ᠳᠣᠲᠣᠭᠠᠳᠤ ᠶᠢ ᠬᠠᠮᠠᠭᠠᠯᠠᠬᠤ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ︽ᠲᠠᠯᠪᠢᠬᠤ ᠬᠠᠮᠢᠶᠠᠷᠬᠤ | ᠦᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠢ ᠠᠬᠢᠭᠤᠯᠬᠤ ᠶᠢᠨ ᠲᠥᠯᠥᠭᠡ᠂ ᠣᠯᠠᠨ ᠲᠦᠮᠡᠨ ᠤ ᠭᠡᠷ ᠤᠨ | ᠡᠭᠦᠳᠡᠨ ᠳᠠᠬᠢ ︽ᠮᠠᠰᠢᠨ ᠲᠡᠷᠭᠡᠨ ᠤ ᠬᠠᠮᠢᠶᠠᠷᠤᠯᠲᠠ ᠶᠢᠨ ᠭᠠᠵᠠᠷ︾ ᠢ ᠪᠠᠶᠢᠭᠤᠯᠵᠤ᠂ ᠰᠢᠯᠢ ᠶᠢᠨ ᠬᠤᠲᠠ ᠶᠢᠨ | ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ ᠠᠩᠭᠢ ᠶᠢᠨ ᠬᠢᠨ | ᠮᠠᠰᠢᠨᠲᠤ ᠲᠡᠷᠭᠡᠨ ᠤ ᠨᠣᠮᠧᠷ ᠤᠨ ᠫᠠᠶᠢᠰᠠ ᠶᠢ ᠨᠥᠬᠦᠨ ᠰᠣᠯᠢᠵᠤ ᠠᠪᠬᠤ᠂ ᠲᠡᠷᠭᠡᠨ ᠦᠨᠡᠮᠯᠡᠯ ᠢ ᠨᠥᠬᠦᠨ ᠰᠣᠯᠢᠵᠤ | ᠠᠪᠬᠤ᠂ ᠵᠢᠯᠣᠭᠤᠴᠢ ᠶᠢᠨ ᠦᠨᠡᠮᠯᠡᠯ ᠢ ᠨᠥᠬᠦᠨ ᠰᠣᠯᠢᠵᠤ ᠠᠪᠬᠤ ᠵᠡᠷᠭᠡ 42 ᠵᠦᠢᠯ ᠤᠨ ᠲᠡᠷᠭᠡ ᠵᠢᠯᠤᠭᠤᠳᠬᠤ | ᠬᠠᠮᠢᠶᠠᠷᠤᠯᠲᠠ ᠶᠢᠨ ᠲᠤᠬᠠᠶᠢᠯᠠᠭᠰᠠᠨ ᠠᠵᠢᠯ ᠢ ᠬᠠᠷᠢᠶ᠎ᠠ ᠣᠷᠣᠨ ᠤ ᠲᠣᠮᠢᠯᠠᠭᠰᠠᠨ ᠰᠠᠯᠪᠤᠷᠢ ᠶᠢᠨ ᠴᠣᠩᠬᠤᠨ ᠳᠤ | ᠣᠷᠣᠭᠤᠯᠵᠤ᠂ ᠣᠯᠠᠨ ᠲᠦᠮᠡᠨ ᠤ ᠣᠶᠢᠷ᠎ᠠ ᠬᠠᠪᠢ ᠳᠠᠭᠠᠨ ᠬᠢᠬᠦ᠂ ᠲᠦᠷᠭᠡᠨ ᠬᠢᠬᠦ ᠳᠤ ᠦᠨᠡᠨ ᠬᠦ ᠲᠥᠬᠦᠮ | ᠦᠵᠡᠭᠦᠯᠵᠦ᠂ ᠥᠷᠭᠡᠨ ᠣᠯᠠᠨ ᠲᠦᠮᠡᠨ ᠳᠤ ︽ᠪᠢ ᠣᠯᠠᠨ ᠲᠦᠮᠡᠨ ᠳᠤ ᠪᠣᠳᠠᠲᠠᠢ ᠶᠠᠪᠤᠳᠠᠯ ᠬᠢᠵᠦ ᠥᠭᠬᠦ︾ | ᠲᠥᠬᠦᠮ ᠨᠥᠬᠦᠴᠡᠯ ᠢ ᠦᠨᠡᠨ ᠬᠦ ᠡᠳ᠋ᠯᠡᠭᠦᠯᠪᠡ᠃ | ᠰᠢᠯᠢ ᠶᠢᠨ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠵᠠᠮ ᠬᠠᠷᠢᠯᠴᠠᠭᠠᠨ ᠤ | ᠬᠠᠮᠢᠶᠠᠷᠤᠯᠲᠠ ᠶᠢᠨ ᠶᠡᠭᠡ ᠠᠩᠭᠢ ᠪᠦᠬᠦ ᠬᠤᠲᠠ ᠶᠢᠨ 8 ᠲᠣᠮᠢᠯᠠᠭᠰᠠᠨ ᠰᠠᠯᠪᠤᠷᠢ ᠶᠢᠨ ᠠᠷᠠᠳ ᠤᠨ ᠴᠠᠭᠳᠠᠭ᠎ᠠ ᠶᠢ | ᠵᠣᠬᠢᠶᠠᠨ ᠪᠠᠶᠢᠭᠤᠯᠵᠤ ᠮᠠᠰᠢᠨᠲᠤ ᠲᠡᠷᠭᠡᠨ ᠤ ᠦᠨᠡᠮᠯᠡᠯ ᠢ ᠨᠥᠬᠦᠵᠦ ᠠᠪᠬᠤ ᠠᠵᠢᠯᠯᠠᠭ᠎ᠠ ᠥᠷᠨᠢᠭᠦᠯᠵᠦ᠂ ᠮᠠᠰᠢᠨᠲᠤ | ᠲᠡᠷᠭᠡᠨ ᠤ ᠦᠨᠡᠮᠯᠡᠯ ᠢ ᠰᠣᠯᠢᠵᠤ ᠠᠪᠬᠤ᠂ ᠮᠠᠰᠢᠨᠲᠤ ᠲᠡᠷᠭᠡ ᠵᠢᠯᠤᠭᠤᠳᠬᠤ ᠦᠨᠡᠮᠯᠡᠯ ᠢ ᠨᠥᠬᠦᠵᠦ ᠠᠪᠬᠤ᠂ | ᠮᠠᠰᠢᠨᠲᠤ ᠲᠡᠷᠭᠡ ᠵᠢᠯᠤᠭᠤᠳᠬᠤ ᠦᠨᠡᠮᠯᠡᠯ ᠢ ᠰᠣᠯᠢᠵᠤ ᠠᠪᠬᠤ᠂ ᠮᠠᠰᠢᠨᠲᠤ ᠲᠡᠷᠭᠡᠨ ᠤ ᠨᠣᠮᠧᠷ ᠤᠨ ᠫᠠᠶᠢᠰᠠ ᠶᠢ | ᠨᠥᠬᠦᠵᠦ ᠠᠪᠬᠤ᠂ ᠮᠠᠰᠢᠨᠲᠤ ᠲᠡᠷᠭᠡᠨ ᠤ ᠨᠣᠮᠧᠷ ᠤᠨ ᠫᠠᠶᠢᠰᠠ ᠶᠢ ᠰᠣᠯᠢᠵᠤ ᠠᠪᠬᠤ᠂ ᠥᠯᠥ ᠪᠠᠶᠢᠴᠠᠭᠠᠬᠤ | ᠮᠠᠰᠢᠨᠲᠤ ᠲᠡᠷᠭᠡᠨ ᠤ ᠬᠢᠷᠢ ᠲᠡᠩᠴᠡᠭᠰᠡᠨ ᠰᠢᠯᠭᠠᠨ ᠪᠠᠶᠢᠴᠠᠭᠠᠯᠲᠠ ᠶᠢᠨ ᠲᠡᠮᠳᠡᠭ ᠢ ᠭᠤᠶᠤᠴᠢᠯᠠᠨ ᠠᠪᠬᠤ᠂ ᠮᠠᠰᠢᠨᠲᠤ | ᠲᠡᠷᠭᠡᠨ ᠤ ᠥᠮᠴᠢᠯᠡᠭᠴᠢ ᠶᠢᠨ ᠬᠠᠷᠢᠯᠴᠠᠬᠤ ᠠᠷᠭ᠎ᠠ ᠮᠠᠶ᠋ᠢᠭ ᠢ ᠬᠤᠪᠢᠷᠠᠭᠤᠯᠬᠤ᠂ ᠮᠠᠰᠢᠨᠲᠤ ᠲᠡᠷᠭᠡ ᠵᠢᠯᠤᠭᠤᠳᠬᠤ | ᠦᠨᠡᠮᠯᠡᠯ ᠤᠨ ᠬᠠᠷᠢᠯᠴᠠᠬᠤ ᠠᠷᠭ᠎ᠠ ᠮᠠᠶ᠋ᠢᠭ ᠢ ᠬᠤᠪᠢᠷᠠᠭᠤᠯᠬᠤ ᠵᠡᠷᠭᠡ ᠲᠡᠷᠭᠡ ᠵᠢᠯᠤᠭᠤᠳᠬᠤ ᠬᠠᠮᠢᠶᠠᠷᠤᠯᠲᠠ ᠶᠢᠨ | ᠲᠤᠬᠠᠶᠢᠯᠠᠭᠰᠠᠨ ᠠᠵᠢᠯ ᠤᠨ ᠲᠤᠬᠠᠢ ᠶᠢᠨ ᠭᠠᠵᠠᠷ ᠤᠨ ᠪᠣᠯᠪᠠᠰᠤᠷᠠᠭᠤᠯᠤᠯ᠂ ᠲᠡᠷᠭᠡ ᠵᠢᠯᠤᠭᠤᠳᠬᠤ | ᠬᠠᠮᠢᠶᠠᠷᠤᠯᠲᠠ ᠶᠢᠨ ᠴᠣᠩᠬᠤᠪᠴᠢ ᠶᠢᠨ ᠲᠤᠬᠠᠶᠢᠯᠠᠭᠰᠠᠨ ᠠᠵᠢᠯ ᠤᠨ ᠴᠢᠨᠠᠷ ᠴᠢᠨᠰᠠᠭ᠎ᠠ ᠦᠷ᠎ᠡ ᠪᠦᠲᠦᠮᠵᠢ ᠶᠢ ᠤᠯᠠᠮ | ᠨᠢᠭᠡ ᠠᠯᠬᠤᠮ ᠳᠡᠭᠡᠭᠰᠢᠯᠡᠭᠦᠯᠵᠦ᠂ ᠦᠨᠳᠦᠰᠦᠨ ᠱᠠᠲᠤᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ | ᠠᠷᠠᠳ ᠲᠤ ᠲᠥᠬᠦᠮ ᠦᠵᠡᠭᠦᠯᠵᠦ ᠠᠷᠠᠳ ᠲᠤ ᠠᠰᠢᠭ ᠬᠦᠷᠲᠡᠭᠡᠬᠦ ᠦᠢᠯᠡᠴᠢᠯᠡᠭᠡᠨ ᠤ ᠠᠷᠭ᠎ᠠ ᠬᠡᠮᠵᠢᠶ᠎ᠡ ᠶᠢ ᠪᠥᠬᠦ | ᠲᠠᠯ᠎ᠠ ᠪᠠᠷ ᠰᠢᠯᠢᠳᠡᠭᠵᠢᠭᠦᠯᠵᠦ᠂ ᠠᠵᠢᠯ ᠶᠠᠪᠤᠳᠠᠯ ᠭᠦᠢᠴᠡᠳᠬᠡᠬᠦ ᠦᠢᠯᠡᠴᠢᠯᠡᠭᠡᠨ ᠤ ᠬᠢᠷᠢ ᠲᠦᠪᠰᠢᠨ ᠢ | ᠲᠡᠭᠡᠭᠰᠢᠯᠡᠭᠦᠯᠪᠡ᠃ | ᠲᠡᠷᠭᠡ ᠵᠢᠯᠤᠭᠤᠳᠬᠤ ᠬᠠᠮᠢᠶᠠᠷᠤᠯᠲᠠ ᠶᠢᠨ ᠲᠤᠬᠠᠶᠢᠯᠠᠭᠰᠠᠨ ᠠᠵᠢᠯ ᠢ ᠲᠣᠮᠢᠯᠠᠭᠰᠠᠨ ᠰᠠᠯᠪᠤᠷᠢ ᠳᠤ ᠪᠠᠭᠤᠯᠭᠠᠨ | ᠭᠦᠢᠴᠡᠳᠬᠡᠭᠦᠯᠵᠦ᠂ ᠴᠠᠭᠳᠠᠭᠠᠨ ᠤ ᠲᠦᠷᠦᠯ ᠤᠨ ᠲᠤᠬᠠᠶᠢᠯᠠᠭᠰᠠᠨ ᠠᠵᠢᠯ ᠤᠨ ᠠᠭᠤᠰᠤᠯᠴᠠᠯ ᠢ ᠪᠦᠲᠦᠮᠵᠢᠲᠡᠢ | ᠠᠬᠢᠭᠤᠯᠵᠤ᠂ ᠲᠡᠷᠭᠡ ᠵᠢᠯᠤᠭᠤᠳᠬᠤ ᠬᠠᠮᠢᠶᠠᠷᠤᠯᠲᠠ ᠶᠢᠨ ᠲᠤᠬᠠᠶᠢᠯᠠᠭᠰᠠᠨ ᠠᠵᠢᠯ ᠢ ᠵᠡᠭᠡᠯᠢ ᠭᠤᠳᠤᠮᠵᠢ ᠨᠡᠶᠢᠭᠡᠮ | ᠲᠣᠭᠤᠷᠢᠭ ᠪᠣᠯᠭᠠᠨ ᠳᠤ ᠪᠦᠷᠬᠦᠭᠦᠯᠵᠦ᠂ ︽ᠠᠷᠠᠳ ᠤᠯᠠᠨ ᠤ ᠳᠡᠷᠭᠡᠳᠡᠬᠢ ᠲᠡᠷᠭᠡ ᠵᠢᠯᠤᠭᠤᠳᠬᠤ | ᠬᠠᠮᠢᠶᠠᠷᠤᠯᠲᠠ ᠶᠢᠨ ᠭᠠᠵᠠᠷ︾ ᠢ ᠦᠨᠡᠨᠬᠦ ᠪᠠᠶᠢᠭᠤᠯᠵᠤ᠂ ᠤᠯᠠᠨ ᠲᠦᠮᠡᠨ ᠤ ᠣᠶᠢᠷ᠎ᠠ ᠬᠠᠪᠢ ᠳᠠᠭᠠᠨ ᠡᠷᠬᠢᠯᠡᠬᠦ᠂ | ᠤᠯᠠᠨ ᠭᠠᠵᠠᠷ ᠲᠤ ᠭᠦᠢᠴᠡᠳᠬᠡᠬᠦ᠂ ᠳᠠᠷᠤᠶᠢᠬᠠᠨ ᠭᠦᠢᠴᠡᠳᠬᠡᠬᠦ ᠳᠤ ᠲᠦᠬᠦᠮ ᠦᠵᠡᠭᠦᠯᠵᠦ᠂ ᠤᠯᠠᠨ ᠲᠦᠮᠡᠨ ᠳᠤ | ᠳᠥᠭᠦᠮ ᠳᠥᠲᠡ ᠦᠢᠯᠡᠴᠢᠯᠡᠭᠡᠨ ᠤ ᠣᠷᠴᠢᠨ ᠲᠣᠭᠤᠷᠢᠨ ᠢ ᠪᠤᠢ ᠪᠣᠯᠭᠠᠵᠤ ᠥᠭᠪᠡ᠃ | ᠨᠢᠭᠡ᠂ ᠣᠳᠣᠬᠠᠨ ᠳᠤ ᠲᠡᠷᠭᠡ ᠵᠢᠯᠤᠭᠤᠳᠬᠤ ᠬᠠᠮᠢᠶᠠᠷᠤᠯᠲᠠ ᠶᠢᠨ ᠲᠤᠬᠠᠶᠢᠯᠠᠭᠰᠠᠨ ᠠᠵᠢᠯ ᠢ ᠭᠦᠢᠴᠡᠳᠬᠡᠵᠦ | ᠳᠡᠶᠢᠯᠬᠦ ᠲᠣᠮᠢᠯᠠᠭᠰᠠᠨ ᠰᠠᠯᠪᠣᠷᠢ | ᠪᠤᠯᠠᠭᠠᠨ ᠲᠣᠮᠢᠯᠠᠭᠰᠠᠨ ᠰᠠᠯᠪᠤᠷᠢ᠂ ᠬᠠᠩᠭᠠᠢ ᠲᠣᠮᠢᠯᠠᠭᠰᠠᠨ ᠰᠠᠯᠪᠤᠷᠢ᠂ ᠴᠣᠭᠯᠠᠭᠠᠨ ᠲᠣᠮᠢᠯᠠᠭᠰᠠᠨ ᠰᠠᠯᠪᠤᠷᠢ᠂ | ᠰᠢᠷᠠᠳᠠᠯ᠎ᠠ ᠲᠣᠮᠢᠯᠠᠭᠰᠠᠨ ᠰᠠᠯᠪᠤᠷᠢ᠂ ᠡᠷᠳᠡᠨᠢ ᠲᠣᠮᠢᠯᠠᠭᠰᠠᠨ ᠰᠠᠯᠪᠤᠷᠢ᠂ ᠲᠡᠷᠡᠰᠦᠳᠦ ᠲᠣᠮᠢᠯᠠᠭᠰᠠᠨ ᠰᠠᠯᠪᠤᠷᠢ᠂ | ᠬᠠᠷᠠᠴᠢᠯᠠᠭᠤ ᠲᠣᠮᠢᠯᠠᠭᠰᠠᠨ ᠰᠠᠯᠪᠤᠷᠢ᠂ ᠪᠠᠶᠠᠨᠬᠤᠷᠠ ᠲᠣᠮᠢᠯᠠᠭᠰᠠᠨ ᠰᠠᠯᠪᠤᠷᠢ ᠵᠡᠷᠭᠡ ᠪᠣᠯᠣᠨ᠎ᠠ᠃ | ᠬᠤᠶᠠᠷ᠂ 42 ᠵᠦᠢᠯ ᠤᠨ ᠲᠡᠷᠭᠡ ᠵᠢᠯᠤᠭᠤᠳᠬᠤ ᠬᠠᠮᠢᠶᠠᠷᠤᠯᠲᠠ ᠶᠢᠨ ᠲᠤᠬᠠᠶᠢᠯᠠᠭᠰᠠᠨ ᠠᠵᠢᠯ ᠢ ᠬᠠᠷᠢᠶ᠎ᠠ | ᠣᠷᠣᠨ ᠤ ᠲᠣᠮᠢᠯᠠᠭᠰᠠᠨ ᠰᠠᠯᠪᠤᠷᠢ ᠶᠢᠨ ᠴᠣᠩᠬᠤᠨ ᠳᠤ ᠰᠢᠢᠳᠪᠦᠷᠢᠯᠡᠵᠦ ᠲᠡᠶᠢᠯᠦᠨ᠎ᠡ | ︵ᠨᠢᠭᠡ︶ ᠵᠢᠯᠣᠭᠤᠴᠢ ᠶᠢᠨ ᠦᠨᠡᠮᠯᠡᠯ ᠤᠨ ᠲᠤᠬᠠᠶᠢᠯᠠᠭᠰᠠᠨ ᠠᠵᠢᠯ | 1. ᠴᠡᠷᠢᠭ ᠴᠠᠭᠳᠠᠭ᠎ᠠ ᠶᠢᠨ ᠦᠨᠡᠮᠯᠡᠯ ᠢ ᠰᠣᠯᠢᠬᠤ | 2᠂ ᠰᠢᠯᠵᠢᠭᠦᠯᠬᠦ ᠨᠥᠬᠦᠵᠦ ᠰᠣᠯᠢᠬᠤ ᠦᠨᠡᠮᠯᠡᠯ | 3᠂ ᠬᠤᠭᠤᠴᠠᠭ᠎ᠠ ᠳᠦᠭᠦᠷᠦᠭᠰᠡᠨ ᠤ ᠳᠠᠷᠠᠭ᠎ᠠ ᠦᠨᠡᠮᠯᠡᠯ ᠢ ᠨᠥᠬᠦᠵᠦ ᠰᠣᠯᠢᠬᠤ | 4. ᠨᠠᠰᠤ ᠬᠡᠲᠦᠷᠡᠭᠰᠡᠨ ᠤ ᠳᠠᠷᠠᠭ᠎ᠠ ᠦᠨᠡᠮᠯᠡᠯ ᠢ ᠨᠥᠬᠦᠵᠦ ᠰᠣᠯᠢᠬᠤ | 5. ᠰᠠᠶᠢᠨ ᠳᠤᠷ᠎ᠠ ᠠᠴᠠ ᠪᠠᠨ ᠲᠠᠰ ᠪᠠᠭᠤᠷᠠᠭᠤᠯᠤᠨ ᠦᠨᠡᠮᠯᠡᠯ ᠨᠥᠬᠦᠵᠦ ᠰᠣᠯᠢᠬᠤ | 6. ᠨᠥᠬᠦᠨ ᠰᠣᠯᠢᠬᠤ ᠦᠨᠡᠮᠯᠡᠯ ᠢ ᠬᠤᠪᠢᠷᠠᠭᠤᠯᠬᠤ | 7. ᠦᠨᠡᠮᠯᠡᠯ ᠢᠶᠠᠨ ᠭᠡᠭᠡᠭᠰᠡᠨ ᠢ ᠨᠥᠬᠦᠪᠦᠷᠢᠯᠡᠬᠦ | 8. ᠡᠪᠳᠡᠷᠡᠭᠰᠡᠨ ᠦᠨᠡᠮᠯᠡᠯ ᠢ ᠰᠣᠯᠢᠬᠤ | 9. ᠪᠡᠶ᠎ᠡ ᠶᠢᠨ ᠨᠥᠬᠦᠴᠡᠯ ᠤᠨ ᠬᠤᠪᠢᠷᠠᠯᠲᠠ ᠠᠴᠠ ᠪᠣᠯᠵᠤ ᠳᠡᠰ ᠪᠠᠭᠤᠷᠠᠭᠤᠯᠤᠨ ᠦᠨᠡᠮᠯᠡᠯ ᠢ | ᠨᠥᠬᠦᠵᠦ ᠰᠣᠯᠢᠬᠤ | 10. ᠵᠢᠯᠣᠭᠤᠴᠢ ᠶᠢᠨ ᠦᠨᠡᠮᠯᠡᠯ ᠤᠨ ᠬᠠᠮᠤᠭ ᠤᠨ ᠥᠨᠳᠥᠷ ᠦᠨᠡᠮᠯᠡᠯ ᠢ ᠬᠦᠴᠦᠨ ᠦᠭᠡᠢ ᠪᠣᠯᠭᠠᠬᠤ | 11. ᠳᠠᠳᠤᠯᠭ᠎ᠠ ᠶᠢᠨ ᠵᠢᠯᠣᠭᠤᠴᠢ ᠶᠢᠨ ᠦᠨᠡᠮᠯᠡᠯ ᠢ ᠬᠦᠴᠦᠨ ᠦᠭᠡᠢ ᠪᠣᠯᠭᠠᠬᠤ | 12 . ᠰᠤᠷᠭᠠᠭᠤᠯᠢ ᠶᠢᠨ ᠲᠡᠷᠭᠡ ᠶᠢᠨ ᠵᠢᠯᠣᠭᠤᠴᠢ ᠶᠢᠨ ᠬᠢᠷᠢ ᠬᠡᠮ ᠢ ᠭᠤᠶᠤᠴᠢᠯᠠᠬᠤ | 13. ᠰᠤᠷᠭᠠᠭᠤᠯᠢ ᠶᠢᠨ ᠲᠡᠷᠭᠡ ᠵᠢᠯᠤᠭᠤᠳᠬᠤ ᠬᠢᠷᠢ ᠬᠡᠮ ᠢ ᠬᠦᠴᠦᠨ ᠦᠭᠡᠢ ᠪᠣᠯᠭᠠᠬᠤ | 14. ᠬᠠᠮᠤᠭ ᠤᠨ ᠥᠨᠳᠥᠷ ᠪᠠᠷᠢᠮᠵᠢᠶᠠᠲᠤ ᠲᠡᠷᠭᠡ ᠵᠢᠯᠤᠭᠤᠳᠬᠤ ᠬᠡᠯᠪᠡᠷᠢ ᠶᠢ ᠬᠦᠴᠦᠨ ᠦᠭᠡᠢ | ᠪᠣᠯᠭᠠᠬᠤ | 15᠂ ᠳᠠᠳᠤᠯᠭ᠎ᠠ ᠶᠢᠨ ᠵᠢᠯᠣᠭᠤᠴᠢ ᠶᠢᠨ ᠵᠢᠯᠤᠭᠤᠳᠬᠤ ᠶᠢ ᠵᠥᠪᠰᠢᠶᠡᠷᠡᠬᠦ | 16᠂ ᠪᠡᠶ᠎ᠡ ᠮᠠᠬᠠᠪᠤᠳ ᠤᠨ ᠨᠥᠬᠦᠴᠡᠯ ᠤᠨ ᠭᠡᠷᠡᠴᠢ ᠪᠠᠨ ᠲᠤᠰᠢᠶᠠᠬᠤ | 17᠂ ᠪᠡᠶ᠎ᠡ ᠮᠠᠬᠠᠪᠤᠳ ᠤᠨ ᠨᠥᠬᠦᠴᠡᠯ ᠤᠨ ᠭᠡᠷᠡᠴᠢ ᠪᠠᠨ ᠣᠨᠳᠣᠣ ᠭᠠᠵᠠᠷ ᠲᠤ ᠲᠤᠰᠢᠶᠠᠬᠤ | 18᠂ ᠵᠢᠯᠣᠭᠤᠴᠢ ᠶᠢᠨ ᠳᠠᠩᠰᠠᠯᠠᠭᠤᠯᠤᠯᠲᠠ ᠶᠢ ᠬᠤᠪᠢᠷᠠᠭᠤᠯᠬᠤ | 19᠂ ᠬᠤᠭᠤᠴᠠᠭ᠎ᠠ ᠬᠤᠶᠢᠰᠢᠯᠠᠭᠤᠯᠤᠨ ᠦᠨᠡᠮᠯᠡᠯ ᠰᠣᠯᠢᠬᠤ ᠪᠠᠷ ᠭᠤᠶᠤᠴᠢᠯᠠᠬᠤ | 20᠂ ᠪᠡᠶ᠎ᠡ ᠶᠢᠨ ᠪᠠᠶᠢᠴᠠᠭᠠᠯᠲᠠ ᠶᠢᠨ ᠭᠡᠷᠡᠴᠢ ᠶᠢ ᠬᠤᠶᠢᠰᠢᠯᠠᠭᠤᠯᠤᠨ ᠲᠤᠰᠢᠶᠠᠬᠤ ᠪᠠᠷ ᠭᠤᠶᠤᠴᠢᠯᠠᠬᠤ | 21᠂ ᠬᠤᠶᠢᠰᠢᠯᠠᠭᠤᠯᠤᠨ ᠬᠢᠨᠠᠨ ᠰᠢᠯᠭᠠᠭᠤᠯᠬᠤ ᠪᠠᠷ ᠭᠤᠶᠤᠴᠢᠯᠠᠬᠤ | 22᠂ ᠬᠤᠭᠤᠴᠠᠭ᠎ᠠ ᠬᠤᠶᠢᠰᠢᠯᠠᠭᠤᠯᠤᠨ ᠦᠨᠡᠮᠯᠡᠯ ᠰᠣᠯᠢᠬᠤ ᠶᠢ ᠬᠦᠴᠦᠨ ᠦᠭᠡᠢ ᠪᠣᠯᠭᠠᠨ᠎ᠠ | 23᠂ ᠪᠡᠶ᠎ᠡ ᠶᠢᠨ ᠪᠠᠶᠢᠴᠠᠭᠠᠯᠲᠠ ᠶᠢᠨ ᠭᠡᠷᠡᠴᠢ ᠶᠢ ᠬᠤᠶᠢᠰᠢᠯᠠᠭᠤᠯᠤᠨ ᠲᠤᠰᠢᠶᠠᠬᠤ ᠶᠢ ᠬᠦᠴᠦᠨ ᠦᠭᠡᠢ | ᠪᠣᠯᠭᠠᠬᠤ | 24᠂ ᠬᠤᠶᠢᠰᠢᠯᠠᠭᠤᠯᠤᠨ ᠬᠢᠨᠠᠨ ᠰᠢᠯᠭᠠᠬᠤ ᠶᠢ ᠬᠦᠴᠦᠨ ᠦᠭᠡᠢ ᠪᠣᠯᠭᠠᠬᠤ | 25᠂ ᠢᠨᠲ᠋ᠧᠷ ᠰᠦᠯᠵᠢᠶᠡᠨ ᠳᠤ ᠭᠠᠷ ᠤᠨ ᠦᠰᠦᠭ ᠵᠢᠷᠤᠬᠤ | 26᠂ ᠵᠢᠯᠣᠭᠤᠴᠢ ᠶᠢᠨ ᠦᠨᠡᠮᠯᠡᠯ ᠢ ᠬᠦᠴᠦᠨ ᠦᠭᠡᠢ ᠪᠣᠯᠭᠠᠬᠤ | ︵ᠬᠤᠶᠠᠷ︶ ᠮᠠᠰᠢᠨᠲᠤ ᠲᠡᠷᠭᠡᠨ ᠤ ᠲᠤᠬᠠᠶᠢᠯᠠᠭᠰᠠᠨ ᠠᠵᠢᠯ | 27᠂ ᠥᠯᠥ ᠪᠠᠶᠢᠴᠠᠭᠠᠬᠤ ᠲᠡᠷᠭᠡᠨ ᠤ ᠣᠨᠳᠣᠣ ᠭᠠᠵᠠᠷ ᠲᠤ ᠰᠢᠯᠭᠠᠨ ᠪᠠᠶᠢᠴᠠᠭᠠᠯᠲᠠ ᠳᠤ ᠬᠢᠷᠢ | ᠲᠡᠩᠴᠡᠭᠰᠡᠨ ᠲᠡᠮᠳᠡᠭ ᠢ ᠬᠢᠨᠠᠨ ᠣᠯᠭᠤᠬᠤ | 28᠂ ᠲᠡᠷᠭᠡᠨ ᠦᠨᠡᠮᠯᠡᠯ ᠢ ᠨᠥᠬᠦᠵᠦ ᠠᠪᠬᠤ | 29᠂ ᠲᠡᠷᠭᠡᠨ ᠦᠨᠡᠮᠯᠡᠯ ᠢᠶᠠᠨ ᠰᠣᠯᠢᠵᠤ ᠠᠪᠬᠤ | 30᠂ ᠨᠣᠮᠧᠷ ᠤᠨ ᠫᠠᠶᠢᠰᠠ ᠨᠥᠬᠦᠵᠦ ᠠᠪᠬᠤ | 31᠂ ᠨᠣᠮᠧᠷ ᠤᠨ ᠫᠠᠶᠢᠰᠠ ᠰᠣᠯᠢᠵᠤ ᠠᠪᠬᠤ | 32᠂ ᠬᠠᠷᠢᠯᠴᠠᠬᠤ ᠠᠷᠭ᠎ᠠ ᠮᠠᠶ᠋ᠢᠭ ᠢᠶᠠᠨ ᠬᠤᠪᠢᠷᠠᠭᠤᠯᠬᠤ | 33᠂ ᠲᠦᠷ ᠴᠠᠭ ᠤᠨ ᠫᠠᠶᠢᠰᠠ ᠲᠡᠮᠳᠡᠭᠯᠡᠬᠦ | 34᠂ ᠪᠡᠷᠢᠴᠠᠭᠠᠨ ᠤ ᠳᠠᠩᠰᠠᠯᠠᠯᠲᠠ | 35᠂ ᠪᠠᠷᠢᠴᠠᠭ᠎ᠠ ᠶᠢ ᠬᠦᠴᠦᠨ ᠦᠭᠡᠢ ᠪᠣᠯᠭᠠᠬᠤ | 36᠂ ᠳᠠᠨᠵᠢᠯᠠᠭ᠎ᠠ ᠶᠢᠨ ᠳᠠᠩᠰᠠᠯᠠᠯᠲᠠ | 37᠂ ᠳᠠᠨᠵᠢᠯᠠᠭ᠎ᠠ ᠶᠢ ᠬᠦᠴᠦᠨ ᠦᠭᠡᠢ ᠪᠣᠯᠭᠠᠬᠤ | 38᠂ ᠡᠩ ᠤᠨ ᠨᠣᠮᠧᠷ ᠢ ᠬᠠᠷᠢᠯᠴᠠᠨ ᠰᠣᠯᠢᠬᠤ | 39᠂ ᠥᠮᠴᠢᠯᠡᠭᠴᠢ ᠶᠢᠨ ᠪᠡᠶ᠎ᠡ ᠶᠢᠨ ᠦᠨᠡᠮᠯᠡᠯ ᠢ ᠬᠤᠪᠢᠷᠠᠭᠤᠯᠬᠤ | 40᠂ ᠥᠮᠴᠢᠯᠡᠭᠴᠢ ᠶᠢᠨ ᠣᠪᠣᠭ ᠨᠡᠷ᠎ᠡ ᠶᠢ ᠬᠤᠪᠢᠷᠠᠭᠤᠯᠬᠤ | 41᠂ ᠥᠮᠴᠢᠯᠡᠭᠴᠢ ᠶᠢᠨ ᠣᠷᠣᠨ ᠰᠠᠭᠤᠴᠠ ᠶᠢ ᠬᠤᠪᠢᠷᠠᠭᠤᠯᠬᠤ | 42᠂ ᠬᠠᠮᠲᠤ ᠥᠮᠴᠢᠯᠡᠭᠴᠢ ᠪᠠᠶᠢᠴᠠᠭᠠᠨ ᠰᠢᠯᠭᠠᠬᠤ ᠴᠢᠬᠤᠯᠠ ᠦᠭᠡᠢ | | |