2024 ᠣᠨ ᠤ 4 ᠰᠠᠷ᠎ᠠ ᠪᠣᠯ ᠪᠥᠬᠦ ᠤᠯᠤᠰ ᠤᠨ 36 ᠳ᠋ᠤᠭᠠᠷ ᠤᠯᠤᠰ ᠢᠶᠠᠨ ᠬᠠᠶᠢᠷᠠᠯᠠᠬᠤ ᠡᠷᠡᠭᠦᠯ | ᠬᠠᠮᠠᠭᠠᠯᠠᠯ ᠤᠨ ᠰᠠᠷ᠎ᠠ ᠪᠣᠯᠣᠨ᠎ᠠ᠂ ᠡᠨᠡ ᠵᠢᠯ ᠤᠨ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠰᠠᠷ᠎ᠠ ᠶᠢᠨ | ᠭᠤᠣᠯ ᠰᠡᠳᠦᠪ ᠨᠢ ︽ᠡᠷᠡᠭᠦᠯ ᠴᠢᠭᠢᠷᠠᠭ ᠪᠡᠶ᠎ᠡ ᠮᠠᠬᠠᠪᠣᠳ᠂ ᠡᠷᠡᠭᠦᠯ ᠡᠩᠬᠡ ᠬᠤᠲᠠ ᠪᠠᠯᠭᠠᠰᠤ︾ ᠪᠣᠯᠣᠨ᠎ᠠ᠃ | ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠬᠥᠳᠡᠯᠭᠡᠭᠡᠨ ᠤ ᠵᠣᠬᠢᠶᠠᠨ ᠪᠠᠶᠢᠭᠤᠯᠤᠯᠲᠠ ᠪᠣᠯᠣᠨ ᠤᠯᠠᠨ | ᠲᠦᠮᠡᠨ ᠤ ᠳᠠᠪᠠᠭᠤᠯᠢᠭ ᠢ ᠭᠦᠢᠴᠡᠳ ᠪᠠᠳᠠᠷᠠᠭᠤᠯᠬᠤ ᠶᠢᠨ ᠲᠥᠯᠥᠭᠡ᠂ ᠬᠠᠪᠤᠷ ᠤᠨ ᠤᠯᠠᠷᠢᠯ ᠤᠨ ᠬᠠᠯᠳᠠᠪᠤᠷᠢᠲᠤ | ᠡᠪᠡᠳᠴᠢᠨ ᠤ ᠣᠨᠴᠠᠯᠢᠭ ᠲᠤ ᠴᠢᠭᠯᠡᠭᠦᠯᠦᠨ᠂ ᠷᠠᠰᠢᠶᠠᠨᠪᠣᠯᠠᠭ ᠤᠨ ᠵᠠᠰᠠᠭ ᠤᠨ ᠣᠷᠳᠣᠨ ᠰᠡᠷᠭᠡᠶᠢᠯᠡᠨ ᠵᠠᠰᠠᠬᠤ | ᠠᠵᠢᠯ ᠢ ᠥᠷᠭᠡᠨ ᠢᠶᠠᠷ ᠥᠷᠨᠢᠭᠦᠯᠵᠦ᠂ ᠤᠯᠠᠨ ᠲᠦᠮᠡᠨ ᠢ ᠲᠠᠶᠢᠴᠢᠯᠠᠨ ᠥᠪᠡᠷ ᠢᠶᠠᠨ ᠭᠠᠷ ᠬᠥᠳᠡᠯᠦᠨᠲ᠋ᠦ᠋ᠷᠪᠡᠨ | ᠬᠤᠣᠷᠲᠠᠨ ᠢ ᠤᠰᠠᠳᠬᠠᠬᠤ ᠠᠵᠢᠯᠯᠠᠭ᠎ᠠ ᠶᠢ ᠥᠷᠨᠢᠭᠦᠯᠪᠡ᠃ | 4 ᠰᠠᠷ᠎ᠠ ᠶᠢᠨ 17 ᠤ ᠡᠳᠦᠷ᠂ ᠷᠠᠰᠢᠶᠠᠨᠪᠣᠯᠠᠭ ᠪᠠᠯᠭᠠᠰᠤᠨ ᠳᠤ ᠬᠠᠪᠤᠷ ᠤᠨ ᠤᠯᠠᠷᠢᠯ ᠤᠨ ᠢᠯᠠᠭ᠎ᠠ | ᠪᠠᠲᠠᠭᠠᠨ᠎ᠠ ᠶᠢ ᠤᠰᠠᠳᠬᠠᠬᠤ ᠤᠬᠠᠭᠤᠯᠵᠤ ᠲᠠᠷᠬᠠᠭᠠᠬᠤ ᠠᠵᠢᠯᠯᠠᠭ᠎ᠠ ᠥᠷᠨᠢᠭᠦᠯᠪᠡ᠃ ᠲᠣᠰ ᠤᠳᠠᠭᠠᠨ ᠤ | ᠠᠵᠢᠯᠯᠠᠭ᠎ᠠ ᠶᠢ ᠢᠮᠠᠲᠤ ᠶᠢᠨ ᠰᠠᠭᠤᠭᠠᠯᠢ ᠠᠷᠠᠳ ᠤᠨ ᠵᠥᠪᠯᠡᠯ ᠳᠤ ᠥᠷᠨᠢᠭᠦᠯᠵᠦ᠂ ᠲᠣᠰ ᠠᠵᠢᠯᠯᠠᠭ᠎ᠠ ᠳᠤ | ᠣᠷᠣᠯᠴᠠᠭᠰᠠᠳ ᠲᠤ ᠰᠠᠭᠤᠭᠠᠯᠢ ᠠᠷᠠᠳ ᠤᠨ ᠵᠥᠪᠯᠡᠯ ᠤᠨ ᠪᠦᠷᠢᠯᠳᠦᠭᠦᠨ᠂ ᠡᠷᠬᠢᠨ ᠲᠣᠭᠤᠷᠢᠨ ᠤ ᠮᠠᠯᠴᠢᠨ ᠵᠢᠴᠢ | ᠬᠤᠪᠢ ᠶᠢᠨ ᠡᠵᠡᠩᠨᠡᠭᠴᠢ ᠣᠷᠣᠯᠴᠠᠵᠠᠢ᠂ ᠠᠵᠢᠯᠯᠠᠭ᠎ᠠ ᠶᠢᠨ ᠲᠤᠬᠠᠢ ᠶᠢᠨ ᠲᠠᠯᠠᠪᠤᠷ ᠲᠤ ᠬᠤᠯᠤᠭᠠᠨ᠎ᠠ ᠶᠢᠨ ᠬᠠᠪᠲᠠᠰᠤ | 80᠂ ᠬᠤᠷᠣᠬᠠᠢ ᠠᠯᠠᠬᠤ ᠰᠦᠷᠴᠢᠭᠦᠷ 100᠂ ᠠᠮᠢᠳᠤᠷᠠᠯ ᠤᠨ ᠠᠷᠭ᠎ᠠ ᠮᠠᠶ᠋ᠢᠭ ᠤᠨ ᠭᠠᠷ ᠳᠡᠪᠲᠡᠷ᠂ | ᠬᠤᠯᠤᠭᠠᠨ᠎ᠠ ᠶᠢᠨ ᠬᠢᠵᠢᠭ ᠢ ᠰᠡᠷᠭᠡᠶᠢᠯᠡᠨ ᠵᠠᠰᠠᠬᠤ᠂ ᠡᠷᠡᠭᠦᠯ ᠮᠡᠨᠳᠦ ᠶᠢᠨ ᠮᠡᠳᠡᠯᠭᠡ ᠵᠡᠷᠭᠡ 3 ᠵᠦᠢᠯ ᠤᠨ | ᠤᠬᠠᠭᠤᠯᠭ᠎ᠠ ᠶᠢᠨ ᠮᠠᠲ᠋ᠧᠷᠢᠶᠠᠯ ᠢ ᠨᠡᠶᠢᠲᠡ 500 ᠭᠠᠷᠤᠢ ᠬᠤᠪᠢ ᠲᠠᠷᠬᠠᠭᠠᠵᠠᠢ᠃ | ᠲᠣᠰ ᠤᠳᠠᠭᠠᠨ ᠤ ᠠᠵᠢᠯᠯᠠᠭ᠎ᠠ ᠶᠢᠨ ᠠᠴᠢ ᠬᠤᠯᠪᠣᠭᠳᠠᠯ ᠨᠢ ᠡᠷᠬᠢᠨ ᠲᠣᠭᠤᠷᠢᠨ ᠤ ᠮᠠᠯᠴᠢᠳ ᠤᠨ | ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠤᠬᠠᠮᠰᠠᠷ ᠢ ᠳᠡᠭᠡᠭᠰᠢᠯᠡᠭᠦᠯᠵᠦ᠂ ᠲᠡᠳᠡᠨ ᠢ ᠬᠠᠪᠰᠤᠷᠤᠨ ᠦᠵᠡᠯ | ᠰᠠᠨᠠᠭᠠᠨ ᠤ ᠲᠠᠯ᠎ᠠ ᠪᠠᠷ ᠡᠷᠡᠭᠦᠯ ᠬᠠᠮᠠᠭᠠᠯᠠᠯ ᠢ ᠡᠷᠬᠢᠮᠯᠡᠬᠦ ᠶᠢ ᠲᠠᠨᠢᠭᠤᠯᠵᠤ᠂ ᠬᠤᠯᠤᠭᠠᠨ᠎ᠠ ᠶᠢᠨ ᠬᠢᠵᠢᠭ ᠡᠭᠦᠰᠬᠦ ᠶᠢ | ᠰᠡᠷᠭᠡᠶᠢᠯᠡᠨ᠂ ᠲᠡᠳᠡᠨ ᠤ ᠡᠷᠡᠭᠦᠯ ᠮᠡᠨᠳᠦ ᠶᠢᠨ ᠦᠵᠡᠯᠲᠡ ᠶᠢ ᠳᠡᠭᠡᠭᠰᠢᠯᠡᠭᠦᠯᠵᠦ᠂ ᠡᠷᠡᠭᠦᠯ ᠡᠩᠬᠡ ᠷᠠᠰᠢᠶᠠᠨᠪᠣᠯᠠᠭ ᠢ | ᠤᠬᠠᠭᠤᠯᠬᠤ ᠳᠤ ᠬᠤᠪᠢ ᠨᠡᠮᠡᠷᠢ ᠦᠵᠡᠭᠦᠯᠬᠦ ᠶᠢᠨ ᠲᠥᠯᠥᠭᠡ ᠶᠤᠮ᠂ ᠲᠣᠰ ᠠᠵᠢᠯᠯᠠᠭ᠎ᠠ ᠨᠢ ᠮᠠᠯᠴᠢᠨ ᠲᠦᠮᠡᠨ ᠤ | ᠰᠠᠶᠢᠨ ᠦᠨᠡᠯᠡᠯᠲᠡ ᠶᠢ ᠣᠯᠣᠭᠰᠠᠨ ᠪᠠᠶᠢᠨ᠎ᠠ᠃ |