨ ᠦᠢᠯᠡᠴᠢᠯᠡᠭᠡ ᠬᠠᠩᠭᠠᠵᠤ᠂ ᠤᠯᠠᠨ ᠲᠦᠮᠡᠨ ᠤ ᠵᠣᠯ ᠵᠢᠷᠭᠠᠯ ᠤᠨ ᠲᠥᠷᠥᠭᠳᠡᠯ᠂ ᠬᠦᠷᠲᠡᠮᠵᠢ ᠶᠢᠨ ᠲᠥᠷᠥᠭᠳᠡᠯ ᠢ ᠦᠨᠡᠨᠬᠦ ᠳᠡᠭᠡᠭᠰᠢᠯᠡᠭᠦᠯᠬᠦ ᠬᠡᠷᠡᠭᠲᠡᠢ᠃ ᠠᠮᠢ ᠠᠬᠤᠢ ᠶᠢ ᠲᠡᠷᠢᠭᠦᠨ ᠳᠤ ᠲᠠᠯᠪᠢᠬᠤ᠂ ᠪᠣᠬᠢᠷᠲᠤᠯ ᠦᠭᠡᠢ ᠬᠥᠭᠵᠢᠯᠲᠡ ᠶᠢᠨ ᠣᠨᠣᠯᠵᠢᠬᠤᠨ ᠢ ᠪᠠᠲᠤ ᠪᠠᠬᠢ ᠪᠣᠶ ᠪᠣᠯᠭᠠᠵᠤ᠂ ᠨᠠᠩ ᠴᠢᠩᠭ᠎ᠠ ᠠᠷᠭ᠎ᠠ ᠬᠡᠮᠵᠢᠶ᠎ᠡ ᠪᠠᠷ ᠪᠡᠯᠴᠢᠭᠡᠷᠯᠡᠭᠦᠯᠬᠦ ᠶᠢ ᠴᠠᠭᠠᠵᠠᠯᠠᠬᠤ᠂ ᠪᠡᠯᠴᠢᠭᠡᠷ ᠮᠠᠯ ᠢ ᠲᠡᠩᠴᠡᠭᠦᠷᠢ ᠲᠠᠢ ᠪᠠᠶᠢᠯᠭᠠᠬᠤ ᠳᠦᠷᠢᠮ ᠢ ᠨᠠᠶᠢᠳᠠᠪᠤᠷᠢᠵᠢᠭᠤᠯᠵᠤ᠂ ᠨᠤᠲᠤᠭ ᠪᠡᠯᠴᠢᠭᠡᠷ ᠤᠨ ᠨᠥᠬᠦᠪᠦᠷᠢ ᠱᠠᠩᠨᠠᠯ ᠲᠠᠢ ᠬᠤᠯᠪᠣᠭᠳᠠᠭᠤᠯᠬᠤ ᠲᠣᠭᠲᠠᠴᠠ ᠶᠢ ᠬᠡᠷᠡᠭᠵᠢᠭᠦᠯᠦᠨ᠂ ᠣᠯᠠᠨ ᠲᠦᠮᠡᠨ ᠤ ᠣᠷᠣᠯᠭ᠎ᠠ ᠶᠢ ᠲᠣᠭᠲᠠᠭᠤᠨ ᠢᠶᠠᠷ ᠨᠡᠮᠡᠭᠳᠡᠭᠦᠯᠬᠦ᠂ ᠨᠤᠲᠤᠭ ᠪᠡᠯᠴᠢᠭᠡᠷ ᠢ ᠪᠦᠲᠦᠮᠵᠢᠲᠡᠶ ᠬᠠᠮᠠᠭᠠᠯᠠᠬᠤ ᠶᠢ ᠪᠡᠶᠡᠯᠡᠭᠦᠯᠬᠦ ᠶᠢ ᠲᠦᠯᠬᠢᠨ ᠠᠬᠢᠭᠤᠯᠬᠤ ᠬᠡᠷᠡᠭᠲᠡᠢ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠭᠤᠣᠯᠳᠠᠯᠭ᠎ᠠ ᠲᠠᠢ ᠲᠦᠷᠦᠯ ᠵᠦᠢᠯ ᠢ ᠨᠠᠷᠢᠨ ᠬᠢᠨᠠᠮᠠᠭᠠᠢ ᠰᠦᠪᠡᠭᠴᠢᠯᠡᠨ ᠠᠬᠢᠭᠤᠯᠵᠤ᠂ ᠠᠷᠠᠳ ᠤᠨ ᠴᠢᠬᠤᠯᠠ ᠬᠡᠷᠡᠭᠴᠡᠭᠡ ᠳᠤ ᠠᠩᠬᠠᠷᠤᠯ ᠢᠶᠠᠨ ᠲᠥᠪᠯᠡᠷᠡᠭᠦᠯᠦᠨ ᠳᠤᠲᠠᠭᠤᠳᠠᠯ ᠢ ᠨᠥᠬᠦᠪᠦᠷᠢᠯᠡᠭ᠊ ‍ᠤ᠋᠂ ᠰᠠᠭᠤᠷᠢ ᠶᠢ ᠴᠢᠩᠭᠠᠳᠬᠠᠬᠤ᠂ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ‍ ᠨᠢᠭᠡ ᠪᠦᠯᠦᠭ ᠰᠢᠯᠢᠳᠡᠭ ᠲᠦᠷᠦᠯ ᠵᠦᠢᠯ ᠢ ᠲᠦᠷᠭᠡᠨ ᠲᠥᠯᠥᠪᠵᠢᠭᠦᠯᠵᠦ᠂ ᠡᠮᠦᠨᠡᠬᠢ ᠬᠤᠭᠤᠴᠠᠭᠠᠨ ᠤ ᠡᠯ᠎ᠡ ᠵᠦᠢᠯ ᠤᠨ ᠠᠵᠢᠯ ᠢ ᠤᠷᠢᠳᠴᠢᠯᠠᠨ ᠰᠠᠶᠢᠲᠤᠷ ᠬᠢᠵᠦ᠂ ᠲᠦᠷᠭᠡᠨ ᠠᠵᠢᠯᠯᠠᠵᠤ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠶᠢ ᠴᠢᠩᠭ᠎ᠠ ᠠᠳᠬᠤᠵᠤ᠂ ᠪᠠᠶᠢᠪᠠᠰᠤ ᠵᠣᠬᠢᠬᠤ ᠦᠷ᠎ᠡ ᠠᠰᠢᠭ ᠢᠶᠠᠨ ᠴᠠᠭ ᠲᠤᠬᠠᠢ ᠳᠤᠨᠢ ᠪᠠᠳᠠᠷᠠᠭᠤᠯᠬᠤ ᠶᠢ ᠪᠠᠲᠤᠯᠠᠬᠤ ᠬᠡᠷᠡᠭᠲᠡᠢ ᠭᠡᠵᠡᠢ᠃      ᠪᠦᠷᠢᠨᠵᠢᠨ ᠨᠠᠷ ᠪᠠᠰᠠ ᠪᠠᠶᠠᠨ ᠬᠦᠷᠢᠶ᠎ᠠ ᠮᠠᠯᠵᠢᠯ ᠤᠨ ᠲᠠᠯᠡᠪᠡᠢ ᠶᠢᠨ ᠭᠠᠯ ᠢ ᠰᠡᠷᠭᠡᠶᠢᠯᠡᠬᠦ ᠪᠠᠶᠢᠴᠠᠭᠠᠯᠲᠠ ᠶᠢᠨ ᠥᠷᠲᠡᠭᠡ᠂ ᠡᠳ᠋ ᠪᠣᠳᠠᠰ ᠤᠨ ᠬᠠᠳᠠᠭᠠᠯᠠᠮᠵᠢ ᠶᠢᠨ ᠬᠥᠮᠥᠷᠭᠡ ᠳᠤ ᠬᠦᠷᠴᠦ᠂ ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠭᠰᠠᠨ᠂ ᠡᠳᠦᠷ ᠲᠤᠲᠤᠮ ᠤᠨ ᠲᠣᠭᠤᠷᠢᠨ ᠪᠠᠶᠢᠴᠠᠭᠠᠯᠲᠠ᠂ ᠴᠢᠳᠠᠪᠤᠷᠢ ᠶᠢᠨ ᠪᠡᠯᠡᠳᠬᠡᠯ ᠵᠡᠷᠭᠡ ᠪᠠᠶᠢᠳᠠᠯ ᠢ  ᠱᠠᠯᠠᠪᠳᠠᠭᠤᠯᠤᠨ ᠵᠢᠯᠤᠭᠤᠳᠴᠤ᠂ ᠪᠠᠶᠢᠴᠠᠭᠠᠬᠤ ᠥᠷᠲᠡᠭᠡᠨ ᠤ ᠬᠠᠷᠠᠭᠤᠯ ᠤᠨ ᠦᠢᠯᠡᠳᠦᠯ ᠢ ᠭᠦᠢᠴᠡᠳ ᠪᠠᠳᠠᠷᠠᠭᠤᠯᠵᠤ᠂ ᠭᠠᠯ ᠤᠨ ᠢᠷᠡᠯᠲᠡ ᠶᠢ ᠬᠠᠮᠢᠶᠠᠷᠤᠨ ᠡᠵᠡᠮᠳᠡᠬᠦ ᠨᠢᠭᠡᠳᠦᠭᠡᠷ ᠪᠣᠭᠤᠮᠲᠠ ᠶᠢ ᠴᠢᠩᠭ᠎ᠠ ᠠᠳᠬᠤᠵᠤ᠂ ᠴᠠᠬᠢᠯᠭᠠᠨ ᠳᠠᠮᠵᠢᠭᠤᠯᠵᠤ ᠲᠦᠭᠡᠭᠡᠬᠦ ᠪᠡᠯᠡᠳᠬᠡᠮᠵᠢ᠂ ᠵᠠᠰᠠᠮᠠᠯ ᠵᠠᠮ ᠤᠨ ᠬᠤᠶᠠᠷ ᠬᠠᠵᠠᠭᠤ ᠵᠡᠷᠭᠡ ᠭᠤᠣᠯᠳᠠᠯᠭ᠎ᠠ ᠲᠠᠢ ᠣᠷᠣᠨ ᠪᠦᠰᠡ ᠶᠢᠨ ᠭᠠᠯ ᠤᠨ ᠭᠠᠮᠰᠢᠭ ᠤᠨ ᠳᠠᠯᠳᠠ ᠬᠡᠮ ᠢ ᠪᠥᠬᠦ ᠲᠠᠯ᠎ᠠ ᠪᠠᠷ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠵᠤ᠂ ᠰᠢᠲᠠᠮᠠᠬᠠᠢ ᠪᠣᠳᠠᠰ ᠢ ᠲᠥᠪᠯᠡᠷᠡᠭᠦᠯᠦᠨ ᠴᠡᠪᠡᠷᠯᠡᠬᠦ ᠶᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠭᠠᠯ ᠤᠨ ᠭᠠᠮᠰᠢᠭ ᠤᠨ ᠳᠠᠯᠳᠠ ᠬᠡᠮ ᠢ ᠡᠷᠡᠰ ᠠᠷᠢᠯᠭᠠᠬᠤ ᠬᠡᠷᠡᠭᠲᠡᠢ᠃ ᠭᠠᠯ ᠤᠨ ᠪᠠᠶᠢᠳᠠᠯ ᠢ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠡᠩᠨᠡᠭᠡᠨ ᠤ ᠠᠵᠢᠯ ᠳᠤ ᠣᠷᠣᠯᠴᠠᠬᠤ ᠪᠠᠶᠢᠳᠠᠯ ᠢ ᠴᠠᠭ ᠢᠮᠠᠭᠲᠠ ᠪᠠᠲᠤᠯᠠᠵᠤ᠂ ᠪᠦᠷᠢᠨ ᠭᠦᠢᠴᠡᠳ ᠪᠡᠯᠡᠳᠬᠡᠵᠦ᠂ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠮᠵᠢ ᠲᠥᠬᠦᠭᠡᠷᠦᠮᠵᠢ ᠶᠢ ᠲᠣᠭᠲᠠᠮᠠᠯ ᠬᠤᠭᠤᠴᠠᠭ᠎ᠠ ᠲᠠᠢ ᠪᠠᠷ ᠪᠠᠶᠢᠴᠠᠭᠠᠨ ᠬᠠᠮᠠᠭᠠᠯᠠᠵᠤ᠂ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠵᠤ ᠰᠢᠢᠳᠪᠦᠷᠢᠯᠡᠬᠦ ᠬᠢᠷᠢ ᠬᠡᠮᠵᠢᠶ᠎ᠡ ᠪᠠ ᠪᠣᠳᠠᠲᠠᠢ ᠠᠵᠢᠯᠯᠠᠬᠤ ᠴᠢᠳᠠᠪᠤᠷᠢ ᠪᠠᠨ ᠪᠥᠬᠦ ᠲᠠᠯ᠎ᠠ ᠪᠠᠷ ᠳᠡᠭᠡᠭᠰᠢᠯᠡᠭᠦᠯᠦᠨ᠂ ᠣᠶ ᠰᠢᠭᠤᠢ ᠨᠤᠲᠤᠭ ᠪᠡᠯᠴᠢᠭᠡᠷ ᠤᠨ ᠰᠡᠷᠭᠡᠶᠢᠯᠡᠨ ᠭᠠᠯ ᠤᠨᠲᠠᠷᠠᠭᠠᠬᠤ ᠠᠵᠢᠯ ᠤᠨ ᠪᠠᠶᠢᠳᠠᠯ ᠤᠨ ᠲᠣᠭᠲᠠᠭᠤᠨ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠢ ᠭᠡᠵᠡᠢ᠃      ᠪᠦᠷᠢᠨᠵᠢᠨ  ᠪᠠᠰᠠ ᠰᠢᠯᠢ ᠶᠢᠨ ᠭᠤᠣᠯ  ᠤᠨ ᠰᠠᠪᠡ ᠭᠠᠵᠠᠷ ᠢ ᠴᠠᠭᠳᠠᠬᠤ ᠠᠵᠢᠯ   ᠢ ᠥᠷᠨᠢᠭᠦᠯᠵᠡᠢ᠃      ᠰᠢᠯᠢ ᠶᠢᠨ ᠬᠤᠳᠠ ᠶᠢᠨ ᠤᠳᠤᠷᠢᠳᠤᠯᠭ᠎ᠠ ᠲᠤᠯᠭᠠᠭᠤᠷᠢ ᠵᠢᠴᠢ ᠬᠤᠳᠠ ᠶᠢᠨ ᠰᠢᠭᠤᠳ ᠬᠠᠷᠢᠶ᠎ᠠ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ  ᠱᠠᠯᠠᠪᠳᠠᠭᠤᠯᠤᠨ ᠵᠢᠯᠤᠭᠤᠳᠬᠤ ᠳᠤ  ᠤᠷᠤᠯᠴᠠᠵᠠᠢ᠃       ᠲᠣᠭᠤᠷ ᠣᠷᠴᠢᠭᠤᠯᠣᠨ ᠨᠠᠶᠢᠷᠠᠭᠤᠯᠪᠠ᠃
 
ᠢᠷᠡᠯᠲᠡ᠄ ᠰᠢᠯᠢ ᠶᠢᠨ ᠬᠤᠲᠠ ᠶᠢᠨ ᠵᠠᠰᠠᠭ ᠤᠨ ᠶᠠᠪᠣᠳᠠᠯ ᠤᠨ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号