ᠰᠢᠯᠢ ᠶᠢᠨ ᠭᠤᠣᠯ ᠠᠶᠢᠮᠠᠭ ᠤᠨ ᠨᠤᠲᠤᠭ ᠪᠡᠯᠴᠢᠭᠡᠷ ᠤᠨ ᠠᠵᠢᠯ ᠤᠨ ᠦᠷᠲᠡᠭᠡ ᠰᠢᠯᠢ ᠶᠢᠨ ᠬᠤᠲᠠ ᠶᠢᠨ ᠬᠠᠪᠤᠷ ᠤᠨ ᠤᠯᠠᠷᠢᠯ ᠤᠨ ᠲᠠᠯ᠎ᠠ ᠨᠤᠲᠤᠭ ᠤᠨ ᠬᠤᠯᠤᠭᠠᠨ᠎ᠠ ᠶᠢᠨ ᠬᠥᠨᠥᠭᠡᠯ ᠢ ᠰᠡᠷᠭᠡᠶᠢᠯᠡᠨ ᠵᠠᠰᠠᠬᠤ ᠠᠵᠢᠯ ᠵᠢᠴᠢ ᠡᠪᠡᠰᠦᠨ ᠤ ᠦᠷ᠎ᠡ ᠦᠷᠡᠵᠢᠭᠦᠯᠦᠨ ᠪᠤᠶᠢᠵᠢᠭᠤᠯᠬᠤ ᠰᠠᠭᠤᠷᠢᠨ ᠭᠠᠵᠠᠷ ᠤᠨ ᠨᠣᠭᠤᠭᠠᠷᠠᠭᠰᠠᠨ ᠪᠠᠶᠢᠳᠠᠯ ᠢ ᠲᠤᠭᠤᠷᠢᠨ ᠪᠠᠶᠢᠴᠠᠭᠠᠪᠠ
ᠨᠡᠶᠢᠲᠡᠯᠡᠭᠰᠡᠨ ᠴᠠᠭ᠄
2024/4/20
 ᠰᠢᠯᠢ ᠶᠢᠨ ᠭᠤᠣᠯ ᠠᠶᠢᠮᠠᠭ ᠤᠨ ᠨᠤᠲᠤᠭ ᠪᠡᠯᠴᠢᠭᠡᠷ ᠤᠨ ᠠᠵᠢᠯ ᠤᠨ ᠦᠷᠲᠡᠭᠡ ᠰᠢᠯᠢ ᠶᠢᠨ ᠬᠤᠲᠠ ᠶᠢᠨ ᠬᠠᠪᠤᠷ ᠤᠨ ᠤᠯᠠᠷᠢᠯ ᠤᠨ ᠲᠠᠯ᠎ᠠ ᠨᠤᠲᠤᠭ ᠤᠨ ᠬᠤᠯᠤᠭᠠᠨ᠎ᠠ ᠶᠢᠨ ᠬᠥᠨᠥᠭᠡᠯ ᠢ ᠰᠡᠷᠭᠡᠶᠢᠯᠡᠨ ᠵᠠᠰᠠᠬᠤ ᠠᠵᠢᠯ ᠵᠢᠴᠢ ᠡᠪᠡᠰᠦᠨ ᠤ ᠦᠷ᠎ᠡ ᠦᠷᠡᠵᠢᠭᠦᠯᠦᠨ ᠪᠤᠶᠢᠵᠢᠭᠤᠯᠬᠤ ᠰᠠᠭᠤᠷᠢᠨ ᠭᠠᠵᠠᠷ ᠤᠨ ᠨᠣᠭᠤᠭᠠᠷᠠᠭᠰᠠᠨ ᠪᠠᠶᠢᠳᠠᠯ ᠢ ᠲᠤᠭᠤᠷᠢᠨ ᠪᠠᠶᠢᠴᠠᠭᠠᠪᠠ      2024 ᠣᠨ ᠤ 4 ᠰᠠᠷ᠎ᠠ ᠶᠢᠨ 15᠎ ᠤ ᠡᠳᠦᠷ᠂ ᠰᠢᠯᠢ ᠶᠢᠨ ᠭᠤᠤᠯ ᠠᠶᠢᠮᠠᠭ ᠤᠨ ᠨᠤᠲᠤᠭ ᠪᠡᠯᠴᠢᠭᠡᠷ ᠤᠨ ᠠᠵᠢᠯ ᠤᠨ ᠥᠷᠲᠡᠭᠡᠨ ᠤ ᠨᠠᠷᠠᠰᠤ ᠦᠷᠳᠡᠭᠡᠨ ᠳᠠᠷᠤᠭ᠎ᠠ ᠨᠠᠷ ᠮᠠᠨ ᠤ ᠬᠤᠲᠠ ᠶᠢᠨ ᠬᠠᠪᠤᠷ ᠤᠨ ᠤᠯᠠᠷᠢᠯ ᠤᠨ ᠲᠠᠯ᠎ᠠ ᠨᠤᠲᠤᠭ ᠤᠨ ᠬᠤᠯᠤᠭᠠᠨ᠎ᠠ ᠶᠢᠨ ᠬᠥᠨᠥᠭᠡᠯ ᠢ ᠰᠡᠷᠭᠡᠶᠢᠯᠡᠨ ᠵᠠᠰᠠᠬᠤ ᠠᠵᠢᠯ ᠪᠠ ᠡᠪᠡᠰᠦᠨ ᠤ ᠦᠷ᠎ᠡ ᠦᠷᠡᠵᠢᠭᠦᠯᠦᠨ ᠪᠤᠶᠢᠵᠢᠭᠤᠯᠬᠤ ᠰᠠᠭᠤᠷᠢᠨ ᠭᠠᠵᠠᠷ ᠤᠨ ᠨᠣᠭᠤᠭᠠᠷᠠᠵᠤ ᠪᠠᠶᠢᠭ᠎ᠠ ᠪᠠᠶᠢᠳᠠᠯ ᠢ ᠪᠠᠶᠢᠴᠠᠭᠠᠨ ᠵᠢᠯᠣᠭᠤᠳᠪᠠ᠃ 2024 ᠣᠨ ᠳᠤ ᠪᠥᠬᠦ ᠬᠤᠲᠠ ᠶᠢᠨ ᠲᠠᠯ᠎ᠠ ᠨᠤᠲᠤᠭ ᠤᠨ ᠬᠤᠯᠤᠭᠠᠨ᠎ᠠ ᠶᠢᠨ ᠬᠥᠨᠥᠭᠡᠯ ᠢ ᠰᠡᠷᠭᠡᠶᠢᠯᠡᠨ ᠵᠠᠰᠠᠬᠤ ᠲᠠᠯᠠᠪᠠᠶ 50 ᠲᠦᠮᠡᠨ ᠮᠥ ᠪᠠᠶᠢᠵᠤ᠂ ᠰᠡᠷᠭᠡᠶᠢᠯᠡᠨ ᠵᠠᠰᠠᠬᠤ ᠠᠵᠢᠯ ᠢ 4 ᠰᠠᠷ᠎ᠠ ᠶᠢᠨ 7᠎ ᠤ ᠡᠳᠦᠷ ᠠᠴᠠ ᠪᠥᠬᠦ ᠲᠠᠯ᠎ᠠ ᠪᠠᠷ ᠥᠷᠨᠢᠭᠦᠯᠵᠦ᠂ ᠣᠲᠣ ᠪᠣᠯᠲᠠᠯ᠎ᠠ ᠰᠡᠷᠭᠡᠶᠢᠯᠡᠨ ᠵᠠᠰᠠᠬᠤ ᠲᠠᠯᠠᠪᠠᠶ 11.48 ᠲᠦᠮᠡᠨ ᠮᠥ ᠳᠤ ᠬᠦᠷᠴᠦ᠂ ᠠᠶᠢᠮᠠᠭ ᠤᠨ ᠨᠤᠲᠤᠭ ᠪᠡᠯᠴᠢᠭᠡᠷ ᠤᠨ ᠠᠵᠢᠯ ᠤᠨ ᠥᠷᠲᠡᠭᠡ ᠨᠢ ᠰᠡᠷᠭᠡᠶᠢᠯᠡᠨ ᠵᠠᠰᠠᠬᠤ ᠲᠥᠰᠦᠯ ᠵᠢᠴᠢ ᠤᠯᠤᠰ ᠤᠨ ᠪᠣᠬᠢᠷᠲᠤᠯ ᠥᠬᠡᠶ ᠰᠡᠷᠭᠡᠶᠢᠯᠡᠨ ᠡᠵᠡᠮᠳᠡᠬᠦ ᠱᠠᠭᠠᠷᠳᠠᠯᠭ᠎ᠠ ᠶᠢ ᠴᠢᠩᠭ᠎ᠠ ᠵᠢᠷᠤᠮᠯᠠᠨ᠂ ᠰᠡᠷᠭᠡᠶᠢᠯᠡᠨ ᠵᠠᠰᠠᠬᠤ ᠠᠵᠢᠯ ᠢ ᠯᠠᠪᠳᠠᠭᠤᠨ ᠪᠠᠲᠤᠲᠠᠶ ᠠᠬᠢᠭᠤᠯᠬᠤ ᠶᠢᠨ ᠬᠠᠮᠲᠤ ᠪᠠᠷᠢᠮᠵᠢᠶ᠎ᠠ ᠪᠠᠷ ᠠᠵᠢᠯᠯᠠᠬᠤ ᠶᠢ ᠴᠢᠩᠭᠠᠳᠬᠠᠨ᠂ ᠠᠮᠤᠷ ᠲᠦᠪᠰᠢᠨ ᠢᠶᠠᠷ ᠡᠮ ᠬᠡᠷᠡᠭᠯᠡᠬᠦ᠂ ᠮᠠᠰᠢᠨ ᠮᠧᠬᠠᠨᠢᠭ ᠵᠡᠷᠭᠡ ᠶᠢ ᠴᠢᠩᠭᠠᠳᠬᠠᠵᠤ᠂ ᠨᠤᠲᠤᠭ ᠪᠡᠯᠴᠢᠭᠡᠷ ᠤᠨ ᠬᠤᠯᠤᠭᠠᠨ᠎ᠠ ᠶᠢᠨ ᠬᠥᠨᠥᠭᠡᠯ ᠢ ᠰᠡᠷᠭᠡᠶᠢᠯᠡᠨ ᠵᠠᠰᠠᠬᠤ ᠠᠵᠢᠯ ᠤᠨ ᠤᠷᠤᠭᠰᠢᠲᠠᠶ ᠪᠡᠶᠡᠯᠡᠭᠳᠡᠬᠦ ᠶᠢ ᠦᠨᠡᠨ ᠬᠦ ᠪᠠᠲᠤᠯᠠᠬᠤ ᠬᠡᠷᠡᠭᠲᠡᠶ ᠭᠡᠵᠦ ᠱᠠᠭᠠᠷᠳᠠᠪᠠ᠃      2024 ᠣᠨ ᠳᠤ ᠮᠠᠨ ᠤ ᠬᠤᠲᠠ ᠡᠪᠡᠰᠦᠨ ᠤ ᠦᠷ᠎ᠡ ᠢ ᠦᠷᠡᠵᠢᠭᠦᠯᠦᠨ ᠪᠤᠶᠢᠵᠢᠭᠤᠯᠬᠤ ᠰᠠᠭᠤᠷᠢᠨ ᠭᠠᠵᠠᠷ 1000 ᠮᠦ ᠵᠢᠴᠢ 8000 ᠮᠦ ᠡᠪᠡᠰᠦᠨ ᠡᠭᠦᠯᠳᠡᠷ ᠢ ᠦᠷᠡᠵᠢᠭᠦᠯᠦᠨ ᠪᠤᠶᠢᠵᠢᠭᠤᠯᠬᠤ ᠰᠠᠭᠤᠷᠢᠨ ᠭᠠᠵᠠᠷ ᠢ ᠪᠠᠬᠢᠵᠢᠭᠦᠯᠦᠨ ᠳᠡᠭᠡᠭᠰᠢᠯᠡᠭᠦᠯᠬᠦ ᠶᠢ ᠳᠡᠭᠡᠭᠰᠢ ᠮᠡᠳᠡᠭᠦᠯᠪᠡ᠃ ᠠᠶᠢᠮᠠᠭ ᠤᠨ ᠨᠤᠲᠤᠭ ᠪᠡᠯᠴᠢᠭᠡᠷ ᠤᠨ ᠥᠷᠲᠡᠭᠡ ᠠᠴᠠ ᠭᠤᠶᠣᠴᠢᠯᠠᠨ ᠮᠡᠳᠡᠭᠦᠯᠬᠦ ᠠᠵᠤ ᠠᠬᠤᠶᠢᠯᠠᠯ ᠨᠢ ᠡᠪᠡᠰᠦᠨ ᠤ ᠦᠷ᠎ᠡ ᠶᠢᠨ ᠰᠠᠭᠤᠷᠢᠨ ᠭᠠᠵᠠᠷ ᠤᠨ ᠬᠠᠮᠢᠶᠠᠷᠤᠯᠲᠠ ᠶᠢ ᠴᠢᠩᠭᠠᠳᠬᠠᠵᠤ᠂ ᠡᠪᠡᠰᠦᠨ ᠤ ᠤᠨᠠᠯᠲᠠ ᠶᠢ ᠦᠨᠡᠨ ᠬᠦ ᠪᠠᠲᠤᠯᠠᠵᠤ᠂ ᠨᠤᠲᠤᠭ ᠪᠡᠯᠴᠢᠭᠡᠷ ᠤᠨ ᠠᠮᠢ ᠠᠬᠤᠶ ᠶᠢ ᠰᠡᠷᠭᠦᠭᠡᠬᠦ ᠵᠢᠴᠢ ᠬᠤᠯᠠᠨ ᠰᠢᠷᠭ᠎ᠠ ᠲᠠᠭ᠎ᠠ ᠶᠢᠨ ᠡᠯᠡᠰᠦ ᠶᠢ ᠤᠰᠠᠳᠬᠠᠬᠤ ᠪᠠᠶᠢᠯᠳᠣᠭᠠᠨ ᠳᠤ ᠰᠠᠶᠢᠨ ᠡᠭᠦᠯᠳᠡᠷ ᠤᠨ ᠡᠬᠢ ᠬᠠᠩᠭᠠᠵᠤ᠂ ᠬᠦᠴᠦᠨ ᠨᠡᠮᠡᠷᠢᠯᠡᠬᠦ ᠬᠡᠷᠡᠭᠲᠡᠶ ᠭᠡᠵᠦ ᠱᠠᠭᠠᠷᠳᠠᠪᠠ᠃
 
ᠢᠷᠡᠯᠲᠡ᠄ ᠰᠢᠯᠢ ᠶᠢᠨ ᠬᠤᠲᠠ ᠶᠢᠨ ᠵᠠᠰᠠᠭ ᠤᠨ ᠶᠠᠪᠣᠳᠠᠯ ᠤᠨ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号