ᠴᠣᠬᠠᠠᠭᠤᠯᠠ ᠰᠤᠮᠤ ᠶᠢᠨ ᠶᠡᠷᠦᠩᠬᠡᠶᠢᠯᠡᠭᠰᠡᠨ ᠪᠠᠲᠤᠯᠠᠭ᠎ᠠ ᠪᠠ ᠮᠡᠷᠭᠡᠵᠢᠯ ᠳᠡᠯᠭᠡᠷᠡᠭᠦᠯᠬᠦ ᠲᠥᠪ ᠬᠠᠪᠤᠷ ᠤᠨ ᠤᠯᠠᠷᠢᠯ ᠤᠨ ᠬᠤᠯᠤᠭᠠᠨ᠎ᠠ ᠤᠰᠠᠳᠬᠠᠬᠤ ᠠᠵᠢᠯ ᠢ ᠥᠷᠨᠢᠭᠦᠯᠪᠡ
ᠨᠡᠶᠢᠲᠡᠯᠡᠭᠰᠡᠨ ᠴᠠᠭ᠄
2024/4/24
     ᠬᠠᠪᠤᠷ ᠤᠨ ᠤᠯᠠᠷᠢᠯ ᠤᠨ ᠬᠤᠯᠤᠭᠠᠨ᠎ᠠ ᠶᠢᠨ ᠬᠢᠵᠢᠭ ᠢ ᠰᠡᠷᠭᠡᠶᠢᠯᠡᠨ ᠬᠢᠵᠠᠭᠠᠷᠯᠠᠬᠤ ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠵᠦ᠂ ᠬᠤᠯᠤᠭᠠᠨ᠎ᠠ ᠪᠠᠷ ᠬᠠᠯᠳᠠᠪᠤᠷᠢᠯᠠᠬᠤ ᠡᠪᠡᠳᠴᠢᠨ ᠡᠮᠭᠡᠭ ᠡᠭᠦᠰᠬᠦ ᠪᠠ ᠳᠡᠯᠭᠡᠷᠡᠬᠦ ᠶᠢ ᠬᠢᠵᠠᠭᠠᠷᠯᠠᠨ ᠪᠠᠭᠠᠰᠬᠠᠵᠤ᠂ ᠥᠷᠭᠡᠨ ᠣᠯᠠᠨ ᠮᠠᠯᠴᠢᠨ ᠲᠦᠮᠡᠨ ᠤ ᠡᠷᠡᠭᠦᠯ ᠮᠡᠨᠳᠦ ᠠᠮᠤᠷ ᠲᠦᠪᠰᠢᠨ ᠢ ᠦᠨᠡᠨ ᠬᠦ ᠪᠠᠲᠤᠯᠠᠬᠤ ᠶᠢᠨ ᠲᠥᠯᠥᠭᠡ᠂ ᠣᠶᠢᠷ᠎ᠠ ᠳᠤ᠂  ᠴᠣᠬᠠᠠᠭᠤᠯᠠ ᠰᠤᠮᠤ ᠶᠢᠨ ᠶᠡᠷᠦᠩᠬᠡᠶᠢᠯᠡᠭᠰᠡᠨ ᠪᠠᠲᠤᠯᠠᠭ᠎ᠠ ᠪᠠ ᠮᠡᠷᠭᠡᠵᠢᠯ ᠳᠡᠯᠭᠡᠷᠡᠭᠦᠯᠬᠦ ᠲᠥᠪ ᠠᠴᠠ ᠰᠢᠯᠢ ᠶᠢᠨ ᠬᠤᠲᠠ ᠶᠢᠨ ᠨᠤᠲᠤᠭ ᠪᠡᠯᠴᠢᠭᠡᠷ ᠤᠨ ᠠᠵᠢᠯ ᠤᠨ ᠥᠷᠲᠡᠭᠡ ᠲᠠᠢ ᠬᠠᠮᠲᠤᠷᠠᠨ ᠬᠠᠪᠤᠷ ᠤᠨ ᠤᠯᠠᠷᠢᠯ ᠤᠨ ᠬᠤᠯᠤᠭᠠᠨ᠎ᠠ ᠶᠢ ᠤᠰᠠᠳᠬᠠᠬᠤ ᠠᠵᠢᠯ ᠢ ᠢᠳᠡᠪᠬᠢᠲᠡᠢ ᠥᠷᠨᠢᠭᠦᠯᠪᠡ᠃      ᠲᠣᠰ ᠤᠳᠠᠭᠠᠨ ᠤ ᠬᠤᠯᠤᠭᠠᠨ᠎ᠠ ᠤᠰᠠᠳᠬᠠᠬᠤ ᠠᠵᠢᠯ ᠳᠤ᠂ ᠲᠣᠮᠣ ᠬᠡᠯᠪᠡᠷᠢ ᠶᠢᠨ ᠪᠠᠭᠠᠵᠢ ᠬᠡᠷᠡᠭᠰᠡᠯ ᠢᠶᠠᠷ ᠡᠮ ᠰᠠᠴᠤᠬᠤ ᠠᠷᠭ᠎ᠠ ᠶᠢ ᠬᠡᠷᠡᠭᠯᠡᠨ  ᠬᠤᠯᠤᠭᠠᠨ᠎ᠠ ᠤᠰᠠᠳᠬᠠᠬᠤ ᠠᠵᠢᠯ ᠥᠷᠨᠢᠭᠦᠯᠵᠦ᠂ 8.13 ᠲᠣᠨ ᠰᠢᠬᠠᠮ ᠡᠮ ᠬᠡᠷᠡᠭᠯᠡᠵᠦ᠂ 9.8 ᠲᠦᠮᠡ ᠭᠠᠷᠤᠢ ᠮᠦ ᠤᠰᠠᠳᠬᠠᠭᠰᠠᠨ ᠪᠠᠶᠢᠨ᠎ᠠ᠃ ᠲᠣᠰ ᠤᠳᠠᠭᠠᠨ ᠤ ᠬᠤᠯᠤᠭᠠᠨ᠎ᠠ ᠤᠰᠠᠳᠬᠠᠬᠤ ᠠᠵᠢᠯ ᠢᠶᠠᠷ ᠳᠡᠮᠵᠢᠨ᠂ ᠬᠤᠯᠤᠭᠠᠨ᠎ᠠ ᠤᠰᠠᠳᠬᠠᠬᠤ ᠵᠢᠱᠢᠭᠰᠡᠨ ᠬᠠᠷᠠᠯᠲᠠ ᠳᠠᠭᠠᠨ ᠬᠦᠷᠴᠦ᠂ ᠬᠤᠯᠤᠭᠠᠨ᠎ᠠ ᠶᠢᠨ ᠨᠢᠭᠲᠠᠴᠠ ᠶᠢ ᠪᠦᠲᠦᠮᠵᠢᠲᠡᠶ ᠪᠠᠭᠤᠷᠠᠭᠤᠯᠵᠤ᠂ ᠮᠠᠨ ᠤ ᠰᠤᠮᠤᠨ ᠤ ᠬᠤᠯᠤᠭᠠᠨ᠎ᠠ ᠶᠢᠨ ᠬᠢᠵᠢᠭ ᠢ ᠰᠡᠷᠭᠡᠶᠢᠯᠡᠨ ᠵᠠᠰᠠᠬᠤ ᠠᠵᠢᠯ ᠤᠨ ᠦᠷ᠎ᠡ ᠪᠦᠲᠦᠭᠡᠯ ᠢ ᠤᠯᠠᠮ ᠨᠢᠭᠡ ᠠᠯᠬᠤᠮ ᠪᠠᠬᠢᠵᠢᠭᠦᠯᠦᠭᠰᠡᠨ ᠪᠠᠶᠢᠨ᠎ᠠ᠃
 
ᠢᠷᠡᠯᠲᠡ᠄ ᠰᠢᠯᠢ ᠶᠢᠨ ᠬᠤᠲᠠ ᠶᠢᠨ ᠵᠠᠰᠠᠭ ᠤᠨ ᠶᠠᠪᠣᠳᠠᠯ ᠤᠨ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号