ᠳᠠᠬᠢᠨ ᠶᠠᠳᠠᠭᠤᠷᠠᠬᠤ ᠶᠢ ᠰᠡᠷᠭᠡᠶᠢᠯᠡᠵᠦ ᠬᠥᠳᠡᠯᠦᠩᠭᠦᠢ ᠬᠢᠨᠠᠨ ᠬᠡᠮᠵᠢᠬᠦ ᠠᠵᠢᠯ ᠢ 4 ᠡᠭᠡᠯᠵᠢ ᠥᠷᠨᠢᠭᠦᠯᠵᠦ᠂ | ᠬᠢᠨᠠᠨ ᠬᠡᠮᠵᠢᠭᠳᠡᠬᠦ ᠡᠲᠡᠭᠡᠳ ᠤᠨ ᠡᠷᠦᠬᠡ ᠪᠠᠶᠢᠬᠤ ᠦᠭᠡᠢ᠃ ︽ ᠶᠠᠳᠠᠭᠤᠷᠠᠬᠤ ᠠᠴᠠ ᠰᠡᠷᠭᠡᠶᠢᠯᠡᠬᠦ ᠳᠠᠭᠠᠳᠬᠠᠯ︾ | ᠳᠤ ᠣᠷᠣᠯᠴᠠᠭᠰᠠᠨ 27 ᠡᠷᠦᠬᠡ 80 ᠬᠥᠮᠥᠨ ᠪᠠᠶᠢᠵᠦ᠂ ᠶᠠᠳᠠᠭᠤ ᠠᠴᠠ ᠠᠩᠭᠢᠵᠢᠷᠠᠭᠰᠠᠨ8 ᠡᠷᠦᠬᠡ ᠶᠢᠨ 11 | ᠬᠡᠤᠬᠡᠳ ᠰᠤᠷᠭᠠᠨ ᠬᠥᠮᠦᠵᠢᠯ ᠤᠨ ᠲᠡᠳᠬᠦᠮᠵᠢ ᠭᠥᠷᠳᠡᠵᠦ᠂ ᠶᠠᠳᠠᠭᠤ ᠠᠴᠠ ᠪᠣᠯᠵᠤ ᠰᠤᠷᠤᠯᠭ᠎ᠠ ᠵᠣᠭᠰᠣᠭᠰᠠᠨ | ᠪᠠᠶᠢᠳᠠᠯ ᠡᠭᠦᠰᠣᠭ᠍ᠰᠡᠨ ᠦᠭᠡᠢ︔ ᠶᠠᠳᠠᠭᠤ ᠠᠴᠠ ᠠᠩᠭᠢᠵᠢᠷᠠᠭᠤᠯᠤᠭᠰᠠᠨ ᠡᠷᠦᠬᠡ ᠪᠦᠬᠦᠨ ᠢᠶᠠᠷ ᠢᠶᠠᠨ ᠬᠤᠷᠰᠢᠭᠰᠠᠨ | ᠡᠮ ᠡᠮᠨᠡᠯᠭᠡ ᠶᠢᠨ ᠳᠠᠭᠠᠳᠬᠠᠯ ᠳᠤ ᠣᠷᠣᠯᠴᠠᠵᠤ᠂ ᠭᠡᠷ ᠪᠦᠯᠢ ᠶᠢᠨ ᠡᠮᠴᠢ ᠲᠠᠢ ᠭᠡᠷ᠎ᠡ ᠲᠣᠭᠲᠠᠵᠤ᠂ ᠲᠣᠭᠲᠠᠮᠠᠯ | ᠬᠤᠭᠤᠴᠠᠭ᠎ᠠ ᠲᠠᠢ ᠪᠠᠷ 70 ᠭᠠᠷᠤᠢ ᠤᠳᠠᠭ᠎ᠠ ᠡᠷᠤᠬᠡ ᠳᠤ ᠬᠦᠷᠴᠦ᠂ ︽ᠡᠮ ᠢ ᠭᠡᠷ ᠲᠤᠨᠢ ᠬᠦᠷᠭᠡᠬᠦ︾ | ᠦᠢᠯᠡᠴᠢᠯᠡᠭᠡ ᠶᠢ ᠴᠠᠭ ᠲᠤᠬᠠᠢ ᠳᠤᠨᠢ ᠥᠷᠨᠢᠭᠦᠯᠪᠡ︔ ᠣᠷᠣᠨ ᠰᠠᠭᠤᠴᠠ ᠶᠢᠨ ᠠᠮᠤᠷ ᠲᠦᠪᠰᠢᠨ ᠤ ᠬᠥᠳᠡᠯᠦᠩᠭᠦᠢ | ᠬᠢᠨᠠᠨ ᠬᠡᠮᠵᠢᠯᠲᠡ ᠶᠢ ᠤᠯᠠᠷᠢᠯ ᠤᠨ ᠴᠢᠨᠠᠷᠲᠠᠢ ᠥᠷᠨᠢᠭᠦᠯᠵᠦ᠂ 2 ᠡᠷᠦᠬᠡ ᠶᠢᠨ ᠠᠶᠤᠯᠲᠠᠢ ᠭᠡᠷ ᠪᠠᠶᠢᠰᠢᠩ ᠢ | ᠰᠢᠨᠡᠳᠬᠡᠨ ᠵᠠᠰᠠᠬᠤ ᠲᠥᠷᠥᠯ ᠵᠦᠢᠯ ᠢ ᠪᠡᠶᠡᠯᠡᠭᠦᠯᠪᠡ︔ ᠤᠤᠭᠤᠬᠤ ᠤᠰᠤᠨ ᠤ ᠠᠮᠤᠷ ᠲᠦᠪᠰᠢᠨ ᠤ ᠠᠰᠠᠭᠤᠳᠠᠯ ᠢ | ᠴᠠᠭ ᠲᠤᠬᠠᠢ ᠳᠤᠨᠢ ᠣᠶᠢᠯᠠᠭᠠᠨ᠂ ᠤᠰᠤᠨ ᠠᠰᠢᠭᠯᠠᠯᠲᠠ ᠶᠢᠨ ᠲᠣᠪᠴᠢᠶ᠎ᠠ ᠲᠠᠢ ᠬᠠᠷᠢᠯᠴᠠᠵᠦ ᠮᠠᠯᠵᠢᠬᠤ ᠡᠷᠦᠬᠡ ᠶᠢᠨ | ᠤᠰᠤ ᠴᠡᠪᠡᠷᠰᠢᠭᠦᠯᠬᠦ ᠲᠥᠬᠦᠭᠡᠷᠦᠮᠵᠢ ᠶᠢ ᠰᠣᠯᠢᠬᠤ ᠪᠠ ᠰᠡᠯᠪᠢᠨ ᠵᠠᠰᠠᠪᠠ︔ ᠬᠥᠳᠡᠭᠡ ᠲᠣᠰᠬᠤᠨ ᠤ ᠨᠡᠶᠢᠲᠡ ᠶᠢᠨ | ᠠᠰᠠᠷᠠᠮᠵᠢ ᠶᠢᠨ ᠴᠢᠨᠠᠷᠲᠠᠢ ᠠᠵᠢᠯ ᠤᠨ ᠪᠠᠶᠢᠷᠢ 5 ᠶᠢ ᠲᠣᠬᠢᠷᠠᠭᠤᠯᠵᠤ᠂ ᠰᠠᠷ᠎ᠠ ᠳᠤ ᠬᠥᠮᠥᠨ ᠪᠦᠷᠢ 700 | ᠲᠥᠭᠦᠷᠢᠭ ᠤᠨ ᠨᠥᠬᠦᠪᠦᠷᠢ ᠦᠭᠴᠦ᠂ ᠠᠵᠤ ᠠᠬᠤᠶᠢᠯᠠᠯ ᠲᠠᠢ ᠬᠠᠷᠢᠯᠴᠠᠵᠦ ᠶᠠᠳᠠᠭᠤ ᠠᠴᠠ ᠠᠩᠭᠢᠵᠢᠷᠠᠭᠰᠠᠨ ᠪᠠ | ᠲᠤᠤᠷ᠎ᠠ ᠪᠠᠲᠤᠯᠠᠭᠠᠲᠤ 67 ᠡᠷᠦᠬᠡ ᠳᠤ 402 ᠲᠣᠨ ᠨᠡᠭᠦᠷᠡᠰᠦ ᠲᠦᠭᠡᠭᠡᠪᠡ︔ ᠰᠢᠨ᠎ᠡ ᠨᠢᠭᠡ ᠬᠤᠭᠤᠴᠠᠭᠠᠨ ᠤ ︽ | ᠨᠢᠭᠡᠳᠦᠭᠡᠷ ᠱᠦᠵᠢ︾ 3 ᠬᠥᠮᠥᠨ ᠲᠣᠮᠢᠯᠠᠵᠤ᠂ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠳᠣᠯᠠᠬᠤ ᠦᠷ᠎ᠡ | ᠪᠦᠲᠦᠭᠡᠯ ᠢ ᠪᠠᠬᠢᠵᠢᠭᠦᠯᠬᠦ ᠠᠵᠢᠯ ᠤᠨ ᠠᠮᠢᠵᠢᠷᠠᠯ ᠤᠨ ᠬᠦᠴᠦᠨ ᠢ ᠨᠡᠮᠡᠭᠳᠡᠬᠦᠯᠪᠡ᠃ | ᠰᠠᠭᠤᠷᠢ ᠲᠥᠬᠦᠭᠡᠷᠦᠮᠵᠢ ᠶᠢ ᠲᠠᠰᠤᠷᠠᠯᠲᠠ ᠦᠭᠡᠢ ᠲᠡᠭᠦᠯᠳᠡᠷᠵᠢᠭᠦᠯᠦᠨ᠂ 207 ᠤᠯᠤᠰ ᠤᠨ ᠵᠠᠮ ᠠᠴᠠ | ᠠᠷᠤ ᠤᠰᠤ ᠬᠦᠷᠬᠦ 11.2 ᠺᠢᠯᠣᠮᠧᠲᠷ ᠵᠠᠮ ᠵᠠᠰᠠᠬᠤ ᠠᠵᠢᠯ ᠢ ᠡᠬᠢᠯᠡᠬᠦᠯᠵᠤ᠂ 18 ᠡᠷᠦᠬᠡ ᠳᠤ ᠴᠠᠬᠢᠯᠭᠠᠨ | ᠨᠡᠪᠲᠡᠷᠡᠬᠦᠯᠵᠤ᠂ 3 ᠡᠷᠦᠬᠡ ᠳᠤ 3000 ᠸᠠᠲ ᠶᠢᠨ ᠨᠠᠷᠠᠨ ᠤ ᠡᠨᠧᠷᠬᠢ ᠶᠢᠨ ᠴᠠᠬᠢᠯᠭᠠᠨ ᠭᠠᠷᠭᠠᠬᠤ ᠲᠥᠬᠦᠭᠡᠷᠦᠮᠵᠢ | ᠶᠢ ᠤᠭᠰᠠᠷᠴᠤ᠂ ᠴᠠᠬᠢᠯᠭᠠᠨ ᠨᠡᠪᠲᠡᠷᠡᠭᠡ ᠦᠬᠡᠢ ᠬᠤᠯᠠ ᠵᠠᠬ᠎ᠠ ᠶᠢᠨ 177 ᠮᠠᠯᠵᠢᠬᠤ ᠡᠷᠦᠬᠡ ᠶᠢ ᠰᠢᠨ᠎ᠡ | ᠡᠨᠧᠷᠭᠢ ᠶᠢᠨ ᠴᠠᠬᠢᠯᠭᠠᠨ ᠬᠠᠩᠭᠠᠬᠤ ᠰᠢᠰᠲ᠋ᠧᠮ ᠤᠨ ᠲᠠᠰ ᠳᠡᠪᠰᠢᠭᠦᠯᠬᠦ ᠲᠥᠷᠥᠯ ᠵᠦᠢᠯ ᠳᠤ ᠮᠡᠳᠡᠬᠦᠯᠪᠡ︔ 16 | ᠬᠤᠳᠳᠤᠭ ᠴᠤᠬᠢᠵᠤ᠂ 20 ᠰᠠᠭᠤᠷᠢ ᠤᠰᠤ ᠬᠠᠳᠠᠭᠠᠯᠠᠬᠤ ᠵᠣᠭᠤᠷᠢ ᠪᠠᠶᠢᠭᠤᠯᠵᠦ᠂ ᠰᠦᠯᠵᠢᠶ᠎ᠡ ᠳᠣᠬᠢᠶ᠎ᠠ ᠠᠨᠠᠢ | ᠭᠠᠵᠠᠷ ᠲᠤ ᠲᠥᠯᠦᠪᠵᠢᠭᠦᠯᠭᠡ ᠲᠤᠭᠲᠠᠭᠠᠵᠤ᠂ ᠮᠠᠯᠵᠢᠬᠤ ᠣᠷᠣᠨ ᠤ ᠴᠢᠮᠡᠭᠡ ᠨᠡᠪᠲᠡᠷᠡᠯᠭᠡ ᠶᠢᠨ ᠠᠰᠠᠭᠤᠳᠠᠯ ᠢ | ᠠᠯᠬᠤᠮ ᠠᠯᠬᠤᠮ ᠢᠶᠠᠷ ᠰᠢᠢᠳᠪᠤᠷᠢᠯᠡᠪᠡ︔ 148 ᠡᠷᠦᠬᠡ ᠶᠢᠨ ᠭᠡᠷ ᠪᠠᠶᠢᠰᠢᠩ ᠤᠨ ᠣᠷᠣᠨ ᠰᠠᠭᠤᠴᠠ ᠶᠢᠨ | ᠭᠠᠵᠠᠷ ᠢ ᠡᠷᠡᠮᠵᠡᠯᠡᠬᠦ ᠬᠦᠢᠴᠡᠳᠭᠡᠯ ᠤᠨ ᠠᠵᠢᠯ ᠢ ᠶᠠᠪᠤᠭᠳᠠᠭᠤᠯᠪᠠ᠃ 231 ᠲᠦᠮᠡᠨ ᠲᠥᠭᠦᠷᠢᠭ ᠤᠨ ᠮᠠᠯᠵᠢᠬᠤ | ᠲᠠᠷᠢᠶᠠᠯᠠᠬᠤ ᠣᠷᠣᠨ ᠤ ᠶᠡᠷᠦᠩᠬᠡᠶᠢᠯᠡᠭᠰᠡᠨ ᠥᠭᠡᠷᠡᠴᠢᠯᠡᠯᠲᠡ ᠶᠢᠨ ᠲᠥᠷᠥᠯ ᠵᠦᠢᠯ ᠢ ᠠᠰᠢᠭᠯᠠᠨ ᠴᠠᠰᠤ ᠬᠠᠯᠬᠠᠯᠠᠬᠤ | ᠲᠣᠣᠷ᠂ ᠬᠦᠷᠢᠶ᠎ᠡ ᠶᠢ ᠬᠠᠲᠠᠭᠤᠷᠠᠭᠤᠯᠬᠤ᠂ ᠬᠤᠭ ᠨᠣᠪᠰᠢ ᠲᠡᠭᠡᠭᠡᠪᠦᠷᠢᠯᠡᠬᠦ ᠲᠡᠷᠭᠡ ᠠᠪᠬᠤ ᠵᠡᠷᠭᠡ 6 ᠲᠥᠷᠥᠯ | ᠵᠦᠢᠯ ᠢ ᠬᠡᠷᠡᠭᠵᠢᠬᠦᠯᠪᠡ᠃ | ᠬᠥᠮᠥᠰ ᠤᠨ ᠣᠷᠣᠰᠢᠨ ᠰᠠᠭᠤᠬᠤ ᠣᠷᠴᠢᠨ ᠨᠥᠬᠦᠴᠡᠯ ᠢ ᠦᠷᠭᠦᠯᠵᠢᠯᠡᠨ ᠰᠠᠶᠢᠵᠢᠷᠠᠭᠤᠯᠵᠤ᠂ ᠮᠠᠯᠵᠢᠬᠤ | ᠣᠷᠣᠨ ᠤ ᠠᠮᠢᠳᠤᠷᠠᠯ ᠤᠨ ᠬᠤᠭ ᠨᠣᠪᠰᠢ ᠶᠢᠨ ︽ᠡᠷᠦᠬᠡ ᠬᠤᠷᠢᠶᠠᠨ ᠴᠤᠭᠯᠠᠭᠤᠯᠬᠤ ︱ ᠭᠠᠴᠠᠭ᠎ᠠ ᠳᠠᠮᠵᠢᠭᠤᠯᠬᠤ | ︱ ᠰᠤᠮᠤ ᠲᠡᠭᠡᠭᠡᠪᠦᠷᠢᠯᠡᠬᠦ ︱ ᠬᠤᠲᠠ ᠣᠰᠠᠳᠬᠠᠬᠤ︾ ᠶᠢᠨ ᠰᠢᠰᠲ᠋ᠧᠮ ᠢ ᠲᠡᠭᠦᠯᠳᠡᠷᠵᠢᠭᠦᠯᠵᠦ᠂ | ᠨᠡᠶᠢᠭᠡᠮᠴᠢᠯᠡᠭᠰᠡᠨ ᠦᠢᠯᠡᠴᠢᠯᠡᠭᠡᠨ ᠤ ᠠᠷᠭ᠎ᠠ ᠮᠠᠶ᠋ᠢᠭ ᠢ ᠰᠢᠯᠢᠳᠡᠭᠵᠢᠭᠦᠯᠦᠨ᠂ 32 ᠬᠤᠭ ᠨᠣᠪᠰᠢ ᠳᠠᠮᠵᠢᠭᠤᠯᠬᠤ | ᠥᠷᠲᠡᠭᠡ᠂ 228 ᠺᠢᠯᠣᠮᠧᠲᠷ ᠤᠨ ᠵᠠᠰᠠᠮᠠᠯ ᠵᠠᠮ ᠤᠨ ᠬᠤᠶᠠᠷ ᠬᠠᠵᠠᠭᠤᠳᠠᠬᠢ ᠶᠢ ᠲᠣᠭᠲᠠᠮᠠᠯ ᠬᠤᠭᠤᠴᠠᠭ᠎ᠠ ᠲᠠᠢ ᠪᠠᠷ | ᠴᠡᠪᠡᠷᠯᠡᠯᠲᠡ ᠬᠢᠵᠦ᠂ ᠠᠵᠢᠯ ᠤᠨ ᠪᠣᠳᠠᠲᠤ ᠦᠷ᠎ᠡ ᠪᠦᠲᠦᠮᠵᠢ ᠶᠢ ᠲᠠᠰᠤᠷᠠᠯᠲᠠ ᠦᠭᠡᠢ ᠲᠡᠭᠡᠭᠰᠢᠯᠡᠬᠦᠯᠪᠡ᠃ ᠬᠤᠲᠠ | ᠤᠰᠤᠨ ᠤ ᠠᠷᠢᠭᠤᠨ ᠴᠡᠪᠡᠷ ᠤᠨ ᠠᠵᠢᠯᠯᠠᠭ᠎ᠠ᠂ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠰᠠᠶᠢᠨ | ᠳᠤᠷ᠎ᠠ ᠶᠢᠨ ᠦᠢᠯᠡᠴᠢᠯᠡᠭᠡ᠂ ᠦᠵᠡᠰᠬᠦᠯᠡᠩᠲᠦ ᠰᠠᠶᠢᠬᠠᠨ ᠭᠡᠷ ᠣᠷᠣᠨ ᠢ ᠪᠠᠶᠢᠭᠤᠯᠬᠤ ᠵᠡᠷᠭᠡ ᠠᠵᠢᠯᠯᠠᠭ᠎ᠠ ᠲᠠᠢ | ᠤᠶᠠᠯᠳᠤᠭᠤᠯᠤᠨ ᠬᠥᠮᠥᠰ ᠤᠨ ᠣᠷᠣᠰᠢᠨ ᠰᠠᠭᠤᠬᠤ ᠣᠷᠴᠢᠨ ᠠᠬᠤᠢ ᠶᠢ ᠴᠡᠭᠴᠡᠯᠡᠨ ᠵᠠᠰᠠᠬᠤ ᠠᠵᠢᠯ ᠢ ᠥᠷᠨᠢᠭᠦᠯᠵᠦ | ᠂ 2300 ᠭᠠᠷᠤᠢ ᠬᠥᠮᠥᠨ ᠤᠳᠠᠭ᠎ᠠ᠂ 550 ᠭᠠᠷᠤᠢ ᠲᠡᠷᠭᠡ ᠤᠳᠠᠭ᠎ᠠ ᠬᠥᠳᠡᠯᠭᠡᠨ᠂ 1000 ᠭᠠᠷᠤᠢ ᠲᠣᠨ | ᠬᠤᠭ ᠨᠣᠪᠰᠢ ᠶᠢ ᠴᠡᠪᠡᠷᠯᠡᠪᠡ᠃ ︽ᠵᠣᠷᠯᠣᠩ ᠤᠨ ᠦᠭᠡᠷᠴᠢᠯᠡᠯᠲᠡ︾ ᠶᠢ ᠢᠳᠡᠪᠬᠢᠲᠡᠢ ᠠᠬᠢᠭᠤᠯᠵᠤ᠂ ᠵᠢᠯ ᠤᠨ | ᠳᠣᠲᠣᠷ᠎ᠠ 77 ᠵᠣᠷᠯᠣᠩ ᠢ ᠰᠢᠨ᠎ᠡ ᠪᠠᠷ ᠪᠠᠶᠢᠭᠤᠯᠵᠤ᠂ 12 ᠵᠣᠷᠯᠣᠩ ᠢ ᠥᠭᠡᠷᠡᠴᠢᠯᠡᠨ ᠰᠠᠶᠢᠵᠢᠷᠠᠭᠤᠯᠵᠤ᠂ | ᠤᠳᠤᠬᠠᠨ ᠳᠤ ᠵᠣᠷᠯᠣᠩ ᠤᠨ ᠥᠭᠡᠷᠡᠴᠢᠯᠡᠯᠲᠡ ᠶᠢᠨ ᠨᠣᠷᠮ᠎ᠠ 68.7% ᠳᠤ ᠬᠥᠷᠪᠡ᠃ ᠮᠠᠯ ᠵᠢᠭᠦᠷᠲᠡᠨ ᠤ | ᠢᠯᠭᠠᠳᠠᠰᠣ ᠶᠢ 3 ᠭᠠᠵᠠᠷ ᠲᠤ ᠲᠦᠪᠯᠡᠷᠡᠬᠦᠯᠦᠨ ᠬᠤᠷᠢᠶᠠᠵᠤ᠂ ᠶᠡᠷᠦᠩᠬᠡᠶᠢᠯᠡᠨ ᠰᠢᠢᠳᠪᠦᠷᠢᠯᠡᠬᠦ ᠰᠢᠰᠲ᠋ᠧᠮ ᠤᠨ | ᠪᠠᠶᠢᠭᠤᠯᠤᠯᠲᠠ ᠶᠢ ᠠᠬᠢᠭᠤᠯᠪᠠ᠃ ᠰᠢᠷᠠᠲᠠᠯ᠎ᠠ ᠭᠠᠴᠠᠭ᠎ᠠ ᠨᠢ 70 ᠡᠷᠦᠬᠡ ᠳᠤ ᠠᠮᠢᠳᠤᠷᠠᠯ ᠦᠢᠯᠡᠳᠪᠦᠷᠢᠯᠡᠯ ᠤᠨ | ᠤᠷᠴᠢᠨ ᠢ ᠰᠠᠯᠭᠠᠬᠤ ᠬᠡᠷᠡᠰᠬᠡ ᠪᠠᠶᠢᠭᠤᠯᠵᠤ᠂ ᠤᠷᠴᠢᠨ ᠨᠦᠬᠦᠴᠡᠯ ᠢ ᠤᠯᠠᠮ ᠰᠠᠶᠢᠵᠢᠷᠠᠭᠤᠯᠪᠠ᠃ ᠬᠠᠨᠠᠠᠭᠤᠯᠠ | ᠭᠠᠴᠠᠭ᠎ᠠ ᠨᠢ ᠠᠶᠢᠮᠠᠭ ᠤᠨ ᠱᠠᠲᠤᠨ ᠤ ᠬᠥᠮᠥᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ | ᠵᠠᠰᠠᠬᠤ ᠵᠢᠱᠢᠶ᠎ᠡ ᠦᠵᠡᠭᠦᠯᠬᠦ ᠭᠠᠴᠠᠭ᠎ᠠ ᠶᠢ ᠰᠢᠯᠭᠠᠨ ᠦᠨᠡᠯᠡᠬᠦ ᠠᠵᠢᠯ ᠢ ᠪᠡᠶᠡᠯᠡᠬᠦᠯᠵᠤ᠂ ᠰᠢᠷᠠᠲᠠᠯ᠎ᠠ ᠭᠠᠴᠠᠭ᠎ᠠ ᠨᠢ | ᠥᠪᠡᠷᠲᠡᠭᠡᠨ ᠵᠠᠰᠠᠬᠤ ᠣᠷᠣᠨ ᠤ ᠣᠷᠣᠰᠢᠨ ᠰᠠᠭᠤᠬᠤ ᠳᠤ ᠲᠣᠬᠢᠷᠠᠮᠵᠢᠲᠠᠢ ᠦᠵᠡᠰᠬᠦᠯᠡᠩᠲᠦ ᠰᠠᠶᠢᠬᠠᠨ ᠭᠠᠴᠠᠭ᠎ᠠ | ᠲᠣᠰᠬᠤᠨ ᠤ ᠠᠩᠬᠠᠨ ᠤ ᠬᠢᠨᠠᠨ ᠰᠢᠯᠭᠠᠯᠲᠠ ᠶᠢ ᠦᠩᠭᠡᠷᠡᠪᠡ᠃ ᠤᠪᠤᠭᠠᠲᠤ᠂ ᠰᠢᠯᠢᠨ ᠤᠪᠤᠭ᠎ᠠ ᠨᠢ ᠡᠷᠡᠭᠦᠯ | ᠬᠠᠮᠠᠭᠠᠯᠠᠯ ᠤᠨ ᠬᠤᠲᠠ ᠶᠢ ᠪᠠᠶᠢᠭᠤᠯᠬᠤ ᠠᠵᠢᠯ ᠲᠠᠢ ᠤᠶᠠᠯᠳᠤᠭᠤᠯᠤᠨ ᠤᠷᠴᠢᠨ ᠲᠤᠭᠤᠷᠢᠨ ᠢᠶᠠᠨ ᠴᠡᠪᠡᠷᠯᠡᠬᠦ | ᠠᠵᠢᠯ ᠢ ᠰᠠᠶᠢᠲᠤᠷ ᠶᠠᠪᠤᠭᠳᠠᠭᠤᠯᠪᠠ᠃ |