ᠰᠢᠯᠢ ᠶᠢᠨ ᠬᠤᠲᠠ ᠶᠢᠨ ᠲᠠᠪᠤᠳᠤᠭᠠᠷ ᠤᠳᠠᠭᠠᠨ ᠤ ᠪᠥᠬᠦ ᠤᠯᠤᠰ ᠤᠨ ᠠᠵᠤ ᠠᠬᠤᠢ ᠶᠢᠨ ᠨᠡᠶᠢᠳᠡᠮ | ᠪᠠᠶᠢᠴᠠᠭᠠᠯᠲᠠ ᠶᠢᠨ ᠱᠠᠲᠤᠨ ᠤ ᠲᠤᠭ᠎ᠠ ᠪᠠᠷᠢᠮᠲᠠ ᠶᠢᠨ ᠶᠠᠰᠤ ᠴᠢᠨᠠᠷ ᠢ ᠪᠠᠲᠤᠯᠠᠬᠤ ᠶᠢᠨ ᠲᠥᠯᠥᠭᠡ᠂ 4 ᠰᠠᠷ᠎ᠠ ᠶᠢᠨ | 11 ᠤ ᠡᠳᠦᠷ ᠠᠴᠠ ᠡᠬᠢᠯᠡᠨ ᠬᠤᠲᠠ ᠶᠢᠨ ᠲᠣᠪᠴᠢᠶ᠎ᠠ ᠶᠢᠨ ᠨᠡᠶᠢᠳᠡᠮ ᠪᠠᠶᠢᠴᠠᠭᠠᠯᠲᠠ ᠶᠢᠨ ᠠᠯᠪᠠᠨ ᠭᠡᠷ ᠠᠴᠠ ᠡᠯ᠎ᠡ | ᠵᠡᠭᠡᠯᠢ ᠭᠤᠳᠤᠮᠵᠢ ᠶᠢᠨ ᠠᠯᠪᠠᠨ ᠭᠡᠷ᠂ ᠰᠤᠮᠤ ᠪᠠᠯᠭᠠᠰᠤ ᠲᠠᠯᠠᠪᠠᠢ ᠶᠢᠨ ︽ᠬᠤᠶᠠᠷ ᠠᠵᠢᠯᠲᠠᠨ︾ ᠤ ᠡᠩᠨᠡᠭᠡ ᠶᠢᠨ | 50 ᠭᠠᠷᠤᠢ ᠬᠥᠮᠥᠨ ᠢ ᠵᠣᠬᠢᠶᠠᠨ ᠪᠠᠶᠢᠭᠤᠯᠤᠨ ᠰᠣᠯᠪᠢᠴᠠᠭᠤᠯᠤᠨ ᠬᠠᠷᠢᠯᠴᠠᠨ ᠪᠠᠶᠢᠴᠠᠭᠠᠬᠤ ᠠᠵᠢᠯ ᠢ ᠥᠷᠨᠢᠭᠦᠯᠵᠦ᠂ | ᠡᠯ᠎ᠡ ᠵᠦᠢᠯ ᠤᠨ ᠠᠵᠤ ᠠᠬᠤᠢ ᠶᠢᠨ ᠭᠦᠢᠴᠡᠳᠬᠡᠯ ᠲᠤᠭ᠎ᠠ ᠶᠢᠨ ᠣᠨᠣᠪᠴᠢᠲᠤ ᠴᠢᠨᠠᠷ ᠢ ᠦᠨᠡᠨ ᠬᠦ ᠪᠠᠲᠤᠯᠠᠵᠤ᠂ | ᠠᠵᠤ ᠠᠬᠤᠢ ᠶᠢᠨ ᠨᠡᠶᠢᠳᠡᠮ ᠪᠠᠶᠢᠴᠠᠭᠠᠯᠲᠠ ᠶᠢᠨ ᠲᠤᠭ᠎ᠠ ᠪᠠᠷᠢᠮᠲᠠ ᠶᠢᠨ ᠶᠠᠰᠤ ᠴᠢᠨᠠᠷ ᠢ ᠦᠨᠡᠨ ᠬᠦ ᠳᠡᠭᠡᠭᠰᠢᠯᠡᠭᠦᠯᠪᠡ | ᠃ | ᠲᠤᠰ ᠤᠳᠠᠭᠠᠨ ᠤ ᠬᠠᠷᠢᠯᠴᠠᠨ ᠪᠠᠶᠢᠴᠠᠭᠠᠬᠤ ᠠᠵᠢᠯ ᠢ ᠰᠢᠯᠢ ᠶᠢᠨ ᠬᠤᠲᠠ ᠶᠢᠨ ᠪᠥᠬᠦ ᠤᠯᠤᠰ ᠤᠨ | ᠲᠠᠪᠤᠳᠤᠭᠠᠷ ᠤᠳᠠᠭᠠᠨ ᠤ ᠠᠵᠤ ᠠᠬᠤᠢ ᠶᠢᠨ ᠨᠡᠶᠢᠳᠡᠮ ᠪᠠᠶᠢᠴᠠᠭᠠᠯᠲᠠ ᠶᠢᠨ ᠤᠳᠤᠷᠢᠳᠬᠤ ᠳᠤᠭᠤᠶᠢᠯᠠᠩ ᠤᠨ ᠠᠯᠪᠠᠨ | ᠭᠡᠷ ᠠᠴᠠ ᠨᠠᠷᠢᠨ ᠨᠢᠮᠪᠠᠢ ᠵᠣᠬᠢᠶᠠᠨ ᠪᠠᠶᠢᠭᠤᠯᠵᠤ᠂ ᠡᠯ᠎ᠡ ᠵᠡᠭᠡᠯᠢ ᠭᠤᠳᠤᠮᠵᠢ ᠶᠢᠨ ᠠᠯᠪᠠᠨ ᠭᠡᠷ᠂ ᠰᠤᠮᠤ ᠪᠠᠯᠭᠠᠰᠤ | ᠲᠠᠯᠠᠪᠠᠶ᠂ ᠡᠯ᠎ᠡ ᠨᠡᠶᠢᠭᠡᠮ ᠲᠣᠭᠤᠷᠢᠭ ᠤᠨ ᠨᠡᠶᠢᠳᠡᠮ ᠪᠠᠶᠢᠴᠠᠭᠠᠭᠴᠢ ᠶᠢ ᠬᠠᠷᠢᠯᠴᠠᠨ ᠪᠠᠶᠢᠴᠠᠭᠠᠬᠤ ᠳᠤ | ᠣᠷᠣᠯᠴᠠᠭᠤᠯᠵᠤ᠂ ᠭᠤᠣᠯᠳᠠᠭᠤ ᠠᠵᠤ ᠠᠬᠤᠶᠢᠯᠠᠯ ᠤᠨ ᠴᠢᠬᠤᠯᠠ ᠠᠵᠤ ᠠᠬᠤᠢ ᠶᠢᠨ ᠭᠦᠢᠴᠡᠳᠬᠡᠯ ᠲᠤᠭ᠎ᠠ ᠶᠢᠨ | ᠲᠤᠭ᠎ᠠ ᠠᠪᠬᠤ ᠠᠷᠭ᠎ᠠ ᠵᠠᠮ ᠢᠶᠠᠷ ᠭᠤᠣᠯᠯᠠᠭᠤᠯᠤᠨ ᠨᠠᠷᠢᠨ ᠣᠶᠢᠯᠠᠭᠠᠬᠤ ᠶᠢᠨ ᠬᠠᠮᠲᠤ ᠨᠡᠶᠢᠳᠡᠮ ᠪᠠᠶᠢᠴᠠᠭᠠᠯᠲᠠ ᠶᠢᠨ | ᠳᠡᠩᠰᠡᠯᠡᠨ ᠲᠡᠮᠳᠡᠭᠯᠡᠬᠦ ᠲᠠᠪᠴᠠᠩ ᠤᠨ ᠳᠡᠭᠡᠭᠰᠢ ᠮᠡᠳᠡᠭᠦᠯᠦᠭᠰᠡᠨ ᠲᠤᠭ᠎ᠠ ᠪᠠᠷᠢᠮᠲᠠ ᠲᠠᠢ ᠬᠠᠷᠢᠴᠠᠭᠤᠯᠤᠨ | ᠬᠠᠷᠭᠤᠭᠤᠯᠵᠤ᠂ ᠭᠤᠣᠯᠳᠠᠯᠭ᠎ᠠ ᠲᠠᠢ ᠠᠵᠤ ᠠᠬᠤᠢ ᠶᠢᠨ ᠭᠦᠢᠴᠡᠳᠬᠡᠯ ᠲᠤᠭ᠎ᠠ ᠶᠢ ᠬᠢᠨᠠᠨ ᠬᠠᠷᠭᠤᠭᠤᠯᠵᠣ᠂ | ᠬᠤᠪᠢ ᠶᠢᠨ ᠡᠷᠦᠬᠡ ᠶᠢᠨ ᠬᠤᠭᠤᠴᠠᠭᠠᠨ ᠰᠡᠭᠦᠯᠴᠢ ᠶᠢᠨ ᠠᠵᠢᠯᠯᠠᠭᠰᠠᠳ ᠤᠨ ᠲᠤᠭ᠎ᠠ ᠵᠢᠴᠢ ᠡᠯ᠎ᠡ ᠵᠦᠢᠯ ᠤᠨ ᠠᠵᠤ | ᠠᠬᠤᠢ ᠶᠢᠨ ᠭᠦᠢᠴᠡᠳᠬᠡᠬᠦ ᠲᠤᠭ᠎ᠠ ᠶᠢ ᠨᠢᠭᠡᠳ ᠨᠢᠭᠡ ᠪᠠᠷ ᠠᠰᠠᠭᠤᠨ ᠯᠠᠪᠯᠠᠪᠠ᠃ | ︽ᠲᠠᠪᠤᠳᠤᠭᠠᠷ ᠤᠳᠠᠭᠠᠨ ᠤ ᠠᠵᠤ ᠠᠬᠤᠢ ᠶᠢᠨ ᠨᠡᠶᠢᠳᠡᠮ ᠪᠠᠶᠢᠴᠠᠭᠠᠯᠲᠠ︾ ᠶᠢᠨ ᠬᠠᠷᠢᠯᠴᠠᠨ ᠪᠠᠶᠢᠴᠠᠭᠠᠬᠤ | ᠠᠵᠢᠯ ᠢ ᠥᠷᠨᠢᠭᠦᠯᠬᠦ ᠪᠠᠷ ᠳᠠᠮᠵᠢᠭᠤᠯᠤᠨ᠂ ᠨᠡᠶᠢᠳᠡᠮ ᠪᠠᠶᠢᠴᠠᠭᠠᠭᠴᠢ ᠲᠤᠷᠰᠢᠯᠭ᠎ᠠ ᠰᠤᠷᠭᠠᠮᠵᠢ ᠪᠠᠨ ᠳ᠋ᠦᠩᠨᠡᠬᠦ ᠶᠢᠨ | ᠬᠠᠮᠲᠤ ᠪᠠᠰᠠ ᠶᠠᠰᠤ ᠴᠢᠨᠠᠷ ᠤᠨ ᠡᠵᠡᠮᠳᠡᠯ ᠢᠶᠠᠨ ᠴᠢᠩᠭᠠᠳᠬᠠᠵᠤ᠂ ᠲᠤᠭ᠎ᠠ ᠪᠠᠷᠢᠮᠲᠠ ᠶᠢᠨ ᠶᠠᠰᠤ ᠴᠢᠨᠠᠷ ᠢ ᠦᠨᠡᠨ ᠬᠦ | ᠪᠠᠲᠤᠯᠠᠵᠤ᠂ ︽ᠲᠠᠪᠤᠳᠤᠭᠠᠷ ᠤᠳᠠᠭᠠᠨ ᠤ ᠠᠵᠤ ᠠᠬᠤᠢ ᠶᠢᠨ ᠨᠡᠶᠢᠳᠡᠮ ᠪᠠᠶᠢᠴᠠᠭᠠᠯᠲᠠ︾ ᠶᠢᠨ ᠨᠡᠶᠢᠳᠡᠮ | ᠪᠠᠶᠢᠴᠠᠭᠠᠯᠲᠠ ᠶᠢᠨ ᠳᠡᠩᠰᠡᠯᠡᠨ ᠲᠡᠮᠳᠡᠭᠯᠡᠬᠦ ᠠᠵᠢᠯ ᠳᠤ ᠲᠤᠭ᠎ᠠ ᠪᠠᠷᠢᠮᠲᠠ ᠶᠢᠨ ᠰᠠᠭᠤᠷᠢ ᠶᠢ ᠪᠠᠲᠤᠳᠬᠠᠪᠠ᠃ | | |