ᠰᠢᠯᠢ ᠶᠢᠨ ᠬᠤᠳᠠ ᠶᠢᠨ ᠤᠯᠠᠭᠠᠨᠮᠥ᠋ᠴᠢᠷ ᠦᠨᠳᠦᠰᠦᠨ ᠱᠠᠲᠤᠨ ᠤ ᠮᠠᠯᠴᠢᠨ ᠲᠠᠷᠢᠶᠠᠴᠢᠨ ᠳᠤ ᠦᠢᠯᠡᠴᠢᠯᠡᠨ᠎ᠡ
ᠨᠡᠶᠢᠲᠡᠯᠡᠭᠰᠡᠨ ᠴᠠᠭ᠄
2024/4/10
     ᠯᠧᠢ ᠹᠧᠩ ᠤᠨ ᠵᠣᠷᠢᠭ ᠰᠠᠨᠠᠭ᠎ᠠ ᠶᠢ ᠶᠡᠬᠡᠪᠡᠷ ᠤᠯᠠᠮᠵᠢᠯᠠᠨ ᠪᠠᠳᠠᠷᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠵᠤ᠂ ᠦᠨᠳᠦᠰᠦᠲᠡᠨ ᠤ ᠪᠦᠯᠬᠦᠮᠳᠡᠯ ᠲᠠᠢ᠂ ᠡᠶ᠎ᠡ ᠵᠣᠬᠢᠴᠠᠯ ᠲᠠᠢ ᠪᠠᠷ ᠬᠠᠷᠢᠯᠴᠠᠨ ᠬᠠᠪᠰᠤᠷᠤᠯᠴᠠᠬᠤ ᠨᠡᠶᠢᠭᠡᠮ ᠤᠨ ᠠᠭᠤᠷ ᠠᠮᠢᠰᠬᠤᠯ ᠢ ᠪᠤᠢ ᠪᠣᠯᠭᠠᠬᠤ ᠶᠢᠨ ᠲᠥᠯᠥᠭᠡ᠂ ᠣᠶᠢᠷ᠎ᠠ ᠶᠢᠨ ᠡᠳᠦᠷ ᠂  ᠰᠢᠯᠢ ᠶᠢᠨ ᠬᠤᠳᠠ ᠶᠢᠨ ᠤᠯᠠᠭᠠᠨᠮᠥ᠋ᠴᠢᠷ ︽ᠦᠨᠳᠦᠰᠦᠨ ᠱᠠᠲᠤᠨ ᠳᠤ ᠦᠨᠳᠦᠰᠦᠯᠡᠵᠦ᠂ ᠣᠯᠠᠨ ᠲᠦᠮᠡᠨ ᠳᠤ ᠦᠢᠯᠡᠴᠢᠯᠡᠬᠦ︾ ᠰᠢᠯᠢᠳᠡᠭ ᠤᠯᠠᠮᠵᠢᠯᠠᠯ ᠢᠶᠠᠨ ᠪᠠᠳᠠᠷᠠᠭᠤᠯᠵᠤ᠂  ᠠᠷᠠᠳ ᠤᠯᠠᠨ ᠤ ᠪᠣᠳᠠᠲᠠᠢ ᠬᠡᠷᠡᠭᠴᠡᠭᠡ ᠠᠴᠠ ᠡᠭᠦᠰᠴᠦ᠂  ᠥᠷᠭᠡᠨ ᠣᠯᠠᠨ ᠲᠦᠮᠡᠨ ᠳᠤ ᠪᠣᠳᠠᠲᠤ ᠶᠠᠪᠤᠳᠠᠯ᠂ ᠰᠠᠶᠢᠨ ᠶᠠᠪᠤᠳᠠᠯ ᠬᠢᠵᠦ ᠦᠭᠴᠤ ᠪᠠᠶᠢᠨ᠎ᠠ᠃      ᠣᠳᠣᠬᠠᠨ ᠳᠤ  ᠂ ᠮᠠᠯᠵᠢᠬᠤ ᠤᠷᠤᠨ ᠳᠤ ᠶᠠᠭ ᠲᠦᠯ ᠲᠤᠰᠬᠤ ᠮᠠᠯ ᠠᠵᠤ ᠠᠬᠤᠢ ᠶᠢᠨ ᠦᠢᠯᠡᠳᠪᠦᠷᠢᠯᠡᠯ ᠤᠨ ᠶᠠᠭᠠᠷᠠᠯᠲᠠᠢ ᠴᠠᠭ ᠦᠶ᠎ᠡ ᠪᠠᠶᠢᠵᠤ᠂  ᠰᠢᠯᠢ ᠶᠢᠨ ᠬᠤᠳᠠ ᠶᠢᠨ ᠤᠯᠠᠭᠠᠨᠮᠥ᠋ᠴᠢᠷ ᠤᠨ ᠰᠠᠶᠢᠨ ᠳᠤᠷ᠎ᠠ ᠶᠢᠨ ᠦᠢᠯᠡᠴᠢᠯᠡᠭᠡᠨ ᠤ ᠰᠠᠯᠪᠤᠷᠢ ᠪᠠᠭ᠎ᠠ ᠠᠩᠭᠢ ᠶᠢᠨ ᠬᠢᠨ ᠨᠢ ᠪᠤᠯᠠᠭᠠᠨ ᠰᠤᠮᠤᠨ ᠤ ᠰᠢᠷᠠᠳᠠᠯ᠎ᠠ   ᠭᠠᠴᠠᠭᠠᠨ ᠤ ᠮᠠᠯᠴᠢᠨ ᠲᠤᠩᠭᠠᠯᠠᠭ ᠤᠨ ᠭᠡᠷ ᠲᠤ ᠢᠷᠡᠵᠦ᠂ ︽ᠯᠧᠢ ᠹᠧᠩ ᠠᠴᠠ ᠰᠤᠷᠤᠯᠴᠠᠬᠤ︾ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ   ᠦᠷᠨᠢᠬᠦᠯᠵᠤ᠂ ᠲᠠᠳᠠᠨ ᠢ ᠬᠠᠪᠰᠤᠷᠤᠨ ᠮᠠᠯ ᠤᠨ ᠫᠧᠩ ᠬᠤᠷᠤᠭ᠎ᠠ ᠶᠢ ᠴᠡᠪᠡᠷᠯᠠᠨ  ᠠᠷᠢᠯᠭᠠᠵᠤ ᠦᠭᠬᠦᠭᠰᠠᠨ ᠪᠠᠶᠢᠨ᠎ᠠ᠃      ᠰᠢᠯᠢ ᠶᠢᠨ ᠬᠤᠳᠠ ᠶᠢᠨ ᠪᠤᠯᠠᠭᠠᠨ ᠰᠤᠮᠤᠨ ᠤ ᠨᠠᠮ ᠤᠨ ᠬᠤᠷᠢᠶᠠᠨ ᠤ ᠭᠡᠰᠢᠭᠦᠨ᠂ ᠵᠣᠬᠢᠶᠠᠨ ᠪᠠᠶᠢᠭᠤᠯᠬᠤ ᠭᠡᠰᠢᠭᠦᠨ ᠬᠠᠨᠠᠭᠠᠷ᠄  ᠲᠦᠯ ᠲᠤᠰᠬᠤ  ᠶᠠᠭᠠᠷᠠᠯᠲᠠᠢ ᠦᠶ᠎ᠠ ᠳᠤ᠂ ᠤᠯᠠᠭᠠᠨᠮᠥ᠋ᠴᠢᠷ ᠤᠨ ᠭᠡᠰᠢᠭᠦᠳ ᠮᠠᠨ ᠤ ᠰᠤᠮᠤ ᠭᠠᠴᠠᠭ᠎ᠠ ᠲᠠᠢ ᠬᠠᠷᠢᠯᠴᠠᠵᠤ᠂ ᠮᠠᠯᠴᠢᠨ ᠠᠶᠢᠯ ᠳᠤ ᠢᠷᠡᠵᠤ᠂  ᠪᠤᠳᠠᠳᠤ ᠠᠵᠢᠯ ᠬᠢᠵᠤ ᠲᠤᠰᠨ ᠲᠠᠮᠵᠢᠯᠭᠡ ᠪᠤᠯᠵᠤ ᠪᠠᠶᠢᠨ᠎ᠠ᠃      ᠤᠯᠠᠭᠠᠨᠮᠦ᠋ᠴᠢᠷ ᠤᠨ ᠲᠤᠭᠯᠠᠭᠴᠢᠳ ᠪᠠᠰᠨ ᠤᠷᠠᠨ ᠰᠠᠶᠢᠬᠠᠨ ᠤ ᠲᠣᠭᠯᠠᠯᠲᠠ ᠭᠠᠷᠭᠠᠵᠤ᠂ ᠮᠠᠯᠴᠢᠳ ᠠᠷᠠᠳ  ᠢᠶᠠᠨ ᠪᠠᠶᠠᠰᠬᠠᠵᠤ ᠪᠠᠶᠢᠯ᠎ᠠ᠃      ᠰᠢᠯᠢ ᠶᠢᠨ ᠬᠤᠳᠠ ᠶᠢᠨ ᠤᠯᠠᠭᠠᠨᠮᠥ᠋ᠴᠢᠷ ᠤᠨ ᠳᠠᠷᠤᠭ᠎ᠠ ᠯᠢ ᠶᠦᠩ ᠱᠧᠩ᠄  ᠰᠢᠯᠢ ᠶᠢᠨ ᠬᠤᠳᠠ ᠶᠢᠨ ᠤᠯᠠᠭᠠᠨᠮᠥ᠋ᠴᠢᠷ ᠨᠡᠶᠢᠭᠡᠮ ᠲᠣᠭᠤᠷᠢᠭ ᠵᠡᠭᠡᠯᠢ ᠭᠤᠳᠤᠮᠵᠢ ᠮᠠᠯᠵᠢᠬᠤ ᠤᠷᠤᠨ ᠪᠠᠷ ᠭᠦᠨᠵᠡᠭᠡᠶᠢᠷᠡᠨ ᠦᠨᠳᠦᠰᠦᠨ ᠱᠠᠲᠤᠨ ᠤ ᠠᠷᠠᠳ ᠲᠤ ᠠᠰᠢᠭ ᠬᠦᠷᠲᠡᠭᠡᠬᠦ ᠲᠣᠭᠯᠠᠯᠲᠠ ᠶᠢᠨ ᠦᠢᠯᠡᠴᠢᠯᠡᠭᠡᠨ ᠤ ᠠᠵᠢᠯᠯᠠᠭ᠎ᠠ ᠶᠢ ᠤᠯᠠᠨᠳᠠ ᠦᠷᠨᠢᠬᠦᠯᠵᠤ᠂ ᠤᠯᠠᠭᠠᠨᠮᠥ᠋ᠴᠢᠷ ᠤᠨ ᠬᠤᠪᠢᠰᠬᠠᠯᠲᠤ ᠤᠳᠬ᠎ᠠ ᠤᠷᠠᠯᠢᠭ ᠤᠨ ᠬᠥᠩᠭᠡᠨ ᠮᠣᠷᠢᠲᠤ ᠴᠡᠷᠢᠭ ᠤᠨ ᠦᠨᠳᠦᠰᠦᠨ ᠱᠠᠲᠤᠨ ᠳᠤ ᠭᠦᠨᠵᠡᠭᠡᠶᠢᠷᠡᠬᠦ᠂ ᠣᠯᠠᠨ ᠲᠦᠮᠡᠨ ᠤ ᠳᠤᠮᠳᠠ ᠦᠨᠳᠦᠰᠦᠯᠡᠬᠦ ᠰᠢᠯᠢᠳᠡᠭ ᠤᠯᠠᠮᠵᠢᠯᠠᠯ ᠢ ᠤᠯᠠᠮ ᠨᠢᠭᠡ ᠠᠯᠬᠤᠮ ᠤᠯᠠᠮᠵᠢᠯᠠᠨ ᠪᠠᠳᠠᠷᠠᠭᠤᠯᠤᠭᠰᠠᠨ ᠪᠠᠶᠢᠨ᠎ᠠ᠃      ᠤᠯᠠᠭᠠᠨᠮᠥ᠋ᠴᠢᠷ — ᠥᠪᠥᠷ ᠮᠣᠩᠭᠤᠯ ᠤᠨ ᠲᠠᠯ᠎ᠠ ᠨᠤᠲᠤᠭ ᠠᠴᠠ ᠢᠷᠡᠯᠲᠡ ᠲᠠᠢ ᠡᠨᠡᠬᠦ ᠤᠳᠬ᠎ᠠ ᠤᠷᠠᠯᠢᠭ ᠤᠨ ᠬᠥᠩᠭᠡᠨ ᠮᠣᠷᠢᠲᠤ ᠴᠡᠷᠢᠭ ᠨᠢ ᠤᠳᠬ᠎ᠠ ᠤᠷᠠᠯᠢᠭ ᠤᠨ ᠹᠷᠣᠨᠲ ᠤᠨ ᠲᠤᠭ ᠲᠡᠮᠳᠡᠭ ᠪᠣᠯᠬᠤ ᠪᠠᠷ ᠪᠠᠷᠠᠬᠤ ᠦᠭᠡᠢ ᠨᠡᠩ ᠴᠤ ᠥᠪᠡᠷᠮᠢᠴᠡ ᠣᠨᠴᠠᠯᠢᠭ ᠲᠠᠢ ᠰᠣᠶᠣᠯ ᠤᠨ ᠲᠥᠯᠥᠭᠡᠯᠡᠭᠴᠢ ᠪᠠᠶᠢᠵᠤ᠂ ᠲᠡᠭᠦᠨ ᠤ ᠲᠡᠰᠪᠦᠷᠢ ᠬᠠᠲᠠᠭᠤᠵᠢᠯᠲᠠᠢ ᠤᠯᠠᠮᠵᠢᠯᠠᠯ ᠪᠤᠯᠤᠨ ᠰᠢᠨ᠎ᠡ ᠡᠭᠦᠳᠦᠯᠲᠡ ᠪᠠᠷ ᠢᠶᠠᠨ ᠤᠮᠠᠷᠠᠲᠤ ᠶᠢᠨ ᠰᠣᠶᠣᠯ ᠤᠨ ᠦᠵᠡᠰᠬᠦᠯᠡᠩᠲᠦ ᠰᠠᠶᠢᠬᠠᠨ ᠬᠠᠭᠤᠳᠠᠰᠤ ᠶᠢ ᠪᠢᠴᠢᠭᠯᠡᠵᠦ ᠪᠠᠶᠢᠳᠠᠭ᠃ ᠤᠯᠠᠭᠠᠨᠮᠥ᠋ᠴᠢᠷ ᠪᠠᠶᠢᠭᠤᠯᠤᠭᠳᠠᠬᠤ ᠶᠢᠨ ᠡᠬᠢᠨ ᠤ ᠦᠶ᠎ᠡ ᠳᠤ᠂ ᠭᠡᠰᠢᠭᠦᠳ ᠲᠣᠭᠯᠠᠯᠲᠠ ᠶᠢᠨ ᠴᠢᠯᠦᠭᠡ ᠵᠠᠪ ᠢᠶᠠᠷ ᠢᠶᠠᠨ ᠪᠠᠰᠠ ᠮᠠᠯᠴᠢᠨ ᠲᠠᠷᠢᠶᠠᠴᠢᠨ ᠤ ᠠᠮᠢᠳᠤᠷᠠᠯ ᠦᠢᠯᠡᠳᠪᠤᠷᠢᠯᠡᠯ  ᠳᠤ ᠠᠭᠤᠰᠴᠤ᠂ ᠮᠠᠯᠴᠢᠨ ᠲᠠᠷᠢᠶᠠᠴᠢᠨ ᠲᠠᠢ ᠵᠢᠭᠠᠰᠤ ᠤᠰᠤᠨ ᠤ ᠭᠦᠨ ᠵᠤᠵᠠᠭᠠᠨ ᠬᠠᠶᠢᠷ᠎ᠠ ᠰᠡᠳᠬᠢᠯᠭᠡ ᠲᠠᠢ ᠪᠣᠯᠵᠤ ᠂ ᠦᠨᠳᠦᠰᠦᠨ ᠱᠠᠲᠤᠨ ᠠᠴᠠ ᠬᠠᠮᠤᠭ  ᠣᠶᠢᠷ᠎ᠠ᠂ ᠠᠷᠠᠳ ᠤᠯᠠᠨ ᠠᠴᠠ ᠬᠠᠮᠤᠭ  ᠣᠶᠢᠷ᠎ᠠ ᠤᠳᠬ᠎ᠠ ᠤᠷᠠᠯᠢᠭ ᠤᠨ ᠬᠥᠩᠭᠡᠨ ᠮᠣᠷᠢᠲᠤ ᠴᠡᠷᠢᠭ ᠪᠣᠯᠵᠠᠢ᠃ ᠲᠡᠳᠡ ᠢᠮᠠᠭᠲᠠ ᠠᠷᠠᠳ ᠤᠯᠠᠨ ᠤ ᠳᠤᠮᠳᠠ ᠦᠨᠳᠦᠰᠦᠯᠡᠵᠦ᠂ ᠠᠷᠠᠳ ᠤᠯᠠᠨ ᠯᠤᠭ᠎ᠠ ᠶᠢᠨ ᠨᠢᠭᠲᠠ ᠬᠠᠷᠢᠯᠴᠠᠭ᠎ᠠ ᠪᠠᠨ ᠪᠠᠲᠤᠯᠠᠵᠤ᠂ ᠪᠦᠬᠦ ᠰᠡᠳᠬᠢᠯ ᠪᠦᠬᠦ ᠵᠣᠷᠢᠭ ᠢᠶᠠᠷ ᠢᠶᠠᠨ ᠠᠷᠠᠳ ᠲᠦᠮᠡᠨ ᠳᠤ ᠦᠢᠯᠡᠴᠢᠯᠡᠳᠡᠭ ᠵᠣᠷᠢᠭ ᠰᠠᠨᠠᠭ᠎ᠠ ᠪᠠᠨ ᠪᠠᠳᠠᠷᠠᠭᠤᠯᠤᠭᠰᠠᠭᠠᠷ ᠢᠷᠠᠯ᠎ᠠ᠃      ᠳᠠᠷᠠᠭᠠᠴᠢ ᠶᠢᠨ ᠠᠯᠬᠤᠮ ᠳᠤ᠂ ᠰᠢᠯᠢ ᠶᠢᠨ ᠬᠤᠳᠠ ᠶᠢᠨ ᠤᠯᠠᠭᠠᠨᠮᠥ᠋ᠴᠢᠷ  ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠭᠤᠣᠯ ᠱᠤᠭᠤᠮ ᠤᠨ ᠲᠣᠭᠤᠷᠢᠨ ᠳᠤ ᠦᠷᠭᠦᠯᠵᠢᠯᠡᠨ ᠭᠤᠣᠯᠳᠠᠭᠤᠯᠵᠤ᠂ ︽ᠬᠤᠶᠠᠷ ᠢ ᠴᠣᠭᠴᠠᠯᠠᠬᠤ︾ ᠶᠢ ᠭᠦᠨᠵᠡᠭᠡᠢ ᠠᠬᠢᠭᠤᠯᠵᠤ᠂ ᠲᠣᠭᠯᠠᠯᠲᠠ ᠭᠠᠷᠭᠠᠬᠤ᠂ ᠤᠬᠠᠭᠤᠯᠬᠤ᠂ ᠬᠠᠪᠰᠤᠷᠤᠨ ᠵᠢᠯᠤᠭᠤᠳᠬᠤ᠂ ᠦᠢᠯᠡᠴᠢᠯᠡᠬᠦ᠂ ᠵᠣᠬᠢᠶᠠᠨ ᠪᠦᠲᠦᠭᠡᠬᠦ᠂ ᠰᠢᠨ᠎ᠡ ᠶᠢ ᠡᠭᠦᠳᠬᠦ᠂ ᠰᠣᠶᠣᠯ ᠤᠨ ᠰᠣᠯᠢᠯᠴᠠᠭ᠎ᠠ ᠬᠢᠬᠦ᠂ ᠤᠯᠠᠮᠵᠢᠯᠠᠨ ᠵᠠᠯᠭᠠᠮᠵᠢᠯᠠᠬᠤ ᠡᠭᠦᠷᠭᠡ ᠴᠢᠳᠠᠪᠤᠷᠢ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠠᠷᠠᠳ ᠲᠦᠮᠡᠨ ᠢᠶᠠᠷ ᠭᠤᠣᠯ ᠪᠣᠯᠭᠠᠭᠰᠠᠨ ᠵᠣᠬᠢᠶᠠᠨ ᠪᠦᠲᠦᠭᠡᠬᠦ ᠤᠳᠤᠷᠢᠳᠤᠮᠵᠢ ᠶᠢ ᠪᠠᠷᠢᠮᠲᠠᠯᠠᠨ᠂ ᠤᠯᠠᠭᠠᠨᠮᠥ᠋ᠴᠢᠷ ᠤᠨ ᠰᠢᠯᠢᠳᠡᠭ ᠤᠯᠠᠮᠵᠢᠯᠠᠯ ᠢ ᠶᠡᠬᠡᠪᠡᠷ ᠪᠠᠳᠠᠷᠠᠭᠤᠯᠵᠤ᠂ ᠦᠨᠳᠦᠰᠦᠨ ᠱᠠᠲᠤᠨ ᠳᠤ ᠦᠨᠳᠦᠰᠦᠯᠡᠨ᠂ ᠠᠮᠢᠳᠤᠷᠠᠯ ᠳᠤ ᠭᠦᠨᠵᠡᠭᠡᠶᠢᠷᠡᠵᠦ᠂ ᠡᠯᠪᠡᠭ ᠪᠠᠶᠠᠯᠢᠭ ᠤᠳᠬ᠎ᠠ ᠤᠷᠠᠯᠢᠭ ᠤᠨ ᠬᠡᠯᠪᠡᠷᠢ ᠪᠠᠷ ᠨᠠᠮ ᠤᠨ ᠲᠥᠷᠥ ᠶᠢᠨ ᠪᠣᠳᠣᠯᠭ᠎ᠠ ᠶᠢ ᠤᠬᠠᠭᠤᠯᠵᠤ᠂ ᠨᠠᠮ ᠤᠨ ᠲᠠᠭᠤᠨ ᠢ ᠳᠠᠮᠵᠢᠭᠤᠯᠵᠤ᠂ ᠥᠨᠢ ᠡᠭᠦᠷᠢᠳᠡ ᠲᠠᠯ᠎ᠠ ᠨᠤᠲᠤᠭ ᠤᠨ ︽ᠬᠤᠪᠢᠰᠬᠠᠯᠲᠤ ᠤᠳᠬ᠎ᠠ ᠤᠷᠠᠯᠢᠭ ᠤᠨ ᠬᠥᠩᠭᠡᠨ ᠮᠣᠷᠢᠲᠤ ᠴᠡᠷᠢᠭ︾ ᠪᠣᠯᠬᠤ   ᠪᠠᠷ ᠬᠦᠴᠦᠯᠠᠨ ᠴᠢᠷᠮᠠᠶᠢᠵᠤ ᠪᠠᠶᠢᠨ᠎ᠠ      ᠲᠣᠭᠤᠷ ᠣᠷᠴᠢᠭᠤᠯᠣᠨ ᠨᠠᠶᠢᠷᠠᠭᠤᠯᠪᠠ᠃  
 
ᠢᠷᠡᠯᠲᠡ᠄ ᠰᠢᠯᠢ ᠶᠢᠨ ᠬᠤᠲᠠ ᠶᠢᠨ ᠵᠠᠰᠠᠭ ᠤᠨ ᠶᠠᠪᠣᠳᠠᠯ ᠤᠨ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号