ᠰᠢᠯᠢ ᠶᠢᠨ ᠬᠤᠳᠠ ᠪᠥᠬᠦ ᠬᠤᠲᠠ ᠶᠢᠨ ᠨᠠᠮ ᠤᠨ ᠪᠠᠶᠢᠭᠤᠯᠤᠯᠲᠠ ᠶᠢᠨ ᠠᠵᠢᠯ ᠤᠨ ᠬᠤᠷᠠᠯ ᠵᠢᠴᠢ ᠵᠣᠬᠢᠶᠠᠨ ᠪᠠᠶᠢᠭᠤᠯᠬᠤ᠂ ᠤᠬᠠᠭᠤᠯᠬᠤ᠂ ᠨᠢᠭᠡᠳᠦᠮᠡᠯ ᠹᠷᠣᠨᠲ᠂ ᠣᠯᠠᠨ ᠲᠦᠮᠡᠨ ᠤ ᠪᠦᠯᠬᠦᠮ ᠤᠨ ᠠᠵᠢᠯ ᠤᠨ ᠬᠤᠷᠠᠯ  ᠬᠤᠷᠠᠯᠳᠤᠭᠤᠯᠪᠠ
ᠨᠡᠶᠢᠲᠡᠯᠡᠭᠰᠡᠨ ᠴᠠᠭ᠄
2024/4/10
     4 ᠰᠠᠷ᠎ᠠ ᠶᠢᠨ 1  ᠤ ᠡᠳᠦᠷ᠂  ᠰᠢᠯᠢ ᠶᠢᠨ ᠬᠤᠳᠠ ᠪᠦᠬᠦ ᠬᠤᠳᠠ ᠶᠢᠨ ᠨᠠᠮ ᠤᠨ ᠪᠠᠶᠢᠭᠤᠯᠤᠯᠲᠠ ᠶᠢᠨ ᠠᠵᠢᠯ ᠤᠨ ᠬᠤᠷᠠᠯ ᠵᠢᠴᠢ ᠵᠣᠬᠢᠶᠠᠨ ᠪᠠᠶᠢᠭᠤᠯᠬᠤ᠂ ᠤᠬᠠᠭᠤᠯᠬᠤ᠂ ᠨᠢᠭᠡᠳᠦᠮᠡᠯ ᠹᠷᠣᠨᠲ᠂ ᠤᠯᠠᠨ ᠲᠦᠮᠡᠨ ᠤ ᠪᠦᠯᠬᠦᠮ ᠤᠨ ᠠᠵᠢᠯ ᠤᠨ ᠬᠤᠷᠠᠯ ᠢ ᠬᠤᠷᠠᠯᠳᠤᠭᠤᠯᠤᠭᠰᠠᠨ ᠪᠠᠶᠢᠨ᠎ᠠ᠃      ᠰᠢᠯᠢ ᠶᠢᠨ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ ᠸᠠᠩ ᠰᠢᠸ ᠬᠠᠢ ᠬᠤᠷᠠᠯ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠢ᠃ ᠰᠢᠯᠢ ᠶᠢᠨ ᠬᠤᠲᠠ ᠶᠢᠨ ᠤᠳᠤᠷᠢᠳᠤᠯᠭ᠎ᠠ ᠯᠢ ᠰᠢᠸ ᠵᠢᠶᠠᠩ᠂ ᠭᠦᠸᠧ ᠵᠢᠩ ᠵᠢᠤᠸᠠᠨ ᠂ ᠯᠦ ᡁᠢ ᠮᠢᠨ ᠬᠤᠷᠠᠯ ᠳᠤ ᠣᠷᠣᠯᠴᠠᠭᠰᠠᠨ ᠪᠥᠭᠡᠳ ᠬᠤᠪᠢᠳᠠᠨ ᠬᠠᠮᠢᠶᠠᠷᠴᠤ ᠪᠠᠶᠢᠭ᠎ᠠ ᠠᠵᠢᠯ   ᠢᠶᠠᠨ ᠲᠣᠬᠢᠷᠠᠭᠤᠯᠤᠨ ᠪᠠᠶᠢᠷᠢᠯᠠᠭᠤᠯᠵᠠᠢ᠃
     ᠬᠤᠷᠠᠯ ᠠᠴᠠ ᠴᠢᠬᠤᠯᠠᠴᠢᠯᠠᠭᠰᠠᠨ ᠨᠢ᠂ ᠡᠨᠡ ᠵᠢᠯ ᠪᠣᠯ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ 75 ᠵᠢᠯ ᠤᠨ ᠣᠶ  ᠪᠤᠯᠤᠨ᠎ᠠ᠂ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠦᠪᠵᠢᠭᠦᠯᠭᠡ ᠶᠢᠨ ᠬᠠᠷᠠᠯᠲᠠ ᠡᠭᠦᠷᠭᠡ ᠶᠢ ᠪᠡᠶᠡᠯᠡᠭᠦᠯᠬᠦ ᠵᠠᠩᠭᠢᠯᠠᠭ᠎ᠠ ᠶᠢᠨ ᠨᠢᠭᠡ ᠵᠢᠯ ᠮᠥᠨ᠂ ᠪᠦᠬᠦ ᠬᠤᠲᠠ ᠶᠢᠨ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠤᠯᠤᠰ ᠲᠥᠷᠥ ᠶᠢᠨ ᠬᠠᠷᠢᠭᠤᠴᠠᠯᠭᠠᠲᠤ ᠰᠡᠳᠬᠢᠯᠭᠡ ᠪᠠᠨ ᠴᠢᠩᠭᠠᠳᠬᠠᠵᠤ᠂ ᠰᠢ ᠶᠢᠨ ᠫᠢᠩ ᠶᠡᠷᠦᠩᠬᠡᠢ ᠱᠦᠵᠢ ᠶᠢᠨ ᠥᠪᠥᠷ ᠮᠣᠩᠭᠤᠯ ᠳᠤ ᠲᠤᠰᠢᠶᠠᠭᠰᠠᠨ ᠬᠤᠶᠠᠷ ᠶᠡᠭᠡ ᠶᠠᠪᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠨᠠᠮ ᠤᠨ ᠪᠠᠶᠢᠭᠤᠯᠤᠯᠲᠠ ᠶᠢᠨ ᠠᠵᠢᠯ ᠤᠨ ︽ᠭᠤᠣᠯᠳᠠᠯᠭ᠎ᠠ ᠶᠢᠨ ᠲᠣᠭᠤᠷᠢᠨ ᠳᠤ᠂ ᠶᠡᠭᠡ ᠲᠠᠯ᠎ᠠ ᠳᠤ ᠦᠢᠯᠡᠴᠢᠯᠡᠬᠦ︾ ᠶᠢᠨ ᠭᠠᠷᠳᠠᠬᠤ ᠴᠡᠭ ᠪᠣᠯᠣᠨ ᠤᠶᠠᠯᠳᠤᠯ ᠤᠨ ᠴᠡᠭ ᠢ ᠣᠨᠣᠪᠴᠢᠲᠠᠢ ᠡᠷᠢᠵᠦ᠂ ᠬᠠᠷᠠᠯᠲᠠ ᠡᠭᠦᠷᠭᠡ ᠪᠠᠨ ᠲᠣᠳᠣᠷᠬᠠᠶᠢᠯᠠᠵᠤ ᠂ ᠡᠭᠦᠷᠭᠡ ᠬᠠᠷᠢᠭᠤᠴᠠᠯᠭ᠎ᠠ ᠪᠠᠨ ᠢᠳᠡᠪᠬᠢᠲᠡᠢ ᠭᠦᠢᠴᠡᠳᠬᠡᠵᠦ᠂ ᠡᠭᠦᠷᠭᠡ ᠪᠠᠨ ᠡᠭᠦᠷᠭᠡᠯᠡᠨ ᠵᠢᠳᠬᠦᠯ ᠭᠠᠷᠭᠠᠵᠤ᠂ ᠪᠦᠬᠦ ᠬᠤᠳᠠ ᠶᠢᠨ ᠵᠣᠬᠢᠶᠠᠨ ᠪᠠᠶᠢᠭᠤᠯᠬᠤ᠂ ᠤᠬᠠᠭᠤᠯᠬᠤ᠂ ᠨᠢᠭᠡᠳᠦᠮᠡᠯ ᠹᠷᠣᠨᠲ᠂ ᠤᠯᠠᠨ ᠲᠦᠮᠡᠨ ᠤ ᠪᠦᠯᠬᠦᠮ ᠤᠨ ᠠᠵᠢᠯ ᠢ ᠲᠠᠬᠢᠨ ᠰᠢᠨ᠎ᠡ ᠳᠡᠭᠲᠡᠷ ᠲᠤ ᠭᠠᠷᠭᠠᠬᠤ ᠶᠢ ᠠᠬᠢᠭᠤᠯᠵᠤ᠂ ᠪᠦᠬᠦ ᠬᠤᠳᠠ ᠶᠢᠨ ᠠᠵᠤ ᠠᠬᠤᠢ ᠨᠡᠶᠢᠭᠡᠮ ᠤᠨ ᠡᠷᠡᠭᠦᠯ ᠢᠶᠠᠷ ᠬᠥᠭᠵᠢᠬᠦ ᠳᠤ ᠪᠠᠲᠤ ᠴᠢᠩᠭ᠎ᠠ ᠪᠠᠲᠤᠯᠠᠭ᠎ᠠ ᠬᠠᠩᠭᠠᠵᠤ᠂ ᠬᠦᠴᠦᠷᠬᠡᠭ ᠶᠡᠭᠡ ᠬᠠᠮᠲᠤᠷᠠᠯ ᠤᠨ ᠬᠦᠴᠦᠨ ᠢ ᠨᠢᠭᠲᠠᠷᠠᠭᠤᠯᠬᠤ ᠬᠡᠷᠡᠭᠲᠡᠢ  ᠭᠡᠵᠡᠢ᠃
     ᠰᠢᠯᠢ ᠶᠢᠨ ᠬᠤᠳᠠ ᠶᠢᠨ ᠰᠢᠭᠤᠳ ᠬᠠᠷᠢᠶ᠎ᠠ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠭᠤᠣᠯ ᠬᠠᠷᠢᠭᠤᠴᠠᠯᠭᠠᠲᠠᠨ᠂ ᠡᠯ᠎ᠡ ᠰᠤᠮᠤ ᠪᠠᠯᠭᠠᠰᠤ  ᠮᠠᠯᠵᠢᠯ ᠤᠨ ᠲᠠᠯᠠᠪᠠᠢ᠂ ᠵᠡᠭᠡᠯᠢ ᠭᠤᠳᠤᠮᠵᠢ ᠶᠢᠨ ᠨᠠᠮ ᠤᠨ ᠬᠤᠷᠢᠶ᠎ᠠ︵ᠨᠠᠮ ᠤᠨ ᠠᠵᠢᠯᠯᠠᠬᠤ  ᠵᠦᠪᠯᠡᠯ︶ ᠤᠨ ᠱᠦᠵᠢ᠂ ᠵᠣᠬᠢᠶᠠᠨ ᠪᠠᠶᠢᠭᠤᠯᠬᠤ ᠤᠬᠠᠭᠤᠯᠬᠤ ᠨᠢᠭᠡᠳᠦᠮᠡᠯ ᠹᠷᠣᠨᠲ ᠤᠨ ᠭᠡᠰᠢᠭᠦᠨ᠂ ᠤᠯᠠᠨ ᠲᠦᠮᠡᠨ ᠤ ᠪᠦᠯᠬᠦᠮ ᠤᠨ ᠰᠠᠯᠠᠭ᠎ᠠ ᠮᠥᠴᠢᠷ ᠤᠨ ᠤᠳᠤᠷᠢᠳᠬᠤ ᠪᠠᠭ ᠤᠨ ᠪᠦᠷᠢᠯᠳᠦᠭᠦᠨ ᠬᠤᠷᠠᠯ ᠳᠤ  ᠤᠷᠤᠯᠴᠠᠵᠠᠢ᠃
 
ᠢᠷᠡᠯᠲᠡ᠄ ᠰᠢᠯᠢ ᠶᠢᠨ ᠬᠤᠲᠠ ᠶᠢᠨ ᠵᠠᠰᠠᠭ ᠤᠨ ᠶᠠᠪᠣᠳᠠᠯ ᠤᠨ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号