4 ᠰᠠᠷ᠎ᠠ ᠶᠢᠨ 1 ᠤ ᠡᠳᠦᠷ᠂ ᠰᠢᠯᠢ ᠶᠢᠨ ᠬᠤᠳᠠ ᠶᠢᠨ ᠨᠠᠮ ᠤᠨ ᠬᠤᠷᠢᠶᠠᠨ ᠤ ᠳᠡᠳ᠋ ᠱᠦᠵᠢ᠂ | ᠬᠤᠳᠠ ᠶᠢᠨ ᠳᠠᠷᠤᠭ᠎ᠠ ᠪᠦᠷᠢᠨᠵᠢᠨ ᠰᠢᠯᠢ ᠶᠢᠨ ᠬᠤᠳᠠ ᠲᠣᠭᠤᠷᠢᠭ ᠤᠨ ᠢᠳᠡᠭᠡᠨ ᠤᠮᠳᠠᠭᠠᠨ ᠤ ᠠᠵᠤ ᠠᠬᠤᠶᠢᠯᠠᠯ᠂ | ᠠᠵᠤ ᠦᠢᠯᠡᠳᠪᠦᠷᠢ ᠠᠷᠠᠯᠵᠢᠶᠠᠨ ᠤ ᠠᠵᠤ ᠠᠬᠤᠶᠢᠯᠠᠯ᠂ ᠨᠡᠭᠦᠷᠡᠰᠦᠨ ᠠᠭᠤᠷᠬᠠᠢ ᠶᠢᠨ ᠴᠠᠬᠢᠯᠭᠠᠨ ᠦᠢᠯᠡᠳᠪᠦᠷᠢ | ᠵᠢᠴᠢ ︽ᠶᠢᠰᠦᠨ ᠪᠠᠭ᠎ᠠ ᠲᠠᠯᠠᠪᠤᠷ︾ ᠵᠡᠷᠭᠡ ᠭᠠᠵᠠᠷ ᠢᠶᠠᠷ ᠠᠶᠤᠯᠭᠦᠢ ᠦᠢᠯᠡᠳᠪᠦᠷᠢᠯᠡᠯ᠂ ᠢᠳᠡᠭᠡᠨ ᠤ ᠠᠮᠤᠷ | ᠲᠦᠪᠰᠢᠨ ᠵᠡᠷᠭᠡ ᠠᠵᠢᠯ ᠢ ᠬᠢᠨᠠᠨ ᠪᠠᠶᠢᠴᠠᠭᠠᠵᠤ ᠱᠠᠯᠠᠪᠳᠠᠭᠤᠯᠤᠨ ᠵᠢᠯᠤᠭᠤᠳᠤᠭᠰᠠᠨ ᠪᠠᠶᠢᠨ᠎ᠠ᠃ | ᠪᠦᠷᠢᠨᠵᠢᠨ ᠨᠠᠷ ᠤᠷᠢᠳ ᠬᠤᠵᠢᠳ ᠰᠤᠷᠤᠭᠴᠢᠳ ᠢ ᠨᠠᠶᠢᠳᠠᠨ ᠬᠠᠮᠢᠶᠠᠷᠤᠭᠤᠯᠬᠤ ᠲᠥᠪ᠂ ᠢᠯᠢ ᠰᠦ ᠶᠢᠨ | ᠦᠢᠯᠡᠰ᠂ ᠳ᠋ᠠ ᠲᠠᠩ ᠴᠠᠬᠢᠯᠭᠠᠨ ᠦᠢᠯᠡᠳᠪᠦᠷᠢ ᠵᠡᠷᠭᠡ ᠦᠢᠯᠡᠳᠪᠦᠷᠢᠯᠡᠯ ᠡᠵᠡᠩᠨᠡᠯᠲᠡ ᠶᠢᠨ ᠭᠠᠵᠠᠷ ᠲᠤ ᠬᠦᠷᠴᠤ᠂ | ᠬᠤᠭᠤᠯᠠᠨ ᠲᠢᠩᠬᠢᠮ᠂ ᠲᠣᠭᠤᠭᠠᠨ ᠭᠡᠷ᠂ ᠦᠢᠯᠡᠳᠪᠦᠷᠢᠯᠡᠯ ᠤᠨ ᠲᠠᠰᠤᠭ᠂ ᠲᠥᠪ ᠤᠨ ᠡᠵᠡᠮᠳᠡᠯ ᠤᠨ | ᠲᠣᠬᠢᠷᠠᠭᠤᠯᠤᠯᠲᠠ ᠶᠢᠨ ᠲᠠᠰᠤᠭ ᠵᠡᠷᠭᠡ ᠭᠤᠣᠯᠳᠠᠯᠭ᠎ᠠ ᠲᠠᠢ ᠣᠷᠣᠨ ᠤ ᠣᠷᠴᠢᠨ ᠲᠣᠭᠤᠷᠢᠨ ᠤ ᠡᠷᠡᠭᠦᠯ ᠬᠠᠮᠠᠭᠠᠯᠠᠯ᠂ | ᠭᠠᠯ ᠰᠡᠷᠭᠡᠶᠢᠯᠠᠨ ᠤᠨᠳᠠᠭᠠᠷᠠᠵᠤ ᠨᠡᠪᠲᠡᠷᠡᠬᠦ ᠵᠠᠮ ᠤᠨ ᠪᠠᠶᠢᠷᠢᠯᠠᠭᠤᠯᠤᠯᠲᠠ᠂ ᠭᠠᠯ ᠤᠨᠲᠠᠷᠠᠭᠠᠬᠤ ᠪᠠᠭᠠᠵᠢ ᠬᠡᠷᠡᠭᠰᠡᠯ ᠢ | ᠪᠠᠶᠢᠴᠠᠭᠠᠨ ᠬᠠᠮᠠᠭᠠᠯᠠᠬᠤ᠂ ᠬᠡᠢ ᠬᠡᠷᠡᠭᠯᠡᠬᠦ ᠴᠠᠬᠢᠯᠭᠠᠨ ᠭᠡᠷᠡᠭᠯᠡᠬᠦ ᠶᠢᠨ ᠠᠮᠤᠷ ᠲᠦᠪᠰᠢᠨ ᠵᠡᠷᠭᠡ ᠪᠠᠶᠢᠳᠠᠯ ᠢ ᠠᠬᠤᠢ | ᠲᠠᠯᠡᠪᠡᠢ ᠳᠤᠨᠢ ᠪᠠᠶᠢᠴᠠᠭᠠᠵᠤ᠂ ᠠᠵᠤ ᠠᠬᠤᠶᠢᠯᠠᠯ ᠤᠨ ᠠᠮᠤᠷ ᠲᠦᠪᠰᠢᠨ ᠤ ᠬᠠᠮᠢᠶᠠᠷᠤᠯᠲᠠ᠂ ᠳᠦᠷᠢᠮ ᠤᠨ | ᠬᠡᠷᠡᠭᠵᠢᠭᠦᠯᠦᠯᠲᠡ᠂ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠵᠡᠷᠭᠡ ᠪᠠᠶᠢᠳᠠᠯ ᠢ ᠨᠠᠷᠢᠨ ᠣᠶᠢᠯᠠᠭᠠᠵᠤ᠂ | ᠪᠠᠶᠢᠴᠠᠭᠠᠵᠤ ᠢᠯᠡᠷᠡᠬᠦᠯᠦᠭᠰᠠᠨ ᠠᠮᠤᠷ ᠲᠦᠪᠰᠢᠨ ᠤ ᠳᠠᠯᠳᠠ ᠬᠡᠮ ᠳᠤ ᠴᠡᠭᠴᠡᠯᠡᠨ ᠰᠠᠶᠢᠵᠢᠷᠠᠭᠤᠯᠬᠤ ᠰᠠᠨᠠᠯ | ᠳᠤᠷᠠᠳᠴᠤ᠂ ᠲᠤᠰᠢᠶᠠᠨ ᠥᠭᠴᠦ ᠨᠠᠶᠢᠳᠡᠪᠤᠷᠢᠵᠢᠭᠤᠯᠤᠭᠰᠠᠨ ᠪᠠᠶᠢᠨ᠎ᠠ᠃ | ᠪᠦᠷᠢᠨᠵᠢᠨ ᠴᠢᠬᠤᠯᠠᠴᠢᠯᠠᠭᠰᠠᠨ ᠨᠢ᠂ ᠠᠶᠤᠯᠭᠦᠢ ᠦᠢᠯᠡᠳᠪᠦᠷᠢᠯᠡᠯ ᠤᠨ ᠠᠵᠢᠯ ᠢ ᠳᠡᠭᠡᠳᠦ ᠬᠡᠮᠵᠢᠶ᠎ᠡ ᠪᠠᠷ | ᠴᠢᠬᠤᠯᠠᠴᠢᠯᠠᠵᠤ᠂ ᠮᠢᠨᠴᠦᠭᠦᠷᠡᠬᠦ ᠦᠵᠡᠯ ᠰᠠᠨᠠᠭ᠎ᠠ ᠪᠣᠯᠣᠨ ᠭᠤᠷᠢᠳᠠᠬᠤ ᠪᠤᠳᠤᠯ ᠢ ᠡᠷᠡᠰ ᠲᠡᠪᠴᠢᠵᠦ᠂ ᠴᠠᠭ | ᠢᠮᠠᠭᠲᠠ ᠬᠠᠷᠢᠭᠤᠴᠠᠯᠭᠠᠲᠤ ᠰᠡᠳᠬᠢᠯᠭᠡ ᠪᠠᠷ ᠠᠶᠤᠯᠭᠦᠢ ᠦᠢᠯᠡᠳᠪᠦᠷᠢᠯᠡᠯ ᠤᠨ ᠡᠯ᠎ᠡ ᠵᠦᠢᠯ ᠤᠨ ᠠᠵᠢᠯ ᠢ ᠴᠢᠩᠭ᠎ᠠ | ᠠᠳᠬᠤᠨ ᠪᠣᠳᠠᠲᠠᠢ ᠠᠳᠬᠤᠵᠤ᠂ ᠤᠯᠠᠨ ᠲᠦᠮᠡᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠦᠨᠡᠨᠬᠦ | ᠬᠠᠮᠠᠭᠠᠯᠠᠬᠤ ᠬᠡᠷᠡᠭᠲᠡᠢ᠃ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠳᠦᠷᠢᠮ ᠪᠣᠯᠣᠨ ︽ᠭᠤᠷᠪᠠ ᠶᠢ | ᠬᠠᠮᠢᠶᠠᠷᠴᠤ ᠭᠤᠷᠪᠠ ᠶᠢ ᠡᠷᠬᠡᠪᠰᠢ ᠰᠢᠢᠳᠪᠦᠷᠢᠯᠡᠬᠦ︾ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ | ᠨᠡᠭᠦᠷᠡᠰᠦᠨ ᠠᠭᠤᠷᠬᠠᠢ ᠶᠢᠨ ᠴᠠᠬᠢᠯᠭᠠᠨ ᠦᠢᠯᠡᠳᠪᠦᠷᠢ᠂ ᠠᠶᠤᠯᠲᠠᠢ ᠬᠢᠮᠢ ᠶᠢᠨ ᠪᠣᠳᠠᠰ ᠠᠶᠤᠯᠲᠠᠢ ᠳᠡᠯᠪᠡᠷᠡᠯᠲᠡ᠂ | ᠠᠵᠤ ᠦᠢᠯᠡᠳᠪᠦᠷᠢ ᠠᠷᠠᠯᠵᠢᠶ᠎ᠠ ᠵᠡᠷᠭᠡ ᠭᠤᠣᠯᠳᠠᠯᠭ᠎ᠠ ᠲᠠᠢ ᠬᠦᠷᠢᠶ᠎ᠡ᠂ ︽ᠶᠢᠰᠦᠨ ᠪᠠᠭ᠎ᠠ ᠲᠠᠯᠠᠪᠤᠷ︾᠂ ᠢᠳᠡᠭᠡᠨ | ᠤᠮᠳᠠᠭᠠᠨ ᠤ ᠠᠵᠤ ᠠᠬᠤᠶᠢᠯᠠᠯ᠂ ᠰᠤᠷᠭᠠᠨ ᠬᠥᠮᠦᠵᠢᠯ ᠤᠨ ᠲᠤᠰᠠᠯᠠᠬᠤ ᠪᠠᠶᠢᠭᠤᠯᠤᠮᠵᠢ ᠵᠡᠷᠭᠡ ᠬᠥᠮᠥᠨ ᠴᠤᠭᠯᠠᠷᠠᠳᠠᠭ | ᠲᠠᠯᠠᠪᠤᠷ ᠢ ᠴᠢᠩᠭ᠎ᠠ ᠠᠩᠬᠠᠷᠴᠤ᠂ ᠭᠠᠯ ᠤᠨᠲᠠᠷᠠᠭᠠᠬᠤ᠂ ᠰᠢᠲᠠᠮᠠᠬᠠᠢ ᠬᠡᠢ ᠵᠡᠷᠭᠡ ᠶᠢ ᠲᠤᠰᠬᠠᠢ ᠴᠡᠭᠴᠡᠯᠡᠨ ᠵᠠᠰᠠᠬᠤ | ᠪᠠ ᠪᠣᠭᠤᠮᠲᠠ ᠰᠢᠪᠲᠤᠯᠬᠤ ᠠᠵᠢᠯᠯᠠᠭ᠎ᠠ ᠶᠢ ᠯᠠᠪᠳᠠᠭᠤᠨ ᠪᠠᠲᠤᠲᠠᠢ ᠥᠷᠨᠢᠭᠦᠯᠵᠦ᠂ ᠭᠡᠮ ᠰᠣᠭᠤᠭ ᠤᠨ ᠠᠰᠠᠭᠤᠳᠠᠯ ᠢ | ᠲᠡᠷᠡ ᠳᠠᠷᠤᠢ ᠳᠤᠨᠢ ᠥᠭᠡᠷᠡᠴᠢᠯᠡᠨ ᠰᠠᠶᠢᠵᠢᠷᠠᠭᠤᠯᠬᠤ ᠬᠡᠷᠡᠭᠲᠡᠢ᠃ ᠢᠮᠠᠭᠲᠠ ᠲᠦᠪ ᠴᠢᠩᠭ᠎ᠠ ᠪᠠᠶᠢᠳᠠᠯ ᠢ ᠪᠠᠲᠤᠯᠠᠵᠤ | ᠂ ᠠᠶᠤᠯᠭᠦᠢ ᠦᠢᠯᠡᠳᠪᠦᠷᠢᠯᠡᠯ ᠤᠨ ᠬᠢᠨᠠᠯᠲᠠ ᠪᠠᠶᠢᠴᠠᠭᠠᠯᠲᠠ ᠶᠢ ᠦᠷᠭᠦᠯᠵᠢᠯᠡᠨ ᠥᠷᠨᠢᠭᠦᠯᠵᠦ᠂ ᠦᠢᠯᠡᠳᠪᠦᠷᠢᠯᠡᠯ | ᠡᠵᠡᠩᠨᠡᠯᠲᠡ ᠶᠢᠨ ᠲᠠᠯᠠᠪᠤᠷ ᠤᠨ ᠭᠠᠯ ᠤᠨᠲᠠᠷᠠᠭᠠᠬᠤ ᠲᠥᠬᠦᠭᠡᠷᠦᠮᠵᠢ ᠶᠢᠨ ᠡᠳᠦᠷ ᠲᠤᠳᠤᠮ ᠤᠨ ᠪᠠᠶᠢᠴᠠᠭᠠᠨ | ᠬᠡᠮᠵᠢᠯᠲᠡ ᠶᠢ ᠴᠢᠩᠭᠠᠳᠬᠠᠵᠤ᠂ ᠭᠠᠯ ᠴᠠᠬᠢᠯᠭᠠᠨ ᠬᠡᠷᠡᠭᠯᠡᠬᠦ᠂ ᠦᠢᠯᠡᠳᠪᠦᠷᠢᠯᠡᠯ ᠪᠠᠷᠢᠯᠭ᠎ᠠ ᠶᠢᠨ ᠠᠮᠤᠷ ᠲᠦᠪᠰᠢᠨ ᠤ | ᠬᠠᠮᠢᠶᠠᠷᠤᠯᠲᠠ ᠶᠢ ᠵᠢᠷᠤᠮᠵᠢᠭᠤᠯᠵᠤ᠂ ᠠᠵᠤ ᠠᠬᠤᠶᠢᠯᠠᠯ ᠤᠨ ᠪᠠᠶᠢᠩᠭᠤ ᠶᠢᠨ ᠴᠢᠨᠠᠷᠲᠠᠢ ᠭᠠᠯ ᠤᠨᠲᠠᠷᠠᠭᠠᠬᠤ ᠠᠮᠤᠷ | ᠲᠦᠪᠰᠢᠨ ᠤ ᠪᠣᠯᠪᠠᠰᠤᠷᠠᠯ ᠪᠣᠯᠣᠨ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠰᠣᠷᠢᠯᠲᠠ ᠶᠢ ᠥᠷᠨᠢᠭᠦᠯᠬᠦ ᠶᠢ | ᠱᠠᠯᠠᠪᠳᠠᠭᠤᠯᠵᠤ᠂ ᠠᠶᠤᠯᠭᠦᠢ ᠦᠢᠯᠡᠳᠪᠦᠷᠢᠯᠡᠯ ᠤᠨ ᠬᠤᠷᠢᠭ᠎ᠠ ᠱᠤᠭᠤᠮ ᠤᠨ ᠤᠯᠠᠭᠠᠨ ᠱᠤᠭᠤᠮ ᠢ ᠡᠷᠡᠰ ᠰᠠᠬᠢᠬᠤ | ᠬᠡᠷᠡᠭᠲᠡᠢ᠃ ᠢᠳᠡᠭᠡᠨ ᠤ ᠠᠮᠤᠷ ᠲᠦᠪᠰᠢᠨ ᠤ ᠪᠣᠭᠤᠮᠲᠠ ᠶᠢ ᠴᠢᠩᠭ᠎ᠠ ᠠᠳᠬᠤᠵᠤ᠂ ︽ᠳᠥᠷᠪᠡᠨ ᠬᠠᠮᠤᠭ ᠤᠨ | ᠴᠢᠩᠭ᠎ᠠ︾ ᠶᠢᠨ ᠱᠠᠭᠠᠷᠳᠠᠯᠭ᠎ᠠ ᠶᠢ ᠡᠷᠡᠰ ᠨᠠᠶᠢᠳᠠᠪᠤᠷᠢᠵᠢᠭᠤᠯᠤᠨ᠂ ᠪᠥᠬᠦ ᠶᠠᠪᠤᠴᠠ ᠶᠢᠨ ᠢᠳᠡᠭᠡᠨ ᠤ ᠠᠮᠤᠷ | ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠠᠵᠢᠯ ᠢ ᠴᠢᠩᠭᠠᠳᠬᠠᠵᠤ᠂ ᠣᠯᠠᠨ ᠲᠦᠮᠡᠨ ᠤ ︽ᠢᠳᠡᠭᠡᠨ ᠤᠮᠳᠠᠭᠠᠨ ᠤ | ᠠᠮᠤᠷ ᠲᠦᠪᠰᠢᠨ︾ ᠢ ᠪᠥᠬᠦ ᠬᠦᠴᠦᠨ ᠢᠶᠠᠷ ᠢᠶᠠᠨ ᠰᠠᠬᠢᠨ ᠬᠠᠮᠠᠭᠠᠯᠠᠬᠤ ᠬᠡᠷᠡᠭᠲᠡᠢ ᠭᠡᠵᠡᠢ᠃ | ᠰᠢᠯᠢ ᠶᠢᠨ ᠬᠤᠳᠠ ᠶᠢᠨ ᠤᠳᠤᠷᠢᠳᠤᠯᠭ᠎ᠠ ᠶᠠᠩ ᠵᠧᠨ᠂ ᠹᠠᠨ ᠰᠢᠶᠣᠣ ᠴᠦᠨ᠂ ᠬᠤᠳᠠ ᠶᠢᠨ ᠰᠢᠭᠤᠳ | ᠬᠠᠷᠢᠶ᠎ᠠ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ᠂ ᠬᠠᠤᠯᠢ ᠬᠡᠷᠡᠭᠵᠢᠭᠦᠯᠬᠦ ᠠᠵᠢᠯᠲᠠᠨ ᠵᠢᠴᠢ | ᠠᠶᠤᠯᠭᠦᠢ ᠦᠢᠯᠡᠳᠪᠦᠷᠢᠯᠡᠯ ᠤᠨ ᠬᠦᠷᠢᠶᠡᠨ ᠤ ᠲᠤᠰᠬᠠᠢ ᠮᠡᠷᠭᠡᠵᠢᠯᠲᠡᠨ ᠪᠠᠶᠢᠴᠠᠭᠠᠯᠲᠠ ᠳᠤ ᠤᠷᠤᠯᠴᠠᠵᠠᠢ᠃ | ᠲᠣᠭᠤᠷ ᠣᠷᠴᠢᠭᠤᠯᠣᠨ ᠨᠠᠶᠢᠷᠠᠭᠤᠯᠪᠠ᠃ | | |