ᠰᠢᠯᠢ ᠶᠢᠨ ᠬᠤᠲᠠ ᠭᠤᠣᠯ ᠮᠥᠷᠡᠨ ᠨᠠᠭᠤᠷ ᠴᠥᠭᠦᠷᠥᠮ ᠤᠨ ᠬᠠᠮᠠᠭᠠᠯᠠᠨ ᠵᠠᠰᠠᠬᠤ ᠠᠵᠢᠯ ᠢ ᠯᠠᠪᠳᠠᠭᠤᠨ ᠢᠶᠠᠷ ᠶᠠᠪᠤᠭᠳᠠᠭᠤᠯᠤᠨ᠎ᠠ
ᠨᠡᠶᠢᠲᠡᠯᠡᠭᠰᠡᠨ ᠴᠠᠭ᠄
2024/4/3
   2017 ᠣᠨ ᠠᠴᠠ ᠭᠤᠣᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠶᠢᠨ ᠳᠦᠷᠢᠮ ᠤᠨ ᠠᠵᠢᠯ ᠢ ᠪᠦᠬᠦ ᠲᠠᠯ᠎ᠠ ᠪᠠᠷ ᠬᠡᠷᠡᠭᠵᠢᠭᠦᠯᠦᠭᠰᠡᠨ ᠠᠴᠠ ᠨᠠᠰᠢ᠂  ᠰᠢᠯᠢ ᠶᠢᠨ ᠬᠤᠲᠠ ᠭᠤᠣᠯ ᠮᠥᠷᠡᠨ ᠨᠠᠭᠤᠷ ᠴᠥᠭᠦᠷᠥᠮ ᠢ ᠵᠠᠰᠠᠬᠤ ᠠᠵᠢᠯ ᠤᠨ ᠰᠡᠳᠬᠢᠴᠡ ᠪᠠᠨ ᠲᠠᠰᠤᠷᠠᠯᠲᠠ ᠦᠭᠡᠢ ᠰᠢᠨᠡᠴᠢᠯᠡᠵᠦ᠂ ᠭᠤᠣᠯ ᠮᠥᠷᠡᠨ ᠨᠠᠭᠤᠷ ᠴᠥᠭᠦᠷᠥᠮ ᠢ ᠪᠠᠶᠢᠩᠭᠤᠵᠢᠭᠤᠯᠤᠨ ᠬᠠᠮᠢᠶᠠᠷᠴᠤ ᠬᠠᠮᠠᠭᠠᠯᠠᠬᠤ ᠲᠦᠪᠰᠢᠨ ᠢᠶᠠᠨ ᠦᠷᠭᠦᠯᠵᠢᠯᠡᠨ ᠳᠡᠭᠡᠭᠰᠢᠯᠡᠭᠦᠯᠵᠦ᠂ ᠭᠤᠣᠯᠳᠠᠯᠭ᠎ᠠ ᠲᠠᠢ ᠰᠠᠪᠠ ᠭᠠᠵᠠᠷ ᠤᠨ ᠵᠠᠰᠠᠯᠲᠠ ᠶᠢ ᠴᠢᠩᠭᠠᠳᠬᠠᠬᠤ ᠪᠠᠷ ᠰᠠᠭᠤᠷᠢ ᠪᠣᠯᠭᠠᠵᠤ᠂ ᠪᠦᠬᠦ ᠬᠤᠳᠠ ᠶᠢᠨ ᠭᠤᠣᠯ ᠮᠥᠷᠡᠨ ᠨᠠᠭᠤᠷ ᠴᠥᠭᠦᠷᠥᠮ ᠤᠨ ᠠᠮᠢ ᠠᠬᠤᠢ ᠶᠢᠨ ᠵᠠᠰᠠᠯᠲᠠ᠂ ᠬᠠᠮᠠᠭᠠᠯᠠᠯᠲᠠ ᠪᠠ ᠰᠡᠷᠭᠦᠭᠡᠯᠲᠡ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠪᠣᠳᠠᠲᠠᠢ ᠠᠷᠭ᠎ᠠ  ᠬᠡᠮᠵᠢᠶ᠎ᠡ ᠪᠠᠷ ᠪᠦᠬᠦ ᠬᠤᠳᠠ ᠶᠢᠨ ᠭᠤᠣᠯ ᠮᠥᠷᠡᠨ ᠨᠠᠭᠤᠷ ᠴᠥᠭᠦᠷᠥᠮ ᠤᠨ ᠳᠦᠷᠰᠦ ᠪᠠᠶᠢᠳᠠᠯ ᠤᠨ ᠲᠣᠭᠲᠠᠭᠤᠨ ᠢᠶᠠᠷ ᠰᠠᠶᠢᠵᠢᠷᠠᠬᠤ ᠶᠢ ᠠᠬᠢᠭᠤᠯᠪᠠ᠃    ᠨᠢᠭᠡ᠂ ᠤᠰᠤ ᠶᠢ ᠰᠠᠬᠢᠨ ᠬᠠᠷᠢᠭᠤᠴᠠᠯᠭ᠎ᠠ ᠪᠠᠨ ᠭᠦᠢᠴᠡᠳᠬᠡᠵᠦ᠂ ᠬᠠᠮᠵᠢᠯᠴᠠᠨ ᠬᠠᠮᠲᠤᠷᠠᠯᠴᠠᠬᠤ ︽ᠨᠢᠭᠡ ᠬᠥᠯᠭᠡ ᠰᠢᠳᠠᠷ᠎ᠠ︾ ᠶᠢ ᠰᠠᠶᠢᠲᠤᠷ ᠲᠠᠯᠪᠢᠵᠠᠢ᠃ ᠭᠤᠣᠯ ᠮᠥᠷᠡᠨ ᠨᠠᠭᠤᠷ ᠴᠥᠭᠦᠷᠥᠮ ᠢ ᠬᠠᠮᠢᠶᠠᠷᠬᠤ ᠬᠥᠮᠦᠨ ᠲᠠᠢ᠂ ᠬᠠᠮᠢᠶᠠᠷᠴᠤ ᠳᠡᠶᠢᠯᠬᠦ᠂ ᠰᠠᠶᠢᠲᠤᠷ ᠬᠠᠮᠢᠶᠠᠷᠴᠤ ᠳᠡᠶᠢᠯᠬᠦ ᠶᠢ ᠪᠠᠲᠤᠯᠠᠬᠤ ᠶᠢᠨ ᠲᠥᠯᠥᠭᠡ᠂  ᠰᠢᠯᠢ ᠶᠢᠨ ᠬᠤᠲᠠ ᠤᠨᠢᠨ ᠳᠡᠭᠡᠷ᠎ᠡ ᠨᠢ ᠬᠦᠴᠦᠯᠡᠵᠦ᠂ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠶᠢᠨ ᠵᠠᠩᠭᠢᠯᠠᠭ᠎ᠠ ᠶᠢ ᠴᠢᠩᠭ᠎ᠠ ᠠᠳᠬᠤᠵᠤ᠂ ︽ᠬᠤᠲᠠ᠂ ᠰᠤᠮᠤ᠂ ᠭᠠᠴᠠᠭ᠎ᠠ︾ ᠭᠤᠷᠪᠠᠨ ᠱᠠᠲᠤᠨ ᠤ ᠭᠤᠣᠯ ᠨᠠᠭᠤᠷ ᠤᠨ ᠳᠠᠷᠤᠭ᠎ᠠ ᠶᠢᠨ ᠰᠢᠰᠲ᠋ᠧᠮ ᠢ ᠪᠠᠶᠢᠭᠤᠯᠤᠨ ᠲᠡᠭᠦᠯᠳᠡᠷᠵᠢᠭᠦᠯᠵᠦ᠂ ᠭᠤᠷᠪᠠᠨ ᠳᠡᠰ ᠤᠨ ᠭᠤᠣᠯ ᠮᠥᠷᠡᠨ ᠨᠠᠭᠤᠷ ᠴᠥᠭᠦᠷᠥᠮ ᠤᠨ ᠳᠠᠷᠤᠭ᠎ᠠ 99 ᠬᠥᠮᠦᠨ ᠢ ᠵᠢᠷᠤᠮᠵᠢᠭᠤᠯᠤᠨ ᠲᠤᠬᠢᠷᠠᠭᠤᠯᠵᠤ᠂ ᠤᠯᠠᠷᠢᠯ ᠪᠦᠷᠢ᠂ ᠰᠠᠷ᠎ᠠ ᠪᠦᠷᠢ᠂ ᠭᠠᠷᠠᠭ ᠪᠦᠷᠢ ᠨᠢᠭᠡ ᠤᠳᠠᠭ᠎ᠠ ᠠᠴᠠ ᠳᠤᠲᠠᠭᠤ ᠦᠭᠡᠢ ᠳᠠᠪᠲᠠᠮᠵᠢ ᠪᠠᠷ ᠪᠦᠬᠦ ᠬᠤᠳᠠ ᠶᠢᠨ ᠭᠤᠣᠯ ᠮᠥᠷᠡᠨ ᠳᠤ ᠪᠠᠶᠢᠩᠭᠤ ᠶᠢᠨ ᠲᠣᠭᠤᠷᠢᠨ ᠪᠠᠶᠢᠴᠠᠭᠠᠯᠲᠠ ᠬᠢᠬᠦ ᠶᠢᠨ ᠬᠠᠮᠲᠤ ᠤᠯᠠᠨ ᠰᠠᠯᠠᠭ᠎ᠠ ᠮᠥᠴᠢᠷ ᠬᠠᠮᠲᠤᠷᠠᠨ ᠬᠠᠤᠯᠢ ᠬᠡᠷᠡᠭᠵᠢᠭᠦᠯᠬᠦ ᠠᠵᠢᠯ ᠤᠨ ᠲᠣᠭᠲᠠᠴᠠ ᠶᠢ ᠰᠢᠨ᠎ᠡ ᠪᠠᠷ ᠡᠭᠦᠳᠴᠦ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠪᠣᠯᠤᠨ ᠡᠷᠡᠭᠦᠦ ᠶᠢᠨ ᠬᠡᠷᠡᠭ ᠤᠨ ᠬᠠᠤᠯᠢ ᠴᠠᠭᠠᠵᠠ ᠶᠢᠨ ᠪᠦᠲᠦᠮᠵᠢᠲᠡᠢ ᠵᠣᠯᠭᠠᠯᠴᠠᠭ᠎ᠠ ᠶᠢ ᠴᠢᠩᠭᠠᠳᠬᠠᠵᠤ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ᠂ ᠡᠭᠦᠷᠭᠡ ᠴᠢᠳᠠᠪᠬᠢ ᠪᠠᠨ ᠬᠠᠷᠢᠯᠴᠠᠨ ᠨᠥᠬᠦᠪᠥᠷᠢᠯᠡᠬᠦ ᠪᠠᠷ ᠳᠠᠮᠵᠢᠨ ᠵᠡᠷᠭᠡᠪᠡᠷ ᠠᠳᠬᠤᠨ ᠬᠠᠮᠲᠤᠪᠠᠷ ᠬᠠᠮᠢᠶᠠᠷᠴᠤ᠂ ᠬᠠᠷᠢᠭᠤᠴᠠᠯᠭ᠎ᠠ ᠪᠠᠨ ᠡᠭᠦᠷᠭᠡᠯᠡᠨ ᠦᠷ᠎ᠡ ᠪᠦᠲᠦᠮᠵᠢ ᠭᠠᠷᠭᠠᠬᠤ ᠶᠢ ᠪᠡᠶᠡᠯᠡᠭᠦᠯᠪᠡ᠃ 2023 ᠣᠨ ᠳᠤ ᠂ ᠪᠦᠬᠦ ᠬᠤᠳᠠ ᠶᠢᠨ ᠭᠤᠣᠯ ᠮᠥᠷᠡᠨ ᠨᠠᠭᠤᠷ ᠴᠥᠭᠦᠷᠥᠮ ᠤᠨ ᠬᠠᠮᠢᠶᠠᠷᠤᠯᠲᠠ ᠬᠠᠮᠠᠭᠠᠯᠠᠯᠲᠠ ᠶᠢᠨ ᠠᠵᠢᠯ ᠤᠨ ᠲᠥᠰᠦᠯ ᠤᠨ ᠱᠠᠭᠠᠷᠳᠠᠯᠭ᠎ᠠ ᠶᠢ ᠦᠨᠳᠦᠰᠦᠯᠡᠵᠦ᠂  ᠰᠢᠯᠢ ᠶᠢᠨ ᠬᠤᠲᠠ ᠶᠢᠨ ᠭᠤᠷᠪᠠᠳᠤᠭᠠᠷ ᠳᠡᠰ ᠤᠨ ᠭᠤᠣᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠨᠡᠶᠢᠳᠡ 2760 ᠤᠳᠠᠭ᠎ᠠ ᠡᠭᠦᠷᠭᠡ ᠲᠤᠰᠢᠶᠠᠯ ᠢᠶᠠᠨ ᠭᠦᠢᠴᠡᠳᠬᠡᠵᠦ ᠭᠤᠣᠯ ᠮᠥᠷᠡᠨ ᠢ ᠲᠣᠭᠤᠷᠢᠨ ᠪᠠᠶᠢᠴᠠᠭᠠᠬᠤ ᠶᠢ ᠪᠡᠶᠡᠯᠡᠭᠦᠯᠵᠦ᠂ 22 ᠰᠠᠤᠷᠢ ᠬᠠᠤᠯᠢ ᠬᠡᠷᠡᠭᠵᠢᠭᠦᠯᠬᠦ ᠮᠠᠰᠢᠨ ᠲᠡᠷᠭᠡ ᠶᠢ ᠬᠥᠳᠡᠯᠭᠡᠵᠦ᠂ ᠭᠤᠣᠯ ᠮᠥᠷᠡᠨ ᠨᠠᠭᠤᠷ ᠴᠥᠭᠦᠷᠥᠮ ᠤᠨ ᠲᠤᠰᠬᠠᠢ ᠲᠦᠷᠦᠯ ᠤᠨ ᠲᠣᠭᠤᠷᠢᠨ ᠪᠠᠶᠢᠴᠠᠭᠠᠯᠲᠠ ᠶᠢ 90 ᠭᠠᠷᠤᠢ ᠤᠳᠠᠭ᠎ᠠ ᠥᠷᠨᠢᠭᠦᠯᠵᠦ᠂ ᠭᠤᠣᠯ ᠮᠥᠷᠡᠨ ᠵᠢᠴᠢ ᠬᠤᠶᠠᠷ ᠲᠠᠯ᠎ᠠ ᠶᠢᠨ ᠬᠤᠭ ᠨᠣᠪᠰᠢ ᠂ ᠬᠤᠪᠠᠭ᠋ᠠᠢ ᠬᠤᠯᠤᠰᠤ᠂ ᠮᠠᠯ ᠤᠨ ᠪᠠᠭᠠᠰᠤ ᠰᠢᠭᠡᠰᠦ ᠶᠢ 120 ᠭᠠᠷᠤᠢ ᠲᠣᠨ ᠴᠡᠪᠡᠷᠯᠡᠵᠡᠢ᠃    ᠬᠤᠶᠠᠷ᠂ ᠰᠢᠨᠵᠢᠯᠡᠬᠦ ᠤᠬᠠᠭᠠᠨᠴᠢ ᠪᠠᠷ ᠬᠢᠨᠠᠨ ᠬᠡᠮᠵᠢᠵᠦ᠂ ᠪᠣᠬᠢᠷᠲᠤᠯ ᠢ ᠰᠡᠷᠭᠡᠶᠢᠯᠡᠨ ᠵᠠᠰᠠᠬᠤ ︽ᠰᠠᠨᠠᠭᠠᠴᠢᠯᠠᠭᠠᠲᠤ ᠳᠠᠶᠢᠯᠠᠯᠳᠤᠭᠠᠨ︾ ᠢ ᠰᠠᠶᠢᠲᠤᠷ ᠬᠢᠵᠠᠢ᠃ ᠤᠢᠢᠷ᠎ᠠ ᠶᠢᠨ ᠵᠢᠯ ᠤᠨ ᠲᠤᠷᠰᠢ᠂ ᠭᠤᠣᠯ ᠤᠨ ᠵᠠᠮ ᠤᠨ ᠬᠠᠮᠢᠶᠠᠷᠤᠯᠲᠠ ᠶᠢᠨ ᠬᠡᠪᠴᠢᠶᠡᠨ ᠳᠠᠬᠢ ᠭᠡᠮ ᠠᠷᠬᠠᠭ ᠲᠤ ᠴᠢᠭᠯᠡᠭᠦᠯᠦᠨ᠂  ᠰᠢᠯᠢ ᠶᠢᠨ ᠬᠤᠲᠠ ᠵᠠᠰᠠᠬᠤ ᠪᠠ ᠰᠡᠷᠭᠡᠶᠢᠯᠡᠬᠦ ᠶᠢ ᠵᠡᠷᠭᠡᠪᠡᠷ ᠠᠳᠬᠤᠵᠤ᠂ ᠨᠢᠭᠡ ᠲᠠᠯ᠎ᠠ ᠪᠠᠷ ︽ᠭᠤᠣᠯ ᠮᠥᠷᠡᠨ ᠨᠠᠭᠤᠷ ᠪᠦᠷᠢᠳᠦ ᠳᠦᠷᠪᠡᠨ ᠵᠦᠢᠯ ᠤᠨ ᠡᠭᠡᠳᠡᠷᠡᠯ ᠢ ᠴᠡᠪᠡᠷᠯᠡᠬᠦ︾ ᠠᠵᠢᠯᠯᠠᠭ᠎ᠠ ᠶᠢ ᠪᠠᠶᠢᠩᠭᠤᠵᠢᠭᠤᠯᠵᠤ᠂ ᠲᠣᠭᠲᠠᠭᠰᠠᠨ ᠬᠤᠭᠤᠴᠠᠭ᠎ᠠ ᠲᠠᠢ ᠪᠠᠷ ᠲᠤᠰᠬᠠᠢ ᠬᠥᠮᠦᠨ ᠢ ᠵᠣᠬᠢᠶᠠᠨ ᠪᠠᠶᠢᠭᠤᠯᠤᠨ ᠲᠤᠰᠬᠠᠢ ᠪᠠᠶᠢᠴᠠᠭᠠᠯᠲᠠ ᠬᠢᠵᠦ ᠴᠡᠭᠴᠡᠯᠡᠨ ᠵᠠᠰᠠᠵᠤ᠂ ᠢᠯᠡᠷᠡᠭᠦᠯᠦᠭᠰᠡᠨ ︽ᠲᠦᠷᠪᠡᠨ ᠡᠭᠡᠳᠡᠷᠡᠯ︾ ᠠᠰᠠᠭᠤᠳᠠᠯ ᠢ ᠪᠦᠬᠦᠨ ᠢ ᠥᠭᠡᠷᠡᠴᠢᠯᠡᠵᠦ᠂ ᠠᠰᠠᠭᠤᠳᠠᠯ ᠢ ᠬᠥᠳᠡᠯᠦᠩᠭᠦᠢ ᠪᠠᠷ ᠴᠡᠪᠡᠷᠯᠡᠬᠦ ᠶᠢ ᠪᠡᠶᠡᠯᠡᠭᠦᠯᠵᠡᠢ᠃ ᠨᠥᠭᠦᠭᠡ ᠲᠠᠯ᠎ᠠ ᠪᠠᠷ᠂ GPS ᠪᠣᠯᠤᠨ ᠵᠢᠯᠣᠭᠤᠴᠢ ᠥᠬᠡᠶ ᠨᠢᠰᠬᠡᠯ ᠵᠡᠷᠭᠡ ᠮᠡᠷᠭᠡᠵᠢᠯ ᠤᠨ ᠲᠥᠬᠦᠭᠡᠷᠦᠮᠵᠢ ᠶᠢ  ᠭᠦᠢᠴᠡᠳ ᠠᠰᠢᠭᠯᠠᠨ᠂ ᠭᠤᠣᠯ ᠤᠨ ᠡᠷᠭᠢ᠂ ᠭᠤᠣᠯ ᠤᠨ ᠵᠠᠮ ᠳᠤ ᠣᠷᠣᠰᠢᠵᠤ ᠪᠠᠶᠢᠭ᠎ᠠ ᠳᠠᠯᠳᠠ ᠬᠡᠮ ᠤᠨ ᠠᠰᠠᠭᠤᠳᠠᠯ ᠢ ᠪᠥᠬᠦ ᠲᠠᠯ᠎ᠠ ᠪᠠᠷ ᠵᠢᠭᠰᠠᠭᠠᠨ ᠪᠠᠶᠢᠴᠠᠭᠠᠵᠤ᠂ 2023 ᠣᠨ ᠳᠤ ᠪᠥᠬᠦ ᠬᠤᠲᠠ ᠪᠠᠷ ᠢᠶᠠᠨ ᠤᠷᠢᠳ ᠬᠤᠵᠢᠳ 39 ᠤᠰᠤᠨ ᠠᠰᠢᠭᠯᠠᠯᠲᠠ ᠶᠢᠨ ᠶᠠᠮᠤᠨ ᠤ ᠳᠠᠭᠠᠭᠤᠯᠢ ᠣᠳᠣᠨ ᠤ ᠵᠢᠷᠤᠭ ᠤᠨ ᠲᠣᠯᠪᠤ ᠶᠢᠨ ᠬᠠᠷᠢᠭᠤ ᠲᠤᠰᠬᠠᠭᠰᠠᠨ ᠭᠤᠣᠯ ᠤᠨ ᠵᠠᠮ ᠤᠨ ᠦᠶᠡᠷ ᠤᠨ ᠤᠰᠤ ᠶᠢ ᠤᠷᠤᠰᠬᠠᠬᠤ ᠶᠢ ᠬᠠᠷᠰᠢᠯᠠᠬᠤ ᠳᠠᠯᠳᠠ ᠬᠡᠮ ᠤᠨ ᠠᠰᠠᠭᠤᠳᠠᠯ ᠢ ᠵᠢᠭᠰᠠᠭᠠᠨ ᠪᠠᠶᠢᠴᠠᠭᠠᠵᠤ  ᠰᠢᠢᠳᠪᠦᠷᠢᠯᠡᠭᠰᠡᠨ ᠪᠥᠭᠡᠳ ᠮᠡᠳᠡᠭᠦᠯᠦᠯᠲᠡ ᠶᠢ ᠥᠪᠡᠷᠲᠡᠭᠡᠨ ᠵᠠᠰᠠᠬᠤ ᠣᠷᠣᠨ ᠳᠤ ᠮᠡᠳᠡᠭᠦᠯᠦᠨ ᠬᠢᠨᠠᠨ ᠪᠠᠶᠢᠴᠠᠭᠠᠯᠭᠠᠵᠤ ᠪᠠᠲᠤᠯᠠᠭᠤᠯᠤᠭᠰᠠᠨ ᠪᠠᠶᠢᠨ᠎ᠠ᠃ ᠬᠡᠮ ᠰᠣᠭᠤᠭ ᠢ ᠵᠢᠭᠰᠠᠭᠠᠨ ᠪᠠᠶᠢᠴᠠᠭᠠᠬᠤ ᠶᠢ ᠴᠢᠩᠭ᠎ᠠ ᠠᠳᠬᠤᠬᠤ ᠶᠢᠨ ᠵᠡᠷᠭᠡ ᠳᠤ  ᠰᠢᠯᠢ ᠶᠢᠨ ᠬᠤᠲᠠ ᠪᠥᠬᠦ ᠬᠤᠲᠠ ᠶᠢᠨ ᠤᠰᠤ ᠭᠤᠣᠯ ᠨᠠᠭᠤᠷ ᠤᠨ 11 ᠬᠢᠨᠠᠨ ᠬᠡᠮᠵᠢᠬᠦ ᠣᠭᠲᠣᠯᠤᠭᠠᠰᠤ ᠶᠢᠨ ᠤᠰᠤᠨ ᠤ ᠴᠢᠨᠠᠷ ᠢ ᠬᠢᠨᠠᠨ ᠬᠡᠮᠵᠢᠬᠦ ᠠᠵᠢᠯ ᠢ ᠭᠤᠣᠯᠳᠠᠯᠭ᠎ᠠ ᠲᠠᠢ ᠰᠠᠶᠢᠲᠤᠷ ᠬᠢᠵᠦ᠂ ᠭᠤᠣᠯ ᠨᠠᠭᠤᠷ ᠤᠨ ᠬᠠᠮᠢᠶᠠᠷᠤᠯᠲᠠ ᠬᠠᠮᠠᠭᠠᠯᠠᠯᠲᠠ ᠳᠤ  ᠭᠦᠢᠴᠡᠳ ᠪᠦᠲᠦᠮᠵᠢᠲᠡᠶ ᠲᠤᠭ᠎ᠠ ᠪᠠᠷᠢᠮᠲᠠ ᠶᠢᠨ ᠦᠨᠳᠦᠰᠦᠯᠡᠯ ᠪᠠ ᠮᠡᠷᠭᠡᠵᠢᠯ ᠤᠨ ᠲᠤᠯᠭᠠᠭᠤᠷᠢᠯᠠᠯ ᠬᠠᠩᠭᠠᠭᠰᠠᠨ ᠪᠠᠶᠢᠨ᠎ᠠ᠃    ᠭᠤᠷᠪᠠ᠂ ᠤᠬᠠᠭᠤᠯᠭ᠎ᠠ ᠪᠠᠨ ᠴᠢᠩᠭᠠᠳᠬᠠᠵᠤ᠂ ᠭᠤᠣᠯ ᠮᠥᠷᠡᠨ ᠢᠶᠠᠨ ᠬᠠᠶᠢᠷᠠᠯᠠᠵᠤ ᠭᠤᠣᠯ ᠮᠥᠷᠡᠨ ᠢᠶᠠᠨ ᠬᠠᠮᠠᠭᠠᠯᠠᠬᠤ ︽ ᠨᠠᠶᠢᠵᠠ ᠶᠢᠨ ᠲᠣᠭᠤᠷᠢᠭ︾ ᠢ ᠥᠷᠭᠡᠳᠬᠡᠵᠠᠢ᠃ ᠣᠯᠠᠨ ᠲᠦᠮᠡᠨ ᠤ ᠣᠷᠴᠢᠨ ᠲᠣᠭᠤᠷᠢᠨ ᠢ ᠬᠠᠮᠠᠭᠠᠯᠠᠬᠤ ᠤᠬᠠᠮᠰᠠᠷ ᠢ ᠳᠡᠭᠡᠭᠰᠢᠯᠡᠭᠦᠯᠵᠦ᠂ ᠣᠯᠠᠨ ᠲᠦᠮᠡᠨ ᠤ ᠭᠤᠣᠯ ᠮᠥᠷᠡᠨ ᠨᠠᠭᠤᠷ ᠴᠥᠭᠦᠷᠥᠮ ᠤᠨ ᠠᠮᠢ ᠠᠬᠤᠶ ᠶᠢᠨ ᠬᠠᠮᠠᠭᠠᠯᠠᠯᠲᠠ ᠶᠢᠨ ᠢᠳᠡᠪᠬᠢᠵᠢᠯ ᠪᠠ ᠰᠠᠨᠠᠭᠠᠴᠢᠯᠠᠭᠠᠲᠤ ᠴᠢᠨᠠᠷ ᠢ ᠦᠨᠡᠨᠬᠦ  ᠲᠠᠶᠢᠴᠢᠯᠠᠬᠤ ᠶᠢᠨ ᠲᠥᠯᠥᠭᠡ ᠂  ᠰᠢᠯᠢ ᠶᠢᠨ ᠬᠤᠲᠠ ᠰᠦᠯᠵᠢᠶᠡᠨ ᠳᠡᠭᠡᠷᠡᠬᠢ ᠪᠠ ᠰᠦᠯᠵᠢᠶᠡᠨ ᠠᠴᠠ ᠭᠠᠳᠠᠭᠤᠷᠬᠢ ᠣᠯᠠᠨ ᠵᠦᠢᠯ ᠤᠨ ᠠᠷᠭ᠎ᠠ ᠬᠡᠯᠪᠡᠷᠢ ᠶᠢ ᠭᠦᠢᠴᠡᠳ ᠠᠰᠢᠭᠯᠠᠵᠤ᠂ ᠤᠬᠠᠭᠤᠯᠵᠤ ᠬᠥᠲᠥᠯᠥᠨ ᠵᠢᠯᠣᠭᠤᠳᠬᠤ ᠡᠷᠴᠢᠮ ᠢᠶᠠᠨ ᠲᠠᠰᠤᠷᠠᠯᠲᠠ ᠦᠭᠡᠶ ᠴᠢᠩᠭᠠᠷᠠᠭᠤᠯᠵᠤ᠂ ︽ᠳᠡᠯᠡᠬᠡᠢ ᠶᠢᠨ ᠣᠷᠴᠢᠨ ᠲᠣᠭᠤᠷᠢᠨ ᠤ ᠡᠳᠦᠷ︾᠂ ︽ᠳᠡᠯᠡᠬᠡᠢ ᠶᠢᠨ ᠤᠰᠤᠨ ᠤ ᠡᠳᠦᠷ︾᠂ ︽ᠳᠤᠮᠳᠠᠳᠤ ᠤᠯᠤᠰ ᠤᠨ ᠤᠰᠤᠨ ᠤ ᠭᠠᠷᠠᠭ︾ ᠵᠡᠷᠭᠡ ᠵᠠᠩᠭᠢᠯᠠᠭ᠎ᠠ ᠶᠢᠨ ᠴᠠᠭ ᠲᠤ ᠲᠦᠰᠢᠭᠯᠡᠨ᠂ ︽ᠬᠠᠤᠯᠢ ᠶᠣᠰᠣᠭᠠᠷ ᠤᠰᠤ ᠶᠢ ᠵᠠᠰᠠᠬᠤ ᠶᠢ ᠴᠢᠩᠭᠠᠳᠬᠠᠵᠤ᠂ ᠭᠠᠷ ᠬᠤᠯᠪᠣᠨ ᠡᠵᠢ ᠭᠤᠣᠯ ᠢ ᠬᠠᠮᠲᠤ ᠪᠠᠷ ᠬᠠᠮᠠᠭᠠᠯᠠᠬᠤ︾ ᠵᠡᠷᠭᠡ ᠠᠳᠠᠯᠢ ᠪᠤᠰᠤ ᠭᠤᠣᠯ ᠰᠡᠳᠦᠪᠲᠦ ᠤᠬᠠᠭᠤᠯᠭ᠎ᠠ ᠶᠢᠨ ᠠᠵᠢᠯᠯᠠᠭ᠎ᠠ ᠶᠢ ᠥᠷᠨᠢᠭᠦᠯᠬᠦ ᠶᠢᠨ ᠬᠠᠮᠲᠤ ᠡᠨᠡᠬᠦ ᠬᠤᠭᠤᠴᠠᠭᠠᠨ ᠳᠤ ︽ᠭᠤᠣᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠶᠢᠨ ᠳᠦᠷᠢᠮ + ᠪᠠᠶᠢᠭᠤᠯᠤᠯᠭ᠎ᠠ ᠨᠢᠭᠡᠴᠡ + ᠠᠷᠠᠳ ᠤᠨ ᠳᠤᠮᠳᠠᠬᠢ ᠭᠤᠣᠯ ᠮᠥᠷᠡᠨ ᠤ ᠳᠠᠷᠤᠭ᠎ᠠ︾ ᠶᠢᠨ ᠵᠠᠭᠪᠤᠷ ᠢ ᠡᠬᠢᠯᠡᠭᠦᠯᠵᠦ᠂ ᠭᠤᠣᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠶᠢᠨ ᠳᠦᠷᠢᠮ ᠢ ᠤᠯᠠᠨ ᠲᠦᠮᠡᠨ ᠤ ᠳᠡᠷᠭᠡᠳᠡ ᠬᠦᠷᠭᠡᠵᠦ᠂ ᠭᠤᠣᠯ ᠮᠥᠷᠡᠨ ᠨᠠᠭᠤᠷ ᠴᠥᠭᠦᠷᠥᠮ ᠤᠨ ᠬᠠᠮᠠᠭᠠᠯᠠᠯᠲᠠ ᠶᠢᠨ ᠤᠬᠠᠮᠰᠠᠷ ᠢ ᠤᠯᠠᠨ ᠲᠦᠮᠡᠨ ᠤ ᠰᠡᠳᠬᠢᠯ ᠳᠤ ᠬᠠᠳᠠᠩᠰᠢᠭᠤᠯᠵᠠᠢ᠃    ᠤᠰᠤ ᠪᠣᠯ ᠬᠤᠳᠠ ᠶᠢᠨ ᠰᠤᠳᠠᠰᠤ᠂ ᠠᠮᠢ ᠠᠬᠤᠶ ᠶᠢᠨ ᠰᠠᠭᠤᠷᠢ ᠮᠥᠨ᠃ ᠣᠳᠣᠬᠠᠨ ᠳᠤ᠂ ᠬᠥᠬᠡᠮᠳᠦᠭ ᠨᠣᠭᠤᠭᠠᠨ ᠠᠭᠤᠯᠠ ᠤᠰᠤ ᠶᠢ ᠤᠷᠳᠤ ᠬᠤᠭᠤᠴᠠᠭ᠎ᠠ ᠪᠠᠷ ᠬᠠᠶᠢᠷᠠᠯᠠᠨ ᠬᠠᠮᠠᠭᠠᠯᠠᠬᠤ ᠨᠢ ᠨᠢᠭᠡᠨᠲᠡ ᠪᠦᠬᠦ ᠬᠤᠳᠠ ᠶᠢᠨ ᠬᠠᠮᠲᠤ ᠶᠢᠨ ᠲᠠᠨᠢᠯᠲᠠ ᠪᠤᠯᠵᠥ᠂ ︽ᠭᠤᠣᠯ ᠮᠥᠷᠡᠨ᠂ ᠤᠰᠤ ᠲᠤᠩᠭᠠᠯᠠᠭ᠂ ᠡᠷᠭᠢ ᠨᠢ ᠨᠣᠭᠤᠭᠠᠨ᠂ ᠦᠵᠡᠮᠵᠢ ᠨᠢ ᠦᠵᠡᠰᠬᠦᠯᠡᠩ︾ ᠭᠡᠬᠦ ᠰᠦᠷᠯᠢᠭ ᠰᠠᠶᠢᠬᠠᠨ ᠵᠢᠷᠤᠭ ᠨᠢ ᠡᠨᠡᠬᠦ ᠡᠭᠡ ᠭᠠᠵᠠᠷ ᠲᠤ ᠠᠯᠭᠤᠷᠬᠠᠨ ᠳᠡᠯᠭᠡᠭᠳᠡᠵᠦ ᠪᠠᠶᠢᠨ᠎ᠠ᠃ ᠳᠠᠷᠠᠭᠠᠴᠢ ᠶᠢᠨ ᠠᠯᠬᠤᠮ ᠳᠤ᠂  ᠰᠢᠯᠢ ᠶᠢᠨ ᠬᠤᠲᠠ ᠶᠢᠨ ᠬᠢᠨ ᠴᠢᠷᠮᠠᠶᠢᠭᠰᠠᠨ ᠳᠡᠭᠡᠷ᠎ᠡ ᠪᠠᠨ ᠴᠢᠷᠮᠠᠶᠢᠵᠤ᠂ ᠭᠤᠣᠯ ᠨᠠᠭᠤᠷ ᠤᠨ ᠳᠠᠷᠤᠭ᠎ᠠ ᠶᠢᠨ ᠬᠠᠷᠢᠭᠤᠴᠠᠯᠭ᠎ᠠ ᠶᠢᠨ ᠰᠢᠰᠲ᠋ᠧᠮ ᠢ ᠦᠷᠭᠦᠯᠵᠢᠯᠡᠨ ᠲᠡᠭᠦᠯᠳᠡᠷᠵᠢᠭᠦᠯᠵᠦ᠂ ᠭᠤᠣᠯ ᠨᠠᠭᠤᠷ ᠤᠨ ᠬᠠᠮᠢᠶᠠᠷᠤᠯᠲᠠ ᠬᠠᠮᠠᠭᠠᠯᠠᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠵᠦ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠵᠤ᠂ ᠨᠡᠩ ᠰᠢᠯᠢᠳᠡᠭ ᠤᠰᠤᠨ ᠤ ᠠᠮᠢ ᠠᠬᠤᠢ ᠪᠠ ᠤᠰᠤᠨ ᠤ ᠣᠷᠴᠢᠨ ᠲᠣᠭᠤᠷᠢᠨ ᠢ ᠪᠦᠬᠦ ᠬᠦᠴᠦᠨ ᠢᠶᠠᠷ ᠢᠶᠠᠨ ᠴᠣᠭᠴᠠᠯᠠᠵᠤ᠂ ᠡᠭᠦᠨ ᠢᠶᠠᠷ ᠠᠷᠠᠳ ᠤᠯᠠᠨ ᠤ ᠰᠠᠶᠢᠨ ᠰᠠᠶᠢᠬᠠᠨ ᠠᠮᠢᠳᠤᠷᠠᠯ ᠤᠨ ᠲᠤᠬᠠᠢ ᠬᠦᠰᠡᠯ ᠡᠷᠡᠮᠡᠯᠵᠡᠯ ᠳᠤ ᠬᠠᠨᠤᠮᠵᠢᠲᠠᠢ ᠬᠠᠷᠢᠭᠤᠯᠲᠠ ᠥᠭᠭᠦᠨ᠎ᠡ᠃       ᠰᠢᠯᠢ ᠶᠢᠨ ᠬᠤᠲᠠ ᠶᠢᠨ ᠣᠰᠣᠨ ᠠᠰᠢᠭᠯᠠᠯᠲᠠ ᠶᠢᠨ ᠲᠣᠪᠴᠢᠶ᠎ᠠ ᠮᠡᠳᠡᠭᠡᠯᠡᠪᠡ᠃
 
ᠢᠷᠡᠯᠲᠡ᠄ ᠰᠢᠯᠢ ᠶᠢᠨ ᠬᠤᠲᠠ ᠶᠢᠨ ᠵᠠᠰᠠᠭ ᠤᠨ ᠶᠠᠪᠣᠳᠠᠯ ᠤᠨ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号