ᠰᠢᠯᠢ ᠶᠢᠨ ᠬᠤᠲᠠ ᠶᠢᠨ ᠰᠣᠶᠣᠯ᠂ ᠪᠡᠶ᠎ᠡ ᠶᠢᠨ ᠲᠠᠮᠢᠷ᠂ ᠵᠢᠭᠤᠯᠴᠢᠯᠠᠯ᠂ ᠷᠠᠳᠢᠣ᠋ ᠲᠧᠯᠸᠢᠰ ᠤᠨ ᠲᠣᠪᠴᠢᠶ᠎ᠠ ᠪᠥᠬᠦ ᠬᠤᠲᠠ ᠶᠢᠨ ᠰᠣᠶᠣᠯ᠂ ᠪᠡᠶ᠎ᠡ ᠶᠢᠨ ᠲᠠᠮᠢᠷ᠂ ᠵᠢᠭᠤᠯᠴᠢᠯᠠᠯ᠂ ᠷᠠᠳᠢᠣ᠋ ᠲᠧᠯᠸᠢᠰ ᠤᠨ ᠠᠵᠢᠯ ᠲᠥᠷᠥᠯ ᠤᠨ ᠠᠵᠢᠯ ᠢᠶᠠᠨ ᠰᠡᠷᠭᠦᠭᠡᠵᠦ᠂  ᠦᠢᠯᠡᠳᠪᠦᠷᠢᠯᠡᠯ ᠢᠶᠠᠨ ᠰᠡᠷᠭᠦᠭᠡᠬᠦ ᠬᠤᠷᠠᠯ ᠵᠢᠴᠢ ᠠᠮᠤᠷ ᠲᠦᠪᠰᠢᠨ ᠤ ᠬᠥᠮᠦᠵᠢᠯ ᠪᠣᠯᠪᠠᠰᠤᠷᠠᠯ ᠤᠨ ᠬᠤᠷᠠᠯ ᠬᠤᠷᠠᠯᠳᠤᠭᠤᠯᠪᠠ᠃
ᠨᠡᠶᠢᠲᠡᠯᠡᠭᠰᠡᠨ ᠴᠠᠭ᠄
2024/4/3
  ᠶᠡᠷᠦᠩᠬᠡᠶ ᠱᠦᠵᠢ ᠰᠢ ᠶᠢᠨ ᠫᠢᠩ ᠤᠨ ᠠᠶᠤᠯᠭᠦᠶ  ᠦᠢᠯᠡᠳᠪᠦᠷᠢᠯᠡᠯ ᠤᠨ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠵᠤ᠂ ᠳᠡᠭᠡᠳᠦ ᠱᠠᠲᠤᠨ ᠤ ᠠᠶᠤᠯᠭᠦᠶ  ᠦᠢᠯᠡᠳᠪᠦᠷᠢᠯᠡᠯ ᠎ ᠤᠨ ᠠᠵᠢᠯ ᠤᠨ ᠲᠤᠬᠠᠶ ᠲᠣᠬᠢᠷᠠᠭᠤᠯᠤᠯᠲᠠ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠶ ᠨᠠᠶᠢᠳᠠᠪᠤᠷᠢᠵᠢᠭᠤᠯᠬᠤ ᠶᠢᠨ ᠲᠥᠯᠥᠭᠡ᠂ 3 ᠰᠠᠷ᠎ᠠ ᠶᠢᠨ 27᠎ ᠤ ᠦᠳᠡ ᠶᠢᠨ ᠡᠮᠦᠨ᠎ᠡ᠂ ᠰᠢᠯᠢ ᠶᠢᠨ ᠬᠤᠲᠠ ᠶᠢᠨ ᠰᠣᠶᠣᠯ᠂ ᠪᠡᠶ᠎ᠡ ᠶᠢᠨ ᠲᠠᠮᠢᠷ᠂ ᠵᠢᠭᠤᠯᠴᠢᠯᠠᠯ᠂ ᠷᠠᠳᠢᠣ᠋ ᠲᠧᠯᠸᠢᠰ ᠤᠨ ᠲᠣᠪᠴᠢᠶ᠎ᠠ ᠨᠢ ᠰᠢᠯᠢ ᠶᠢᠨ ᠺᠢᠨᠣ᠋ ᠵᠦᠴᠦᠭᠡ ᠶᠢᠨ ᠣᠷᠳᠣᠨ ᠳᠤ ᠪᠥᠬᠦ ᠬᠤᠲᠠ ᠶᠢᠨ ᠰᠣᠶᠣᠯ᠂ ᠪᠡᠶ᠎ᠡ ᠶᠢᠨ ᠲᠠᠮᠢᠷ᠂ ᠵᠢᠭᠤᠯᠴᠢᠯᠠᠯ᠂ ᠷᠠᠳᠢᠣ᠋ ᠲᠧᠯᠸᠢᠰ ᠤᠨ ᠠᠵᠢᠯ ᠲᠥᠷᠥᠯ ᠤᠨ ᠠᠵᠢᠯ ᠢᠶᠠᠨ ᠰᠡᠷᠭᠦᠭᠡᠵᠦ᠂ ᠦᠢᠯᠡᠳᠪᠦᠷᠢᠯᠡᠯ ᠎ ᠢᠶᠠᠨ ᠰᠡᠷᠭᠦᠭᠡᠬᠦ ᠬᠤᠷᠠᠯ ᠵᠢᠴᠢ ᠠᠮᠤᠷ ᠲᠦᠪᠰᠢᠨ ᠤ ᠬᠥᠮᠦᠵᠢᠯ ᠪᠣᠯᠪᠠᠰᠤᠷᠠᠯ ᠤᠨ ᠬᠤᠷᠠᠯ ᠬᠤᠷᠠᠯᠳᠤᠭᠤᠯᠪᠠ᠃  ᠬᠤᠷᠠᠯ ᠢ ᠰᠢᠯᠢ ᠶᠢᠨ ᠬᠤᠲᠠ ᠶᠢᠨ ᠰᠣᠶᠣᠯ ᠵᠢᠭᠤᠯᠴᠢᠯᠠᠯ ᠤᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠳᠡᠳ᠋ ᠲᠣᠪᠴᠢᠶᠠᠨ ᠳᠠᠷᠤᠭ᠎ᠠ ᠰᠦᠨ ᠰᠢ ᠸᠧᠨ ᠡᠷᠭᠢᠯᠡᠵᠦ᠂ ᠪᠥᠬᠦ ᠬᠤᠲᠠ ᠶᠢᠨ  ᠢᠨᠲ᠋ᠧᠷ ᠰᠦᠯᠵᠢᠶᠡᠨ ᠳᠤ ᠭᠠᠷᠬᠤ ᠦᠶ᠋ᠯᠡᠴᠢᠯᠡᠭᠡᠨ ᠤ ᠲᠠᠯᠠᠪᠤᠷ᠂ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ ᠤᠨ ᠲᠠᠯᠠᠪᠤᠷ᠂ ᠣᠳᠣᠨ ᠲᠠᠰ ᠤᠨ ᠪᠠᠭᠤᠳᠠᠯ᠂ ᠵᠢᠭᠤᠯᠴᠢᠯᠠᠯ ᠤᠨ ᠭᠠᠵᠠᠷ᠂ A ᠲᠠᠰ ᠤᠨ ᠵᠢᠭᠤᠯᠴᠢᠯᠠᠯ ᠤᠨ ᠦᠵᠡᠮᠵᠢ ᠶᠢᠨ ᠣᠷᠣᠨ᠂ ᠰᠢᠨᠵᠢᠯᠡᠭᠡᠨ ᠤ ᠪᠤᠰᠤ ᠲᠥᠷᠥᠯ ᠤᠨ ᠪᠣᠯᠪᠠᠰᠤᠷᠠᠭᠤᠯᠤᠯ ᠤᠨ ᠪᠠᠶᠢᠭᠤᠯᠤᠮᠵᠢ ᠶᠢᠨ ᠬᠠᠷᠢᠭᠤᠴᠠᠯᠭᠠᠲᠠᠨ ᠵᠢᠴᠢ ᠠᠵᠢᠯᠯᠠᠭᠴᠢᠳ ᠨᠡᠶᠢᠲᠡ 300 ᠭᠠᠷᠤᠶ ᠬᠥᠮᠦᠨ ᠣᠷᠣᠯᠴᠠᠵᠠᠶ᠃ ᠠᠶᠢᠮᠠᠭ ᠤᠨ ᠰᠣᠶᠣᠯ ᠤᠨ ᠵᠠᠬ᠎ᠠ ᠳᠡᠯᠭᠡᠭᠦᠷ ᠤᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ ᠶᠢᠨ ᠬᠠᠤᠯᠢ ᠬᠡᠷᠡᠭᠵᠢᠭᠦᠯᠬᠦ ᠠᠩᠭᠢ ᠶᠢᠨ ᠳᠠᠷᠤᠭ᠎ᠠ ᠮᠥ ᡁᠢ ᠭᠠᠩ᠂ ᠬᠤᠲᠠ ᠶᠢᠨ ᠭᠠᠯ ᠤᠨᠲᠠᠷᠠᠭᠠᠬᠤ ᠶᠡᠭᠡ ᠠᠩᠭᠢ ᠶᠢᠨ ᠱᠲ᠋ᠠᠪᠴᠢ ᠳ᠋ᠦ᠋ ᠶᠠ ᠹᠸᠢ ᠤᠷᠢᠯᠭ᠎ᠠ ᠪᠠᠷ ᠬᠤᠷᠠᠯ ᠳᠤ ᠣᠷᠣᠯᠴᠠᠪᠠ᠃  ᠬᠤᠷᠠᠯ ᠳᠡᠭᠡᠷ᠎ᠡ᠂ ︽2024 ᠣᠨ ᠤ ᠠᠵᠢᠯ ᠢᠶᠠᠨ ᠰᠡᠷᠭᠦᠭᠡᠵᠦ᠂  ᠦᠢᠯᠡᠳᠪᠦᠷᠢᠯᠡᠯ ᠎ ᠢᠶᠠᠨ ᠰᠡᠷᠭᠦᠭᠡᠬᠦ ᠠᠶᠤᠯᠭᠦᠢ  ᠦᠢᠯᠡᠳᠪᠦᠷᠢᠯᠡᠯ ᠎ ᠤᠨ ᠰᠡᠷᠡᠮᠵᠢᠯᠡᠭᠦᠯᠬᠦ ᠬᠥᠮᠦᠵᠢᠯ ᠤᠨ ᠹᠢᠯᠢᠮ︾ ᠪᠣᠯᠤᠨ ︽ᠰᠢᠲᠠᠮᠠᠬᠠᠶ ᠬᠡᠶ ᠶᠢᠨ ᠠᠮᠤᠷ ᠲᠦᠪᠰᠢᠨ ᠤ ᠠᠳᠡᠯ ᠤᠨ ᠰᠡᠷᠡᠮᠵᠢᠯᠡᠭᠦᠯᠬᠦ ᠬᠥᠮᠦᠵᠢᠯ ᠤᠨ ᠹᠢᠯᠢᠮ︾᠎ ᠢ ᠦᠵᠡᠵᠦ᠂ ᠠᠶᠢᠮᠠᠭ ᠤᠨ ᠰᠣᠶᠣᠯ ᠤᠨ ᠵᠠᠬ᠎ᠠ ᠳᠡᠯᠭᠡᠭᠦᠷ ᠤᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ᠂ ᠬᠤᠲᠠ ᠶᠢᠨ ᠰᠣᠶᠣᠯ᠂ ᠪᠡᠶ᠎ᠡ ᠶᠢᠨ ᠲᠠᠮᠢᠷ᠂ ᠵᠢᠭᠤᠯᠴᠢᠯᠠᠯ᠂ ᠷᠠᠳᠢᠣ᠋ ᠲᠧᠯᠸᠢᠰ ᠤᠨ ᠲᠣᠪᠴᠢᠶ᠎ᠠ᠂ ᠬᠤᠲᠠ ᠶᠢᠨ ᠭᠠᠯ ᠤᠨᠲᠠᠷᠠᠭᠠᠬᠤ ᠶᠡᠭᠡ ᠠᠩᠭᠢ ᠶᠢᠨ ᠤᠳᠤᠷᠢᠳᠬᠤ ᠨᠥᠬᠦᠳ ᠲᠣᠰ ᠲᠣᠰ ᠤᠨ ᠬᠤᠪᠢᠳᠠᠨ ᠬᠠᠮᠢᠶᠠᠷᠴᠤ ᠪᠠᠶᠢᠭ᠎ᠠ ᠬᠦᠷᠢᠶ᠎ᠡ ᠴᠠᠷᠠᠭ᠎ᠠ ᠠᠵᠢᠯ ᠲᠥᠷᠥᠯ ᠤᠨ ᠭᠤᠤᠯᠳᠠᠯᠭ᠎ᠠ ᠳᠠᠭᠠᠨ ᠠᠵᠢᠯ ᠤᠨ ᠱᠠᠭᠠᠷᠳᠠᠯᠭ᠎ᠠ ᠳᠤᠷᠠᠳᠴᠤ᠂ ᠠᠶᠤᠯ ᠥᠬᠡᠶ  ᠦᠢᠯᠡᠳᠪᠦᠷᠢᠯᠡᠯ ᠎ ᠤᠨ ᠠᠵᠢᠯ ᠲᠥᠷᠥᠯ ᠤᠨ ᠭᠤᠤᠯ ᠴᠣᠭᠴᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠤᠨ ᠴᠢᠩᠭᠠᠳᠬᠠᠵᠤ᠂ ︽ᠰᠢᠯᠢ ᠶᠢᠨ ᠬᠤᠲᠠ ᠶᠢᠨ 2023 ᠬᠦᠨᠳᠦ ᠶᠡᠭᠡ ᠠᠳᠡᠯ ᠤᠨ ᠬᠡᠮ ᠰᠣᠭᠤᠭ ᠢ ᠲᠤᠰᠬᠠᠶ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯᠯᠠᠭ᠎ᠠ ᠶᠢᠨ ᠬᠡᠷᠡᠭᠵᠢᠭᠦᠯᠬᠦ ᠲᠥᠰᠦᠯ︾᠎ ᠤᠨ ᠱᠠᠭᠠᠷᠳᠠᠯᠭ᠎ᠠ ᠶᠢ ᠪᠠᠶᠢᠩᠭᠤᠵᠢᠭᠤᠯᠤᠨ ᠨᠠᠶᠢᠳᠠᠪᠤᠷᠢᠵᠢᠭᠤᠯᠤᠨ ᠨᠠᠷᠢᠯᠢᠬᠵᠢᠭᠤᠯᠬᠤ ᠬᠡᠷᠡᠭᠲᠡᠶ ᠭᠡᠵᠦ ᠴᠢᠬᠤᠯᠠᠴᠢᠯᠠᠪᠠ᠃       ᠰᠢᠯᠢ ᠶᠢᠨ ᠬᠤᠲᠠ ᠶᠢᠨ ᠰᠣᠶᠣᠯ᠂ ᠪᠡᠶ᠎ᠡ ᠶᠢᠨ ᠲᠠᠮᠢᠷ᠂ ᠵᠢᠭᠤᠯᠴᠢᠯᠠᠯ᠂ ᠷᠠᠳᠢᠣ᠋ ᠲᠧᠯᠸᠢᠰ ᠤᠨ ᠲᠣᠪᠴᠢᠶ᠎ᠠ ᠮᠡᠳᠡᠭᠡᠯᠡᠪᠡ᠃
 
ᠢᠷᠡᠯᠲᠡ᠄ ᠰᠢᠯᠢ ᠶᠢᠨ ᠬᠤᠲᠠ ᠶᠢᠨ ᠵᠠᠰᠠᠭ ᠤᠨ ᠶᠠᠪᠣᠳᠠᠯ ᠤᠨ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号