ᠨᠢᠭᠡ᠂ ᠶᠠᠭᠤ ᠶᠢ ᠬᠥᠳᠡᠯᠮᠦᠷᠢ ᠬᠦᠴᠦᠨ ᠤ ᠪᠠᠶᠢᠴᠠᠭᠠᠯᠲᠠ ᠭᠡᠬᠦ ᠪᠤᠢ︖ | ᠬᠥᠳᠡᠯᠮᠦᠷᠢ ᠬᠦᠴᠦᠨ ᠤ ᠪᠠᠶᠢᠴᠠᠭᠠᠯᠲᠠ ᠪᠣᠯ ᠲᠥᠷᠥ ᠶᠢᠨ ᠶᠠᠪᠤᠳᠠᠯ ᠤᠨ ᠬᠤᠷᠢᠶ᠎ᠠ ᠠᠴᠠ ᠥᠷᠨᠢᠭᠦᠯᠬᠦ ᠪᠠᠷ | ᠲᠣᠭᠲᠠᠭᠠᠭᠰᠠᠨ ᠨᠢᠭᠡ ᠵᠦᠢᠯ ᠤᠨ ᠠᠷᠠᠳ ᠤᠨ ᠠᠮᠢᠳᠤᠷᠠᠯ ᠤᠨ ᠪᠠᠶᠢᠴᠠᠭᠠᠯᠲᠠ ᠪᠣᠯᠣᠨ᠎ᠠ᠂ ᠬᠥᠳᠡᠯᠮᠦᠷᠢ ᠬᠦᠴᠦᠨ ᠤ | ᠪᠠᠶᠢᠴᠠᠭᠠᠯᠲᠠ ᠪᠠᠷ ᠳᠡᠮᠵᠢᠨ ᠣᠯᠣᠭᠰᠠᠨ ᠠᠵᠢᠯ ᠠᠯᠳᠠᠯᠲᠠ ᠶᠢᠨ ᠨᠣᠷᠮ᠎ᠠ ᠪᠣᠯ ᠬᠤᠷᠸ᠎ᠠ ᠠᠵᠤ ᠠᠬᠤᠢ ᠶᠢᠨ ᠳᠥᠷᠪᠡᠨ | ᠶᠡᠭᠡ ᠭᠦᠢᠴᠡᠳᠬᠡᠯ ᠲᠤᠭᠠᠨ ᠤ ᠨᠢᠭᠡ ᠪᠠᠶᠢᠵᠤ᠂ ᠬᠤᠷᠸ᠎ᠠ ᠠᠵᠤ ᠠᠬᠤᠢ ᠶᠢᠨ ᠠᠵᠢᠯᠯᠠᠭ᠎ᠠ᠂ ᠠᠵᠢᠯ ᠣᠯᠭᠤᠯᠲᠠ ᠶᠢᠨ | ᠪᠠᠶᠢᠳᠠᠯ ᠤᠨ ᠬᠤᠪᠢᠷᠠᠯᠲᠠ᠂ ᠠᠷᠠᠳ ᠤᠨ ᠠᠮᠢᠳᠤᠷᠠᠯ ᠤᠨ ᠰᠠᠶᠢᠵᠢᠷᠠᠯᠲᠠ ᠵᠡᠷᠭᠡ ᠲᠠᠯ᠎ᠠ ᠳᠤ ᠴᠢᠬᠤᠯᠠ ᠦᠢᠯᠡᠳᠦᠯ | ᠪᠠᠳᠠᠷᠠᠭᠤᠯᠬᠤ ᠪᠣᠯᠣᠨ᠎ᠠ᠃ | ᠬᠤᠶᠠᠷ᠂ ᠬᠥᠳᠡᠯᠮᠦᠷᠢ ᠶᠢᠨ ᠬᠦᠴᠦᠨ ᠤ ᠪᠠᠶᠢᠴᠠᠭᠠᠭᠳᠠᠬᠤ ᠡᠲᠡᠭᠡᠳ ᠨᠢ ᠬᠡᠨ ᠪᠤᠢ︖ | ᠬᠥᠳᠡᠯᠮᠦᠷᠢ ᠬᠦᠴᠦᠨ ᠤ ᠪᠠᠶᠢᠴᠠᠭᠠᠯᠲᠠ ᠶᠢ ᠡᠷᠦᠬᠡ ᠪᠠᠷ ᠨᠢᠭᠡᠴᠢ ᠪᠣᠯᠭᠠᠨ ᠳᠠᠩᠰᠠᠯᠠᠭᠤᠯᠤᠨ᠎ᠠ᠂ ᠭᠡᠷ | ᠪᠦᠯᠢ ᠶᠢᠨ ᠡᠷᠦᠬᠡ ᠶᠢ ᠪᠠᠶᠢᠴᠠᠭᠠᠬᠤ ᠪᠠᠷ ᠪᠠᠷᠠᠬᠤ ᠦᠭᠡᠢ᠂ ᠬᠠᠮᠲᠤ ᠶᠢᠨ ᠡᠷᠦᠬᠡ ᠶᠢ ᠴᠦ ᠪᠠᠶᠢᠴᠠᠭᠠᠨ᠎ᠠ᠂ ᠳᠤᠮᠳᠠ | ᠵᠡᠷᠭᠡ ᠶᠢᠨ ᠡᠷᠦᠬᠡ ᠳᠤ ᠳᠠᠩᠰᠠᠯᠠᠭᠤᠯᠤᠭᠰᠠᠨ ᠬᠥᠮᠥᠨ ᠪᠣᠯ᠄ ᠪᠠᠶᠢᠴᠠᠭᠠᠯᠲᠠ ᠬᠢᠬᠦ ᠦᠶ᠎ᠡ ᠳᠤ ᠲᠤᠰ ᠡᠷᠦᠬᠡ ᠳᠤ | ᠰᠠᠭᠤᠵᠤ ᠪᠠᠶᠢᠭ᠎ᠠ ᠬᠥᠮᠥᠨ᠂ ᠲᠤᠰ ᠡᠷᠦᠬᠡ ᠶᠢᠨ ᠡᠷᠦᠬᠡ ᠠᠮᠠ ᠶᠢᠨ ᠳᠠᠩᠰᠠ ᠲᠠᠢ ᠬᠥᠮᠥᠨ ᠠᠮᠠ ᠶᠢᠨ ᠳᠣᠲᠣᠷ᠎ᠠ᠂ | ᠨᠢᠭᠡᠨᠲᠡ ᠭᠠᠳᠠᠭᠰᠢ ᠭᠠᠷᠤᠭᠰᠠᠨ ᠪᠣᠯᠪᠠᠴᠤ ᠬᠠᠭᠠᠰ ᠵᠢᠯ ᠪᠣᠯᠣᠭᠠᠳᠤᠢ ᠬᠥᠮᠥᠨ ᠪᠣᠯᠣᠨ᠎ᠠ᠃ | ᠭᠤᠷᠪᠠ᠂ ᠬᠥᠳᠡᠯᠮᠦᠷᠢ ᠶᠢᠨ ᠬᠦᠴᠦᠨ ᠤ ᠪᠠᠶᠢᠴᠠᠭᠠᠯᠲᠠ ᠳᠤ ᠶᠠᠮᠠᠷ ᠶᠠᠮᠠᠷ ᠠᠭᠤᠯᠭ᠎ᠠ ᠪᠠᠭᠲᠠᠬᠤ ᠪᠤᠢ︖ | ᠪᠠᠶᠢᠴᠠᠭᠠᠬᠤ ᠠᠭᠤᠯᠭ᠎ᠠ ᠳᠤ ᠪᠠᠶᠢᠴᠠᠭᠠᠭᠳᠠᠬᠤ ᠡᠷᠦᠬᠡ ᠶᠢᠨ ᠭᠡᠷ ᠪᠦᠯᠢ ᠶᠢᠨ ᠪᠠᠶᠢᠳᠠᠯ᠂ ᠬᠥᠳᠡᠯᠮᠦᠷᠢᠴᠢᠨ ᠤ | ᠠᠵᠢᠯ ᠣᠯᠵᠤ ᠠᠵᠢᠯ ᠠᠯᠳᠠᠭᠰᠠᠨ ᠪᠠᠶᠢᠳᠠᠯ᠂ ᠬᠥᠳᠡᠯᠮᠦᠷᠢ ᠶᠢᠨ ᠬᠠᠷᠢᠴᠠᠭ᠎ᠠ᠂ ᠨᠡᠶᠢᠭᠡᠮ ᠤᠨ ᠳᠠᠭᠠᠳᠬᠠᠯ᠂ ᠴᠠᠯᠢᠩ | ᠬᠥᠯᠥᠰᠦ ᠠᠰᠠᠷᠠᠮᠵᠢ ᠵᠡᠷᠭᠡ ᠪᠠᠭᠲᠠᠨ᠎ᠠ᠃ ᠡᠭᠦᠨ ᠳᠤ ᠰᠠᠭᠤᠭᠠᠯᠢ ᠡᠷᠦᠬᠡ ᠶᠢᠨ ᠮᠡᠳᠡᠭᠡ ᠵᠠᠩᠭᠢ᠂ ᠬᠤᠪᠢ ᠬᠥᠮᠥᠨ ᠤ | ᠮᠡᠳᠡᠭᠡ ᠵᠠᠩᠭᠢ᠂ ᠠᠵᠢᠯ ᠤᠨ ᠮᠡᠳᠡᠭᠡ ᠵᠠᠩᠭᠢ ᠪᠠ ᠠᠵᠢᠯ ᠤᠨ ᠮᠡᠳᠡᠭᠡ ᠵᠠᠩᠭᠢ ᠦᠭᠡᠢ ᠵᠡᠷᠭᠡ 4 ᠬᠡᠰᠡᠭ ᠪᠠᠭᠲᠠᠨ᠎ᠠ᠃ | | ᠤᠯᠤᠰ ᠤᠨ ᠲᠤᠭ᠎ᠠ ᠪᠦᠷᠢᠳᠬᠡᠯ ᠤᠨ ᠲᠣᠪᠴᠢᠶ᠎ᠠ ᠪᠠᠰᠠ ᠬᠠᠷᠢᠭᠤ ᠰᠤᠷᠪᠤᠯᠵᠢᠯᠠᠨ᠎ᠠ ᠰᠢᠸ ᠳ᠋ᠠ︕ ᠤᠲᠠᠰᠤ | ᠲᠣᠰᠬᠤ ᠶᠢ ᠠᠩᠬᠠᠷᠠᠭᠠᠷᠠᠢ︕ | ᠬᠠᠷᠢᠭᠤ ᠰᠤᠷᠪᠤᠯᠵᠢᠯᠠᠬᠤ ᠤᠲᠠᠰᠤ᠄ | ᠤᠯᠤᠰ ᠤᠨ ᠲᠤᠭ᠎ᠠ ᠪᠦᠷᠢᠳᠬᠡᠯ ᠤᠨ ᠲᠣᠪᠴᠢᠶ᠎ᠠ᠄ 010 ︱ 12340 | ᠥᠪᠥᠷ ᠮᠣᠩᠭᠤᠯ ᠤᠨ ᠪᠠᠶᠢᠴᠠᠭᠠᠯᠲᠠ ᠶᠢᠨ ᠶᠡᠷᠦᠩᠬᠡᠢ ᠠᠩᠭᠢ᠄ 0471 ︱ 4962107 | ᠰᠢᠯᠢ ᠶᠢᠨ ᠭᠤᠣᠯ ᠤᠨ ᠪᠠᠶᠢᠴᠠᠭᠠᠯᠲᠠ ᠶᠢᠨ ᠠᠩᠭᠢ᠄ 0479 ︱ 8285638 | ᠰᠢᠯᠢ ᠶᠢᠨ ᠬᠤᠲᠠ ᠶᠢᠨ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠪᠠᠶᠢᠴᠠᠭᠠᠯᠲᠠ ᠶᠢᠨ ᠲᠥᠪ᠄ 0479 | ︱ 8240970 |