ᠰᠣᠷᠢᠯᠳᠠ ᠪᠠᠷ ᠰᠡᠷᠭᠡᠶᠢᠯᠡᠬᠦ ᠶᠢ ᠪᠠᠲᠣᠳᠬᠠᠵᠦ᠂ ᠪᠣᠯᠪᠠᠰᠣᠷᠠᠯ ᠢᠶᠠᠷ ᠪᠡᠯᠡᠳᠬᠡᠯ ᠬᠢᠨ᠎ᠡ
ᠨᠡᠶᠢᠲᠡᠯᠡᠭᠰᠡᠨ ᠴᠠᠭ᠄
2024/4/10
     ᠰᠢᠯᠢ ᠶᠢᠨ ᠬᠤᠲᠠ ᠶᠢᠨ ᠣᠢ ᠰᠢᠭᠤᠢ ᠪᠣᠯᠣᠨ ᠨᠣᠳᠤᠭ ᠪᠡᠯᠴᠢᠭᠡᠷ ᠤᠨ ᠲᠣᠪᠴᠢᠶᠠᠨ ᠤ ᠲᠣᠰᠬᠠᠶᠢᠯᠠᠭᠰᠠᠨ ᠭᠠᠯ ᠣᠨᠲᠠᠷᠠᠭᠠᠬᠤ ᠠᠩᠭᠢ ᠨᠢ ᠣᠯᠠᠨ ᠪᠠᠶᠢᠭᠤᠯᠭ᠎ᠠ ᠲᠠᠢ ᠬᠠᠮᠳᠣᠷᠠᠨ 2024 ᠣᠨ ᠤ ᠣᠢ ᠰᠢᠭᠤᠢ ᠨᠣᠲᠤᠭ ᠪᠡᠯᠴᠢᠭᠡᠷ ᠤᠨ ᠭᠠᠯ ᠤᠨ ᠠᠶᠣᠯ ᠢ ᠠᠷᠭᠠᠴᠠᠭᠠᠬᠤ ᠰᠣᠷᠢᠯᠲᠠ ᠦᠷᠨᠢᠭᠦᠯᠪᠡ᠃      ᠱᠢ ᠶᠢᠨ ᠫᠢᠩ ᠶᠡᠷᠦᠩᠬᠡᠢ ᠱᠦᠵᠢ ᠣᠢ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠢᠯᠡᠬᠦ ᠠᠵᠢᠯ ᠤᠨ ᠲᠤᠬᠠᠢ ᠴᠢᠬᠤᠯᠠ ᠵᠢᠭᠠᠪᠤᠷᠢ ᠴᠣᠬᠤᠯᠠᠪᠣᠷᠢ ᠶᠢᠨ ᠵᠣᠷᠢᠭ ᠰᠠᠨᠠᠭ᠎ᠠ ᠶᠢ ᠤᠯᠠᠮ ᠨᠢᠭᠡ ᠠᠯᠬᠤᠮ ᠲᠣᠣᠱᠯᠠᠭᠤᠯᠣᠨ  ᠨᠠᠶᠢᠳᠠᠪᠣᠷᠢᠵᠢᠭᠤᠯᠵᠣ᠂ ᠬᠤᠲᠠ ᠶᠢᠨ ᠣᠢ ᠰᠢᠭᠤᠢ ᠨᠤᠲᠤᠭ ᠪᠡᠯᠴᠢᠭᠡᠷ ᠤᠨ ᠭᠠᠯ ᠤᠨ ᠠᠶᠣᠯ ᠤᠨ ᠪᠠᠴᠢᠮ ᠪᠠᠶᠢᠳᠠᠯ ᠢ ᠠᠷᠭᠠᠴᠠᠭᠠᠬᠤ  ᠴᠢᠳᠠᠪᠣᠷᠢ ᠶᠢ ᠴᠢᠩᠭᠠᠳᠬᠠᠵᠤ᠂ ᠭᠠᠯ ᠤᠨᠲᠠᠷᠠᠭᠠᠬᠤ ᠠᠩᠭᠢ ᠶᠢᠨ ᠪᠦᠬᠦ ᠭᠡᠰᠢᠭᠦᠳ ᠤᠨ ᠭᠠᠯ ᠤᠨᠲᠠᠷᠠᠭᠠᠬᠤ ᠬᠢᠷᠢ ᠬᠡᠮᠵᠢᠶ᠎ᠡ ᠪᠠ ᠬᠠᠮᠵᠢᠯᠴᠠᠨ ᠪᠠᠶᠢᠯᠳᠣᠬᠤ  ᠴᠢᠳᠠᠪᠣᠷᠢ ᠶᠢ ᠲᠡᠭᠡᠭᠰᠢᠯᠡᠭᠦᠯᠬᠦ ᠶᠢᠨ ᠲᠥᠯᠥᠭᠡ᠂ 4 ᠰᠠᠷ᠎ᠠ ᠶᠢᠨ 1 ᠤ ᠡᠳᠦᠷ᠂ ᠰᠢᠯᠢ ᠶᠢᠨ ᠬᠤᠲᠠ ᠶᠢᠨ ᠣᠢ ᠰᠢᠭᠤᠢ ᠪᠣᠯᠤᠨ ᠨᠤᠲᠤᠭ ᠪᠡᠯᠴᠢᠭᠡᠷ ᠤᠨ ᠲᠣᠪᠴᠢᠶᠠᠨ ᠤ ᠲᠣᠰᠬᠠᠶᠢᠯᠠᠭᠰᠠᠨ ᠭᠠᠯ ᠤᠨᠲᠠᠷᠠᠭᠠᠬᠤ ᠠᠩᠭᠢ ᠨᠢ ᠰᠢᠯᠢ ᠶᠢᠨ ᠬᠤᠲᠠ ᠶᠢᠨ ᠭᠠᠯ ᠤᠨᠲᠠᠷᠠᠭᠠᠬᠤ ᠲᠤᠰᠠᠯᠠᠬᠤ ᠭᠤᠷᠪᠠᠳᠤᠭᠠᠷ ᠳᠤᠮᠳᠠ ᠠᠩᠭᠢ ᠪᠣᠯᠤᠨ ᠰᠢᠯᠢ ᠶᠢᠨ ᠬᠤᠲᠠ ᠶᠢᠨ ᠣᠢ ᠰᠢᠭᠤᠢ ᠶᠢᠨ ᠭᠠᠯ ᠤᠨᠲᠠᠷᠠᠭᠠᠬᠤ ᠲᠤᠰᠠᠯᠠᠬᠤ ᠳᠤᠮᠳᠠ ᠠᠩᠭᠢ ᠲᠠᠢ ᠬᠠᠮᠲᠣᠷᠠᠨ 2024 ᠣᠨ ᠤ ᠰᠢᠯᠢ ᠶᠢᠨ ᠬᠤᠲᠠ ᠶᠢᠨ ᠣᠢ ᠰᠢᠭᠤᠢ ᠨᠤᠲᠤᠭ ᠪᠡᠯᠴᠢᠭᠡᠷ ᠤᠨ ᠭᠠᠯ ᠤᠨ ᠠᠶᠣᠯ ᠠᠷᠭᠠᠴᠠᠭᠠᠬᠤ ᠰᠣᠷᠢᠯᠲᠠ ᠬᠢᠪᠡ᠃      ᠪᠣᠯᠪᠠᠰᠤᠷᠠᠯ ᠡᠬᠢᠯᠡᠬᠦ ᠠᠴᠠ ᠡᠮᠦᠨ᠎ᠡ᠂ ᠰᠢᠯᠢ ᠶᠢᠨ ᠬᠤᠲᠠ ᠶᠢᠨ ᠣᠢ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠢᠯᠡᠬᠦ ᠵᠢᠯᠣᠭᠤᠳᠬᠤ ᠭᠠᠵᠠᠷ ᠤᠨ ᠠᠯᠪᠠᠨ ᠭᠡᠷ ᠤᠨ ᠱᠠᠭᠠᠷᠳᠠᠯᠭ᠎ᠠ ᠶᠣᠰᠣᠭᠠᠷ᠂ ᠰᠢᠯᠢ ᠶᠢᠨ ᠬᠤᠲᠠ ᠶᠢᠨ ᠣᠢ ᠰᠢᠭᠤᠢ ᠪᠠ ᠲᠠᠯ᠎ᠠ ᠨᠤᠲᠤᠭ ᠤᠨ ᠲᠣᠪᠴᠢᠶᠠᠨ ᠤ ᠲᠣᠰᠬᠠᠶᠢᠯᠠᠭᠰᠠᠨ ᠭᠠᠯ ᠤᠨᠲᠠᠷᠠᠭᠠᠬᠤ ᠠᠩᠬᠢ ᠠᠴᠠ ᠲᠣᠬᠠᠢ ᠶᠢᠨ ᠭᠠᠵᠠᠷ ᠲᠤ ᠬᠦᠷᠴᠦ ᠳᠠᠭᠤᠷᠢᠶᠠᠮᠠᠯ ᠭᠠᠯ ᠭᠠᠷᠤᠭᠰᠠᠨ ᠲᠠᠯᠠᠪᠠᠢ ᠶᠢ ᠪᠠᠶᠢᠴᠠᠭᠠᠨ ᠶᠢ ᠦᠵᠡᠵᠦ᠂ ᠴᠠᠭ ᠠᠭᠤᠷ᠂ ᠰᠢᠲᠠᠮᠠᠬᠠᠢ ᠪᠣᠳᠠᠰ᠂ ᠡᠷᠭᠢᠨ ᠲᠣᠭᠤᠷᠢᠨ ᠤ ᠵᠠᠮ ᠬᠠᠷᠢᠯᠴᠠᠭ᠎ᠠ ᠵᠡᠷᠭᠡ ᠪᠠᠢᠳᠠᠯ ᠳᠤ ᠪᠦᠬᠦ ᠲᠠᠯ᠎ᠠ ᠶᠢᠨ ᠦᠨᠡᠯᠡᠯᠲᠡ ᠬᠢᠵᠦ᠂ ᠳᠠᠷᠠᠭ᠎ᠠ ᠨᠢ ᠰᠣᠷᠢᠯᠲᠠ ᠳᠤ ᠣᠷᠣᠯᠴᠠᠭᠰᠠᠨ ᠪᠦᠬᠦ ᠬᠥᠮᠦᠰ ᠢ ᠵᠣᠬᠢᠶᠠᠨ ᠪᠠᠶᠢᠭᠤᠯᠵᠣ ᠰᠣᠷᠢᠯᠲᠠ ᠶᠢᠨ ᠭᠠᠵᠠᠷ   ᠲᠤ ᠬᠦᠷᠪᠡ᠃ ᠲᠤᠰ ᠤᠳᠠᠭᠠᠨ ᠤ ᠰᠣᠷᠢᠯᠲᠠ ᠶᠢᠨ ᠵᠢᠯᠣᠭᠤᠳᠣᠭᠴᠢ ᠪᠡᠯᠴᠢᠭᠡᠷ ᠲᠠᠬᠢ ᠭᠠᠯ ᠤᠨ ᠪᠠᠶᠢᠳᠡᠯ ᠢ ᠲᠦᠰᠦᠪᠯᠡᠵᠦ᠂ ᠡᠯ᠎ᠡ ᠲᠣᠭᠤᠶᠢᠯᠠᠩ ᠤᠨ ᠬᠥᠮᠦᠰ ᠢ ︽ᠣᠯᠠᠨ ᠲᠠᠯ᠎ᠠ ᠪᠠᠷ ᠰᠢᠪᠲᠤᠯᠤᠯᠲᠠ ᠬᠢᠵᠦ᠂ ᠴᠡᠷᠢᠭ ᠬᠤᠪᠢᠶᠠᠵᠤ ᠬᠠᠮᠲᠤᠷᠠᠨ ᠪᠠᠶᠢᠭᠤᠯᠬᠤ︾ ᠪᠠᠶᠢᠯᠳᠣᠬᠤ ᠠᠷᠭ᠎ᠠ ᠪᠠᠷ ᠲᠦᠷᠭᠡᠨ ᠬᠦᠳᠡᠯᠣᠯᠴᠠᠬᠦᠯᠵᠦ᠂ ᠰᠠᠯᠬᠢᠨ᠋ ᠤ ᠬᠦᠴᠦ ᠪᠠᠷ ᠭᠠᠯ ᠤᠨᠲᠠᠷᠠᠭᠠᠬᠤ ᠮᠠᠰᠢᠨ᠂ ᠬᠤᠶᠠᠳᠤᠭᠠᠷ ᠨᠣᠮᠧᠷᠲᠦ  ᠪᠠᠭᠠᠵᠢ ᠶᠢ ᠬᠡᠷᠡᠭᠯᠡᠨ ᠲᠦᠷᠭᠡᠨ᠂ ᠪᠦᠲᠦᠮᠵᠢᠲᠠᠢ ᠪᠥᠭᠡᠳ ᠣᠨᠣᠪᠴᠢᠲᠠᠢ ᠪᠠᠷ ᠠᠵᠢᠯᠯᠠᠵᠦ᠂ ᠪᠦᠬᠦᠶᠢᠯᠡ  ᠰᠣᠷᠢᠯᠲᠠ ᠶᠢᠨ ᠶᠠᠪᠤᠴᠠ ᠨᠢ ᠪᠠᠴᠢᠮ ᠲᠣᠯᠭᠠᠮ᠎ᠠ ᠪᠠᠶᠢᠳᠠᠯ ᠲᠣᠮᠳᠡ ᠡᠮᠬᠢ ᠵᠢᠷᠤᠮ ᠲᠠᠢ᠂ ᠵᠣᠬᠢᠰᠲᠠᠢ ᠬᠠᠮᠵᠢᠯᠴᠠᠨ᠂ ᠲᠦᠢᠯᠪᠣᠷᠢᠲᠠᠢ ᠰᠢᠢᠳᠪᠦᠷᠢᠯᠡᠵᠦ᠂ ᠣᠷᠢᠳᠴᠢᠯᠡᠨ ᠵᠢᠱᠢᠭᠰᠡᠨ ᠦᠷ᠎ᠡ ᠪᠦᠲᠦᠮᠵᠢ ᠳᠤ ᠬᠦᠷᠦᠭᠰᠡᠨ ᠪᠠᠢᠨ᠎ᠠ᠃      ᠲᠤᠰ ᠤᠳᠠᠭᠠᠨ ᠤ ᠰᠣᠷᠢᠯᠲᠠ ᠳᠤ ᠭᠠᠯ ᠤᠨᠲᠠᠷᠠᠭᠠᠬᠤ ᠠᠩᠬᠢ ᠶᠢᠨ ᠪᠦᠬᠦ ᠭᠡᠰᠢᠭᠦᠳ ᠤᠨ ᠣᠢ ᠰᠢᠭᠤᠢ ᠨᠤᠲᠤᠭ ᠪᠡᠯᠴᠢᠭᠡᠷ ᠤᠨ ᠲᠦᠢᠮᠡᠷ ᠢ ᠠᠷᠭᠠᠴᠠᠭᠠᠬᠤ ᠬᠠᠮᠲᠣᠷᠠᠨ ᠪᠠᠶᠢᠯᠳᠣᠬᠤ  ᠴᠢᠳᠠᠪᠣᠷᠢ ᠶᠢ ᠰᠢᠯᠭᠠᠨ ᠪᠠᠶᠢᠴᠠᠭᠠᠨ᠂  ᠭᠡᠰᠢᠭᠦᠳ ᠤᠨ ᠣᠨᠴᠠ ᠰᠠᠶᠢᠨ ᠳᠦᠷᠢ ᠲᠥᠷᠬᠦ ᠪᠣᠯᠤᠨ ᠲᠣᠬᠠᠶᠢᠯᠠᠭᠰᠠᠨ ᠠᠵᠢᠯ ᠤᠨ ᠬᠠᠲᠠᠭᠤ ᠳᠠᠭᠠᠭᠠᠮᠠᠭᠠᠢ ᠬᠡᠪ ᠴᠢᠨᠠᠷ ᠢ ᠳᠡᠯᠭᠡᠨ ᠦᠵᠡᠭᠦᠯᠵᠦ᠂  ᠬᠤᠶᠢᠰᠢᠲᠠ ᠶᠢᠨ ᠣᠢ ᠰᠢᠭᠤᠢ ᠨᠤᠲᠤᠭ ᠪᠡᠯᠴᠢᠭᠡᠷ ᠤᠨ ᠲᠦᠢᠮᠡᠷ ᠢ ᠠᠮᠵᠢᠯᠲᠠ  ᠲᠠᠢ ᠰᠢᠢᠳᠪᠦᠷᠢᠯᠡᠵᠦ᠂ ᠠᠷᠠᠳ ᠣᠯᠠᠨ ᠤ ᠠᠮᠢ ᠨᠠᠰᠤ ᠡᠳ᠋  ᠬᠥᠷᠦᠩᠭᠡ ᠶᠢᠨ ᠠᠮᠤᠷ ᠲᠦᠪᠰᠢᠨ ᠢ ᠬᠠᠮᠠᠭᠠᠯᠠᠬᠤ ᠳᠤ ᠰᠠᠭᠤᠷᠢ ᠲᠠᠯᠪᠢᠭᠰᠠᠨ ᠪᠠᠶᠢᠨ᠎ᠠ᠃
 
ᠢᠷᠡᠯᠲᠡ᠄ ᠰᠢᠯᠢ ᠶᠢᠨ ᠬᠤᠲᠠ ᠶᠢᠨ ᠵᠠᠰᠠᠭ ᠤᠨ ᠶᠠᠪᠣᠳᠠᠯ ᠤᠨ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号