ᠪᠠᠶᠠᠨᠰᠢᠯᠢ ᠮᠠᠯᠵᠢᠯ ᠤᠨ ᠲᠠᠯᠠᠪᠠᠶ ᠶᠢ 1950 ᠣᠨ ᠤ 10 ᠰᠠᠷ᠎ᠠ ᠳᠤ ᠡᠬᠢᠯᠡᠨ ᠪᠠᠶᠢᠭᠤᠯᠵᠤ᠂ ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠲᠠᠷ ᠬᠠᠭᠠᠯᠪᠤᠷᠢᠯᠠᠯᠲᠠ ᠶᠢᠨ ᠰᠢᠰᠲ᠋ᠧᠮ ᠢ ᠨᠡᠯᠢᠶᠡᠳ ᠡᠷᠲᠡ | ᠪᠠᠶᠢᠭᠤᠯᠤᠭᠰᠠᠨ ᠤᠯᠤᠰ ᠤᠨ ᠥᠮᠴᠢᠯᠡᠯᠲᠦ ᠲᠠᠷᠢᠶᠠᠯᠠᠩ ᠮᠠᠯᠵᠢᠯ ᠤᠨ ᠲᠠᠯᠠᠪᠠᠶ ᠪᠣᠯᠤᠨ᠎ᠠ᠃ ᠮᠠᠯᠵᠢᠯ ᠤᠨ | ᠲᠠᠯᠠᠪᠠᠶ ᠶᠢᠨ ᠶᠡᠷᠦᠩᠬᠡᠶ ᠲᠠᠯᠠᠪᠠᠶ ᠨᠢ 3415.6 ᠲᠡᠭᠰᠢ ᠳᠥᠷᠪᠡᠯᠵᠢᠨ ᠺᠢᠯᠣᠮᠧᠲᠷ ︵512.4 ᠲᠦᠮᠡᠨ ᠮᠥ︶ | ᠪᠠᠶᠢᠵᠤ᠂ ᠭᠤᠤᠯᠳᠠᠭᠤ ᠨᠤᠭᠤ ᠶᠢᠨ ᠨᠤᠲᠤᠭ ᠪᠡᠯᠴᠢᠭᠡᠷ ᠪᠠ ᠨᠡᠶᠢᠲᠡᠯᠢᠭ ᠨᠤᠲᠤᠭ ᠪᠡᠯᠴᠢᠭᠡᠷ ᠪᠠᠶᠢᠵᠣ᠂ ᠴᠥᠭᠡᠨ | ᠬᠡᠰᠡᠭ ᠡᠯᠡᠰᠦᠷᠬᠡᠭ ᠭᠠᠵᠠᠷ ᠤᠨ ᠨᠤᠲᠤᠭ ᠪᠡᠯᠴᠢᠭᠡᠷ ᠲᠠᠢ᠃ ᠡᠭᠦᠨ ᠳᠤ ᠪᠡᠯᠴᠢᠭᠡᠷ ᠤᠨ ᠲᠠᠯᠠᠪᠠᠶ 459.9 ᠲᠦᠮᠡᠨ | ᠮᠥ᠂ ᠲᠠᠷᠢᠶᠠᠨ ᠭᠠᠵᠠᠷ 18.25 ᠲᠦᠮᠡᠨ ᠮᠥ᠂ ᠣᠶᠢᠲᠤ ᠭᠠᠵᠠᠷ 21.8 ᠲᠦᠮᠡᠨ ᠮᠥ᠂ ᠪᠤᠰᠤᠳ ᠭᠠᠵᠠᠷ 12. | 45 ᠲᠦᠮᠡᠨ ᠮᠥ ᠪᠠᠶᠢᠨ᠎ᠠ᠃ ᠮᠠᠯᠵᠢᠯ ᠤᠨ ᠲᠠᠯᠠᠪᠠᠶ ᠨᠢ ᠰᠢᠯᠢ ᠶᠢᠨ ᠭᠤᠤᠯ ᠤᠨ ᠲᠠᠯ᠎ᠠ ᠨᠤᠲᠤᠭ ᠤᠨ ᠤᠯᠤᠰ ᠤᠨ | ᠲᠠᠰ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠭᠤᠤᠯ ᠬᠡᠰᠡᠭ ᠪᠠᠶᠢᠵᠣ᠂ ᠣᠯᠠᠨ ᠤᠯᠤᠰ ᠤᠨ ᠬᠤᠯᠪᠣᠭᠠᠲᠤ | ᠪᠠᠶᠢᠭᠤᠯᠭ᠎ᠠ ᠶᠢᠨ ᠰᠤᠷᠭᠠᠨ ᠬᠥᠮᠦᠵᠢᠯ ᠰᠢᠨᠵᠢᠯᠡᠬᠦ ᠤᠬᠠᠭᠠᠨ ᠰᠣᠶᠣᠯ ᠤᠨ ᠵᠣᠬᠢᠶᠠᠨ ᠪᠠᠶᠢᠭᠤᠯᠤᠯᠲᠠ ᠶᠢᠨ ᠣᠯᠠᠨ | ᠤᠯᠤᠰ ᠤᠨ ᠠᠮᠢᠳᠤ ᠪᠣᠳᠠᠰ ᠤᠨ ᠬᠠᠮᠠᠭᠠᠯᠠᠯᠲᠠ ᠶᠢᠨ ᠣᠷᠣᠨ ᠤ ᠰᠦᠯᠵᠢᠶᠡᠨ ᠤ ᠪᠦᠷᠢᠯᠳᠦᠬᠦᠨ᠂ ᠮᠠᠨ ᠤ | ᠤᠯᠤᠰ ᠤᠨ ᠠᠩᠬᠠᠳᠠᠭᠴᠢ ᠡᠪᠡᠰᠦᠲᠦ ᠭᠠᠵᠠᠷ ᠤᠨ ᠤᠯᠤᠰ ᠤᠨ ᠳᠡᠰ ᠤᠨ ᠪᠠᠶᠢᠭᠠᠯᠢ ᠶᠢᠨ ᠬᠠᠮᠠᠭᠠᠯᠠᠯᠲᠠ ᠶᠢᠨ ᠤᠷᠤᠨ | ᠪᠤᠯᠤᠨ᠎ᠠ᠃ ᠪᠥᠬᠦ ᠲᠠᠯᠠᠪᠠᠶ ᠶᠢᠨ ᠡᠷᠦᠬᠡ ᠠᠮᠠ ᠶᠢᠨ ᠲᠠᠩᠰᠠ ᠲᠠᠢ ᠬᠥᠮᠦᠨ ᠠᠮᠠ 5679 ᠡᠷᠦᠬᠡ᠂ 10483 | ᠬᠥᠮᠦᠨ ᠪᠠᠶᠢᠵᠤ᠂ ᠡᠭᠦᠨ ᠳᠤ ᠮᠠᠯᠵᠢᠬᠤ ᠡᠷᠦᠬᠡ 1215 ᠡᠷᠦᠬᠡ᠂ 2923 ᠬᠥᠮᠦᠨ ᠪᠣᠶ᠃ 2023 ᠣᠨ ᠤ | ᠡᠴᠦᠰ ᠪᠣᠯᠲᠠᠯ᠎ᠠ᠂ ᠮᠠᠯᠵᠢᠯ ᠤᠨ ᠲᠠᠯᠠᠪᠠᠶ ᠶᠢᠨ ᠠᠵᠢᠯᠲᠠᠨ ᠠᠵᠢᠯᠴᠢᠨ ᠤ ᠪᠥᠬᠦ ᠲᠤᠭ᠎ᠠ 4128 ᠬᠥᠮᠦᠨ᠂ | ᠡᠭᠦᠨ ᠳᠤ ᠨᠠᠰᠤᠨ ᠤ ᠠᠮᠠᠷᠠᠯᠲᠠ ᠪᠠᠨ ᠠᠪᠤᠭᠰᠠᠨ ᠠᠵᠢᠯᠲᠠᠨ ᠠᠵᠢᠯᠴᠢᠨ 2674 ᠬᠥᠮᠦᠨ᠂ ᠲᠠᠩᠰᠠᠨ ᠳᠤ ᠪᠠᠶᠢᠭ᠎ᠠ | ᠠᠵᠢᠯᠲᠠᠨ ᠠᠵᠢᠯᠴᠢᠨ 1454 ᠬᠥᠮᠦᠨ ᠪᠠᠢᠨ᠎ᠠ᠃ ᠮᠠᠯᠵᠢᠯ ᠤᠨ ᠲᠠᠯᠠᠪᠠᠶ ᠶᠢᠨ ᠨᠠᠮ ᠤᠨ ᠬᠤᠷᠢᠶ᠎ᠠ ᠶᠢᠨ | ᠬᠠᠷᠢᠶᠠᠨ ᠳᠤ 12 ᠨᠠᠮ ᠤᠨ ᠡᠭᠦᠷ᠂ 262 ᠨᠠᠮ ᠤᠨ ᠭᠡᠰᠢᠭᠦᠨ᠂ 19 ᠨᠠᠮ ᠤᠨ ᠭᠡᠰᠢᠭᠦᠨ ᠤ ᠭᠤᠤᠯᠳᠠᠯᠭᠠᠲᠤ | ᠡᠷᠦᠬᠡ ᠪᠣᠶ᠃ | ᠤᠳᠤᠬᠠᠨ ᠳᠤ ᠮᠠᠯᠵᠢᠯ ᠤᠨ ᠲᠠᠯᠠᠪᠠᠶ ᠳᠤ 6 ᠬᠤᠪᠢᠶᠠᠷᠢ ᠲᠠᠯᠠᠪᠠᠶ᠂ 2 ᠰᠠᠭᠤᠭᠠᠯᠢ ᠠᠷᠠᠳ ᠤᠨ ᠨᠡᠶᠢᠭᠡᠮ | ᠲᠣᠭᠤᠷᠢᠭ᠂ 9 ᠬᠤᠶᠠᠳᠤᠭᠠᠷ ᠳᠡᠰ ᠤᠨ ᠺᠣᠮᠫᠠᠨᠢ ᠲᠠᠢ᠃ ᠬᠤᠪᠢᠶᠠᠷᠢ ᠲᠠᠯᠠᠪᠠᠶ ᠪᠠ ᠨᠡᠶᠢᠭᠡᠮ ᠲᠣᠭᠤᠷᠢᠭ ᠨᠢ | ᠭᠤᠣᠯᠳᠠᠭᠤ ᠨᠡᠶᠢᠭᠡᠮ ᠤᠨ ᠦᠢᠯᠡᠴᠢᠯᠡᠭᠡᠨ ᠤ ᠡᠭᠦᠷᠭᠡ ᠴᠢᠳᠠᠪᠤᠷᠢ ᠶᠢ ᠡᠭᠦᠷᠭᠡᠯᠡᠨ᠎ᠡ᠃ ᠬᠤᠶᠠᠳᠤᠭᠠᠷ ᠳᠡᠰ ᠤᠨ | ᠺᠣᠮᠫᠠᠨᠢ ᠨᠢ ᠭᠤᠣᠯᠳᠠᠭᠤ ᠮᠠᠯ ᠠᠵᠤ ᠠᠬᠤᠶ᠂ ᠲᠠᠷᠢᠮᠠᠯ ᠤᠨ ᠦᠢᠯᠡᠰ᠂ ᠵᠢᠭᠤᠯᠴᠢᠯᠠᠯ ᠤᠨ ᠦᠢᠯᠡᠰ ᠵᠢᠴᠢ ᠭᠤᠯᠢᠷ | ᠦᠢᠯᠡᠳᠪᠦᠷᠢᠯᠡᠬᠦ᠂ ᠢᠳᠡᠭᠡᠨ ᠪᠣᠯᠪᠠᠰᠤᠷᠠᠭᠤᠯᠬᠤ᠂ ᠮᠥᠭᠦ ᠳᠠᠷᠢᠬᠤ ᠵᠡᠷᠭᠡ ᠶᠢ ᠡᠵᠡᠩᠨᠡᠳᠡᠭ᠃ 2023 ᠣᠨ ᠳᠤ | ᠮᠠᠯᠵᠢᠯ ᠤᠨ ᠲᠠᠯᠠᠪᠠᠶ ᠶᠢᠨ ᠪᠠᠯᠠ ᠬᠥᠷᠥᠩᠭᠡ ᠶᠢᠨ ᠪᠥᠬᠦ ᠲᠤᠭ᠎ᠠ 6.15 ᠳ᠋ᠦᠩᠰᠢᠭᠤᠷ ᠲᠥᠭᠦᠷᠢᠭ ᠲᠤ ᠬᠥᠷᠪᠡ᠃ | ᠡᠯ᠎ᠡ ᠵᠦᠢᠯ ᠤᠨ ᠡᠵᠡᠩᠨᠡᠯᠲᠡ ᠶᠢᠨ ᠣᠷᠣᠯᠭ᠎ᠠ 2.1 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠡᠵᠡᠩᠨᠡᠯᠲᠡ ᠶᠢᠨ | ᠵᠠᠷᠤᠯᠭ᠎ᠠ 1.98 ᠳ᠋ᠦᠩᠰᠢᠭᠤᠷ ᠲᠥᠭᠦᠷᠢᠭ ᠪᠠᠶᠢᠵᠣ᠂ ᠴᠡᠪᠡᠷ ᠠᠰᠢᠭ ᠬᠤᠨᠵᠢᠪᠣᠷᠢ 1200 ᠲᠦᠮᠡᠨ | ᠲᠥᠭᠦᠷᠢᠭ ᠳᠤ ᠬᠦᠷᠪᠡ᠃ | ᠲᠠᠷᠢᠮᠠᠯ ᠤᠨ ᠦᠢᠯᠡᠰ ᠤᠨ ᠲᠠᠯ᠎ᠠ ᠪᠠᠷ᠃ ᠮᠠᠯᠵᠢᠯ ᠤᠨ ᠲᠠᠯᠠᠪᠠᠶ ᠶᠢᠨ ᠡᠵᠡᠩᠨᠡᠯᠲᠡ ᠶᠢᠨ ᠲᠠᠷᠢᠶᠠᠨ ᠭᠠᠵᠠᠷ 10. | 98 ᠲᠦᠮᠡᠨ ᠮᠥ ᠳᠤ ᠬᠦᠷᠴᠦ᠂ ᠡᠭᠦᠨ ᠳᠤ 7.6 ᠲᠦᠮᠡᠨ ᠮᠥ ᠶᠢᠨ ᠲᠠᠷᠢᠶᠠᠨ ᠭᠠᠵᠠᠷ ᠨᠢ ᠨᠢᠭᠡᠨᠲᠡ ᠨᠠᠨᠵᠢᠩ ᠤᠨ | ᠤᠯᠤᠰ ᠤᠨ ᠴᠠᠭᠠᠷᠢᠭ ᠬᠢᠭᠡᠳ ᠧᠦ᠋ᠷᠣᠫᠠ ᠶᠢᠨ ᠬᠤᠯᠪᠣᠭ᠎ᠠ ᠶᠢᠨ ᠣᠷᠭᠠᠨᠢᠭ ᠭᠠᠵᠠᠷ ᠤᠨ ᠬᠤᠤᠰ ᠭᠡᠷᠡᠴᠢᠯᠡᠯᠲᠡ ᠶᠢ | ᠪᠡᠶᠡᠯᠡᠭᠦᠯᠪᠡ︔ 5150 ᠮᠥ ᠲᠥᠮᠥᠰᠥ ᠨᠢ ᠪᠦᠬᠦ ᠪᠥᠮᠪᠥᠷᠴᠡᠭ ᠤᠨ ᠰᠢᠯᠢᠳᠡᠭ ᠲᠠᠷᠢᠶᠠᠯᠠᠩ ᠤᠨ ᠳᠦᠷᠢᠮᠵᠢᠯ ᠤᠨ | ᠭᠡᠷᠡᠴᠢᠯᠡᠯ ︵GLOBALLG.A.P.P.︶ ᠢ ᠬᠦᠷᠲᠡᠪᠡ᠃ ᠭᠤᠣᠯᠳᠠᠭᠤ ᠣᠷᠭᠠᠨᠢᠭ ᠪᠤᠭᠤᠳᠠᠢ᠂ ᠣᠷᠭᠠᠨᠢᠭ | ᠨᠣᠬᠠᠶ ᠶᠢᠨ ᠬᠤᠰᠢᠭᠤ᠂ ᠲᠥᠮᠥᠰᠥ ᠵᠡᠷᠭᠡ ᠶᠢ ᠲᠠᠷᠢᠵᠦ᠂ ᠲᠠᠷᠢᠮᠠᠯ ᠲᠠᠷᠢᠬᠤ ᠠᠴᠠ ᠠᠪᠤᠭᠠᠳ ᠬᠤᠷᠢᠶᠠᠬᠤ ᠬᠦᠷᠲᠡᠯ᠎ᠡ | ᠪᠦᠬᠦ ᠶᠠᠪᠤᠴᠠ ᠨᠢ ᠮᠧᠬᠠᠨᠢᠭᠵᠢᠭᠤᠯᠤᠨ ᠠᠵᠢᠯᠯᠠᠭᠤᠯᠬᠤ ᠶᠢ ᠪᠡᠶᠡᠯᠡᠭᠦᠯᠪᠡ᠃ ᠲᠥᠮᠥᠰᠥ ᠵᠢᠴᠢ ᠲᠡᠵᠢᠭᠡᠯ ᠡᠪᠡᠰᠦᠨ ᠤ | ᠲᠥᠷᠥᠯ ᠤᠨ ᠲᠠᠷᠢᠮᠠᠯ ᠢ ᠪᠦᠬᠦᠨ ᠢ ᠵᠠᠬᠢᠶᠠᠯᠠᠭ᠎ᠠ ᠪᠠᠷ ᠳᠠᠷᠢᠬᠤ ᠶᠢ ᠬᠡᠷᠡᠭᠵᠢᠭᠦᠯᠵᠦ ᠪᠠᠢᠨ᠎ᠠ᠃ | ᠮᠠᠯ ᠠᠵᠤ ᠠᠬᠤᠶ ᠶᠢᠨ ᠲᠠᠯ᠎ᠠ ᠪᠠᠷ᠃ ᠠᠮᠢ ᠠᠬᠤᠶ ᠶᠢ ᠲᠡᠷᠢᠭᠦᠨ ᠳᠤ ᠲᠠᠯᠪᠢᠬᠤ ᠶᠢ ᠪᠠᠳᠤᠯᠠᠵᠤ᠂ ᠰᠠᠶᠢᠨ | ᠡᠭᠦᠯᠳᠡᠷ ᠤᠨ ᠮᠠᠯ ᠢ ᠣᠷᠣᠭᠤᠯᠤᠨ ᠠᠪᠴᠢᠷᠠᠬᠤ ᠪᠠᠷ ᠳᠠᠮᠵᠢᠭᠤᠯᠤᠨ ᠠᠯᠠᠰᠢᠨ ᠬᠤᠨᠢᠨ ᠤ ᠠᠳᠠᠯᠢ ᠬᠤᠭᠤᠴᠠᠭᠠᠨ ᠤ | ᠬᠡᠭᠡᠯᠳᠦᠭᠦᠯᠬᠦ ᠮᠡᠷᠭᠡᠵᠢᠯ ᠢ ᠳᠡᠯᠭᠡᠷᠡᠭᠦᠯᠵᠦ᠂ ᠬᠥᠨᠳᠡᠯᠡᠨ ᠬᠡᠭᠡᠯᠲᠦᠭᠦᠯᠭᠡ ᠶᠢ ᠲᠣᠭᠲᠠᠪᠤᠷᠢᠵᠢᠭᠤᠯᠤᠨ᠂ ᠠᠯᠠᠰᠢᠨ | ᠦᠬᠡᠷ ᠢ ᠬᠥᠮᠦᠨ ᠤ ᠬᠦᠴᠦ ᠪᠠᠷ ᠦᠷ᠎ᠡ ᠲᠣᠭᠲᠠᠭᠠᠬᠤ᠂ ᠭᠤᠤᠯᠯᠠᠬᠤ ᠰᠦᠷᠦᠭ ᠤᠨ ᠰᠠᠶᠢᠨ ᠡᠭᠦᠯᠳᠡᠷ ᠢ | ᠥᠷᠭᠡᠳᠬᠡᠨ ᠦᠷᠡᠵᠢᠭᠦᠯᠬᠦ᠂ ᠰᠠᠶᠢᠨ ᠡᠭᠦᠯᠳᠡᠷ ᠢ ᠬᠡᠭᠡᠯᠲᠦᠭᠦᠯᠬᠦ ᠵᠡᠷᠭᠡ ᠮᠡᠷᠭᠡᠵᠢᠯ ᠤᠨ ᠠᠷᠭ᠎ᠠ ᠮᠠᠶ᠋ᠢᠭ ᠢᠶᠠᠷ | ᠳᠠᠮᠵᠢᠭᠤᠯᠤᠨ᠂ ᠮᠠᠯᠵᠢᠯ ᠤᠨ ᠲᠠᠯᠠᠪᠠᠶ ᠶᠢᠨ ᠦᠬᠡᠷ ᠬᠤᠨᠢᠨ ᠤ ᠡᠭᠦᠯᠳᠡᠷ ᠢ ᠰᠠᠶᠢᠵᠢᠷᠠᠭᠤᠯᠬᠤ ᠶᠢ ᠲᠦᠷᠭᠡᠳᠬᠡᠪᠡ᠃ | ᠣᠳᠣᠬᠠᠨ ᠳᠤ ᠪᠥᠬᠦ ᠲᠠᠯᠠᠪᠠᠢ 15.6 ᠲᠦᠮᠡᠨ ᠲᠤᠯᠤᠭᠠᠢ ᠳᠡᠵᠢᠭᠡᠪᠦᠷᠢ ᠮᠠᠯ ᠪᠠᠶᠢᠨ᠎ᠠ᠃ ᠤᠯᠤᠰ ᠤᠨ ᠲᠠᠰ ᠤᠨ | ᠬᠤᠸᠠ ᠰᠢ ᠦᠬᠡᠷ ᠤᠨ ᠡᠭᠦᠯᠳᠡᠷ ᠪᠣᠶᠢᠵᠢᠭᠤᠯᠵᠣ ᠪᠠᠶᠢᠭ᠎ᠠ ᠡᠷᠦᠬᠡ ᠨᠡᠶᠢᠲᠡ 2 ᠪᠠᠶᠢᠨ᠎ᠠ᠂ ᠠᠶᠢᠮᠠᠭ ᠤᠨ ᠲᠠᠰ ᠤᠨ | ᠰᠢᠮᠧᠨ᠋ᠲᠷ ᠦᠬᠡᠷ ᠤᠨ ᠡᠭᠦᠯᠳᠡᠷ ᠪᠣᠶᠢᠵᠢᠭᠤᠯᠵᠣ ᠪᠠᠶᠢᠭ᠎ᠠ ᠡᠷᠦᠬᠡ ᠨᠡᠶᠢᠲᠡ 4 ᠪᠠᠶᠢᠨ᠎ᠠ᠂ ᠠᠯᠠᠰᠢᠨ ᠬᠤᠨᠢᠨ ᠤ ᠠᠵᠤ | ᠠᠬᠤᠶ ᠶᠢᠨ ᠡᠷᠯᠢᠰᠵᠢᠭᠦᠯᠦᠯᠲᠡ 10 ᠲᠦᠮᠡ ᠣᠷᠴᠢᠮ ᠪᠠᠶᠢᠨ᠎ᠠ᠃ ᠴᠡᠭᠡ ᠶᠢᠨ ᠭᠤᠣᠯ ᠭᠠᠷᠤᠯᠲᠠ ᠶᠢᠨ ᠣᠷᠣᠨ | ᠪᠣᠯᠤᠭᠰᠠᠨ ᠤ ᠬᠤᠪᠢ ᠳᠤ᠂ ᠤᠷᠬᠢᠯ ᠤᠨ ᠬᠤᠭᠤᠴᠠᠭᠠᠨ ᠳᠤ ᠡᠳᠦᠷ ᠤᠨ ᠭᠠᠷᠤᠯᠲᠠ ᠬᠠᠮᠤᠭ ᠤᠨ ᠥᠨᠳᠥᠷ ᠲᠡᠭᠡᠨ | 4350 ᠺᠢᠯᠣᠭ᠍ᠷᠠᠮ ᠳᠤ ᠬᠦᠷᠳᠡᠭ᠃ | ᠢᠳᠡᠭᠡᠨ ᠪᠣᠯᠪᠠᠰᠤᠷᠠᠭᠤᠯᠬᠤ ᠦᠢᠯᠡᠰ ᠤᠨ ᠲᠠᠯ᠎ᠠ ᠪᠠᠷ᠃ ︽ᠰᠢᠯᠢ ᠶᠢᠨ ᠭᠤᠣᠯ︾ ᠲᠡᠮᠳᠡᠭᠲᠦ ᠭᠤᠯᠢᠷ | ᠪᠣᠯᠤᠨ ︽ᠪᠠᠶᠠᠨᠰᠢᠯᠢ︾ ᠰᠢᠷᠢᠰ ᠣᠷᠭᠠᠨᠢᠭ ᠭᠤᠯᠢᠷ ᠪᠣᠯ ᠬᠡᠷᠡᠭᠯᠡᠭᠡᠨ ᠤ ᠵᠠᠬ᠎ᠠ ᠳᠡᠯᠭᠡᠭᠦᠷ ᠲᠠᠬᠢ ᠰᠠᠶᠢᠨ | ᠪᠦᠲᠦᠭᠡᠭᠳᠡᠬᠦᠨ ᠪᠣᠯᠬᠤ ᠪᠥᠭᠡᠳ 2020 ᠣᠨ ᠤ 105 ᠳ᠋ᠤᠭᠠᠷ ᠬᠤᠭᠤᠴᠠᠭᠠᠨ ᠤ ᠫᠠᠨᠠᠮᠠ ᠶᠢᠨ ᠤᠯᠠᠨ | ᠤᠯᠤᠰ ᠤᠨ ᠦᠵᠡᠰᠬᠦᠯᠡᠩ ᠤᠨ ᠴᠤᠭᠯᠠᠭᠠᠨ ᠤ ︽ᠠᠯᠳᠠᠨ ᠱᠠᠩᠨᠠᠯ︾᠂ ᠲᠠᠪᠤᠳᠤᠭᠠᠷ ᠬᠤᠭᠤᠴᠠᠭᠠᠨ ᠤ ᠳᠤᠮᠳᠠᠳᠤ | ᠤᠯᠤᠰ ᠤᠨ ᠣᠷᠭᠠᠨᠢᠭ ᠪᠥᠲᠦᠭᠡᠭᠳᠡᠭᠦᠨ ᠤ ᠶᠡᠭᠡ ᠬᠤᠷᠠᠯ ᠤᠨ ︽ᠳᠤᠮᠳᠠᠳᠤ ᠤᠯᠤᠰ ᠤᠨ ᠣᠷᠭᠠᠨᠢᠭ ᠵᠠᠭᠤᠨ | ᠬᠦᠴᠦᠷᠬᠡᠭ ᠲᠦᠷᠦᠯ ᠲᠡᠮᠳᠡᠭ︾ ᠤᠨ ᠢᠷᠠᠭᠤ ᠠᠯᠳᠠᠷ ᠤᠨ ᠴᠣᠯᠠ ᠶᠢ ᠬᠦᠷᠳᠡᠪᠡ᠃ ︽ᠮᠧᠩ ᠪᠠᠢ ᠶᠢᠨ 1 | ᠨᠣᠮᠧᠷᠲᠤ︾᠂ ︽ᠮᠡᠩ ᠪᠠᠢ ᠶᠢᠨ 2 ᠨᠣᠮᠧᠷᠲᠤ︾ ᠪᠣᠯᠤᠨ ︽ᠮᠧᠩ ᠪᠠᠢ ᠶᠢᠨ 99 ᠨᠣᠮᠧᠷᠲᠤ︾ ᠢᠳᠡᠭᠡᠨ ᠤ | ᠮᠥᠭᠦ ᠨᠢ ᠤᠯᠤᠰ ᠤᠨ ᠡᠭᠦᠳᠦᠯᠲᠡ ᠶᠢᠨ ᠲᠤᠰᠬᠠᠶ ᠠᠰᠢᠭ ᠤᠨ ᠡᠷᠬᠡ ᠶᠢ ᠭᠤᠶᠤᠴᠢᠯᠠᠨ ᠮᠡᠳᠡᠭᠦᠯᠦᠭᠰᠡᠨ ᠪᠠᠶᠢᠨ᠎ᠠ᠃ | ᠭᠤᠯᠢᠷ ᠤᠨ ᠢᠳᠡᠭᠡᠨ ᠬᠢᠬᠦ ᠵᠢᠴᠢ ᠪᠣᠣᠪᠤ ᠪᠣᠭᠤᠷᠰᠤᠭ ᠪᠣᠯᠤᠨ ᠲᠠᠯᠬ᠎ᠠ ᠬᠠᠭᠰᠠᠭᠠᠵᠤ ᠪᠣᠯᠪᠠᠰᠤᠷᠠᠭᠤᠯᠬᠤ ᠪᠠᠷ | ᠭᠤᠤᠯᠳᠠᠯᠭ᠎ᠠ ᠪᠤᠯᠭᠠᠭᠰᠠᠨ ︽ᠪᠠᠶᠠᠨᠰᠢᠯᠢ ᠶᠡᠭᠡ ᠲᠣᠭᠤᠭᠠᠨ ᠭᠡᠷ︾ ᠨᠢ ᠶᠠᠮᠠᠷ ᠴᠤ ᠨᠡᠮᠡᠯᠲᠡ ᠡᠳ᠋ ᠨᠡᠮᠡᠬᠦ ᠦᠭᠡᠢ᠂ | ᠪᠣᠬᠢᠷᠲᠤᠯ ᠦᠭᠡᠢ ᠡᠷᠡᠭᠦᠯ ᠴᠢᠭᠢᠷᠠᠭ ᠢᠳᠡᠭᠡᠨ ᠤ ᠪᠥᠲᠦᠭᠡᠭᠳᠡᠭᠦᠨ ᠢᠶᠠᠷ ᠢᠶᠠᠨ ᠥᠷᠭᠡᠨ ᠤᠯᠠᠨ ᠬᠤᠳᠠ ᠶᠢᠨ | ᠠᠷᠠᠳ ᠤᠨ ᠬᠦᠷᠢᠶᠡᠯᠡᠯ ᠢ ᠣᠯᠵᠠᠢ᠃ | ᠵᠤᠭᠠᠴᠠᠯ ᠤᠨ ᠦᠢᠯᠡᠰ ᠤᠨ ᠳᠠᠯ᠎ᠠ ᠪᠠᠷ᠃ ᠮᠠᠯᠵᠢᠯ ᠤᠨ ᠲᠠᠯᠠᠪᠠᠶ ᠨᠢ ᠤᠯᠤᠰ ᠤᠨ ᠳᠡᠰ ᠤᠨ ᠳᠠᠯ᠎ᠠ | ᠨᠤᠲᠤᠭ ᠤᠨ ᠪᠠᠶᠢᠭᠠᠯᠢ ᠶᠢᠨ ᠬᠠᠮᠠᠭᠠᠯᠠᠬᠤ ᠤᠷᠤᠨ ᠪᠠᠶᠢᠵᠣ᠂ ᠠᠭᠤᠯᠠ᠂ ᠤᠰᠤ᠂ ᠣᠶ ᠰᠢᠭᠤᠶ᠂ ᠲᠠᠷᠢᠶᠠᠨ ᠭᠠᠵᠠᠷ᠂ | ᠨᠠᠭᠤᠷ᠂ ᠡᠪᠡᠰᠦᠯᠢᠭ ᠭᠠᠵᠠᠷ᠂ ᠡᠯᠡᠰᠦᠯᠢᠭ ᠭᠠᠵᠠᠷ ᠵᠡᠷᠭᠡ ᠡᠯᠪᠡᠭ ᠪᠠᠶᠠᠯᠢᠭ ᠣᠯᠠᠨ ᠶᠠᠩᠵᠤ ᠶᠢᠨ ᠨᠤᠲᠤᠭ | ᠪᠡᠯᠴᠢᠭᠡᠷ ᠤᠨ ᠠᠮᠢ ᠠᠬᠤᠶ ᠪᠠ ᠪᠠᠶᠢᠭᠠᠯᠢ ᠶᠢᠨ ᠦᠵᠡᠮᠵᠢ ᠲᠠᠢ ᠪᠠᠢᠵᠤ᠂ ᠮᠦᠨ ᠴᠦ ᠰᠢᠯᠢ ᠶᠢᠨ ᠬᠤᠲᠠ ᠶᠢᠨ | ᠠᠳᠤᠭᠤᠨ ᠤ ᠠᠵᠤ ᠦᠶ᠋ᠯᠡᠰ ᠤᠨ ᠭᠤᠤᠯᠯᠠᠬᠤ ᠠᠵᠤ ᠦᠢᠯᠡᠰ ᠤᠨ ᠭᠠᠵᠠᠷ ᠪᠠᠶᠢᠵᠣ᠂ ᠠᠳᠤᠭᠤᠨ ᠤ ᠰᠣᠶᠣᠯ ᠪᠠ | ᠠᠳᠤᠭᠤᠨ ᠤ ᠠᠵᠤ ᠦᠢᠯᠡᠰ ᠤᠨ ᠬᠥᠭᠵᠢᠯᠲᠡ ᠶᠢᠨ ᠭᠦᠨ ᠵᠤᠵᠠᠭᠠᠨ ᠰᠠᠭᠤᠷᠢ᠂ ᠳᠠᠪᠠᠭᠤᠯᠢᠭ ᠣᠷᠣᠨ ᠪᠠᠶᠢᠷᠢ | ᠵᠢᠴᠢ ᠳᠥᠭᠦᠮ ᠳᠥᠲᠡ ᠵᠠᠮ ᠬᠠᠷᠢᠯᠴᠠᠭᠠᠨ ᠤ ᠨᠥᠬᠦᠴᠡᠯ ᠳᠤ ᠰᠠᠭᠤᠷᠢᠯᠠᠨ᠂ ᠨᠤᠲᠤᠭ ᠪᠡᠯᠴᠢᠭᠡᠷ ᠤᠨ ᠠᠮᠢ ᠠᠬᠤᠶ᠂ | ᠲᠠᠷᠢᠶᠠᠯᠠᠩ ᠮᠠᠯ ᠠᠵᠤ ᠠᠬᠤᠶ᠂ ᠰᠣᠶᠣᠯ ᠵᠢᠭᠤᠯᠴᠢᠯᠠᠯ ᠤᠨ ᠦᠢᠯᠡᠰ ᠢ ᠵᠣᠬᠢᠴᠠᠩᠭᠤᠶ ᠪᠠᠷ ᠠᠭᠤᠰᠤᠯᠴᠠᠭᠤᠯᠤᠨ | ᠬᠥᠭᠵᠢᠭᠦᠯᠬᠦ ᠪᠤᠳᠤᠯᠭ᠎ᠠ ᠶᠢ ᠲᠣᠭᠲᠠᠭᠠᠵᠤ᠂ ︽ᠨᠤᠲᠤᠭ ᠪᠡᠯᠴᠢᠭᠡᠷ ᠤᠨ ᠠᠮᠢ ᠠᠬᠤᠶ + ᠠᠳᠤᠭᠤᠨ ᠤ ᠠᠵᠤ | ᠦᠢᠯᠡᠰ + N︾ ᠤᠨ ᠬᠥᠭᠵᠢᠯᠲᠡ ᠶᠢᠨ ᠵᠠᠭᠪᠤᠷ ᠢ ᠲᠣᠳᠣᠷᠬᠠᠶᠢᠯᠠᠪᠠ᠃ ᠲᠠᠯ᠎ᠠ ᠨᠤᠲᠤᠭ ᠤᠨ ᠠᠮᠢ ᠠᠬᠤᠶ ᠪᠠ | ᠠᠳᠤᠭᠤᠨ ᠰᠣᠶᠣᠯ ᠤᠨ ᠵᠢᠭᠤᠯᠴᠢᠯᠠᠯ ᠢᠶᠠᠷ ᠳᠠᠮᠵᠢᠭᠤᠯᠤᠨ᠂ ᠲᠠᠯ᠎ᠠ ᠨᠤᠲᠤᠭ ᠤᠨ ᠠᠳᠤᠭᠤᠨ ᠰᠣᠶᠣᠯ ᠤᠨ | ᠵᠢᠭᠤᠯᠴᠢᠯᠠᠯ ᠤᠨ ᠰᠢᠨ᠎ᠡ ᠵᠠᠭᠪᠤᠷ ᠢ ᠨᠡᠭᠡᠭᠡᠵᠦ᠂ ᠮᠠᠯᠵᠢᠯ ᠤᠨ ᠲᠠᠯᠠᠪᠠᠢ ᠶᠢᠨ ᠠᠵᠤ ᠦᠢᠯᠡᠰ ᠤᠨ ᠬᠥᠭᠵᠢᠯᠲᠡ ᠶᠢ | ᠳᠠᠶᠢᠴᠢᠯᠠᠨ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠵᠤ᠂ ᠠᠵᠤ ᠠᠬᠤᠶᠢᠯᠠᠯ ᠤᠨ ᠦᠷ᠎ᠡ | ᠠᠰᠢᠭ ᠢ ᠨᠡᠮᠡᠭᠳᠡᠭᠦᠯᠵᠦ᠂ ᠮᠠᠯᠴᠢᠳ ᠤᠨ ᠣᠷᠣᠯᠭ᠎ᠠ ᠶᠢ ᠨᠡᠮᠡᠭᠳᠡᠭᠦᠯᠬᠦ ᠶᠢ ᠪᠡᠶᠡᠯᠡᠭᠦᠯᠦᠨ᠎ᠡ᠃ | |