ᠰᠢᠯᠢ ᠶᠢᠨ ᠭᠤᠣᠯ ᠠᠶᠢᠮᠠᠭ ᠤᠨ ᠲᠤᠭ᠎ᠠ ᠪᠦᠷᠢᠳᠬᠡᠯ ᠤᠨ ᠲᠣᠪᠴᠢᠶ᠎ᠠ ᠨᠢ ᠰᠢᠯᠢ ᠶᠢᠨ ᠬᠤᠲᠠ ᠳᠤ ᠭᠦᠨᠵᠡᠭᠡᠶᠢᠷᠡᠨ ᠰᠢᠶᠠᠩ ᠪᠠᠯᠭᠠᠰᠤᠨ ᠤ ᠲᠠᠷᠢᠶᠠᠯᠠᠩ ᠮᠠᠯ ᠠᠵᠤ ᠠᠬᠤᠢ ᠶᠢᠨ ᠲᠤᠭ᠎ᠠ ᠪᠦᠷᠢᠳᠬᠡᠯ ᠤᠨ ᠲᠤᠭ᠎ᠠ ᠪᠠᠷᠢᠮᠲᠠ ᠶᠢᠨ ᠶᠠᠰᠤ ᠴᠢᠨᠠᠷ ᠢ ᠬᠢᠨᠠᠨ ᠪᠠᠶᠢᠴᠠᠭᠠᠬᠤ ᠠᠵᠢᠯ ᠥᠷᠨᠢᠭᠦᠯᠪᠡ
ᠨᠡᠶᠢᠲᠡᠯᠡᠭᠰᠡᠨ ᠴᠠᠭ᠄
2024/5/13
     ᠲᠠᠷᠢᠶᠠᠯᠠᠩ ᠮᠠᠯ ᠠᠵᠤ ᠠᠬᠤᠢ ᠶᠢᠨ ᠲᠤᠭ᠎ᠠ ᠪᠦᠷᠢᠳᠬᠡᠯ ᠤᠨ ᠠᠵᠢᠯ ᠢ ᠤᠯᠠᠮ ᠨᠢᠭᠡ ᠠᠯᠬᠤᠮ ᠴᠢᠩᠭᠠᠳᠬᠠᠵᠤ᠂ ᠲᠠᠷᠢᠶᠠᠯᠠᠩ ᠮᠠᠯ ᠠᠵᠤ ᠠᠬᠤᠢ ᠶᠢᠨ ᠪᠦᠷᠢᠳᠬᠡᠯ ᠤᠨ ᠲᠤᠭ᠎ᠠ ᠪᠠᠷᠢᠮᠲᠠ ᠶᠢᠨ ᠶᠠᠰᠦ ᠴᠢᠨᠠᠷ ᠢ ᠳᠡᠭᠡᠭᠰᠢᠯᠡᠭᠦᠯᠦᠨ᠂ ᠦᠨᠳᠦᠰᠦᠨ ᠱᠠᠲᠤᠨ ᠤ ᠰᠠᠭᠤᠷᠢ ᠲᠤᠭ᠎ᠠ ᠪᠦᠷᠢᠳᠬᠡᠯ ᠤᠨ ᠦᠨᠡᠨ ᠪᠣᠳᠠᠲᠠᠢ ᠵᠥᠪ ᠣᠨᠣᠪᠴᠢᠲᠠᠶ ᠪᠠᠶᠢᠬᠤ ᠶᠢ ᠪᠠᠲᠤᠯᠠᠬᠤ ᠶᠢᠨ ᠲᠥᠯᠦᠭᠡ᠂ 4 ᠰᠠᠷ᠎ᠠ ᠶᠢᠨ 29᠎ ᠤ ᠡᠳᠦᠷ᠂ ᠠᠶᠢᠮᠠᠭ ᠤᠨ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠲᠠᠷᠢᠶᠠᠯᠠᠩ ᠮᠠᠯ ᠠᠵᠤ ᠠᠬᠤᠢ ᠶᠢᠨ ᠰᠠᠯᠠᠭᠠᠨ ᠤ ᠳᠠᠷᠤᠭ᠎ᠠ ᠤᠷᠭᠤᠮᠠᠯ ᠵᠡᠷᠭᠡ ᠬᠦᠮᠥᠰ ᠰᠢᠯᠢ ᠶᠢᠨ ᠬᠤᠲᠠ ᠶᠢᠨ ᠪᠤᠯᠠᠭᠠᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠪᠣᠯᠣᠨ ᠴᠤᠭᠯᠠᠭᠠᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠲᠤ ᠭᠦᠨᠵᠡᠭᠡᠶᠢᠷᠡᠨ᠂ ᠲᠠᠷᠢᠶᠠᠯᠠᠩ ᠮᠠᠯ ᠠᠵᠤ ᠠᠬᠤᠢ ᠶᠢᠨ ᠲᠤᠭ᠎ᠠ ᠪᠦᠷᠢᠳᠬᠡᠯ ᠤᠨ ᠡᠬᠢ ᠡᠭᠦᠰᠦᠯ ᠤᠨ ᠲᠤᠭ᠎ᠠ ᠪᠠᠷᠢᠮᠲᠠ ᠶᠢᠨ ᠶᠠᠰᠤ ᠴᠢᠨᠠᠷ ᠢ ᠬᠠᠷᠭᠤᠭᠤᠯᠤᠨ ᠪᠠᠶᠢᠴᠠᠭᠠᠬᠤ ᠠᠵᠢᠯ ᠥᠷᠨᠢᠭᠦᠯᠵᠦ᠂ ᠬᠤᠲᠠ ᠶᠢᠨ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠳᠡᠳ᠋ ᠳᠠᠷᠤᠭ᠎ᠠ ᠨᠢᠶ᠋ᠧ ᠭᠦᠸᠧ ᠳ᠋ᠦᠩ ᠪᠣᠯᠣᠨ ᠲᠠᠷᠢᠶᠠᠯᠠᠩ ᠮᠠᠯ ᠠᠵᠤ ᠠᠬᠤᠢ ᠶᠢᠨ ᠲᠠᠰᠤᠭ ᠤᠨ ᠲᠤᠰᠬᠠᠢ ᠮᠡᠷᠭᠡᠵᠢᠯ ᠤᠨ ᠠᠵᠢᠯᠲᠠᠨ ᠬᠠᠮᠲᠦ ᠶᠠᠪᠤᠪᠠ᠃
     ᠲᠣᠰ ᠤᠳᠠᠭᠠᠨ ᠤ ᠬᠢᠨᠠᠨ ᠪᠠᠶᠢᠴᠠᠭᠠᠯᠲᠠ ᠳᠤ ᠭᠤᠣᠯᠳᠠᠭᠤ ︽ᠰᠢᠶᠠᠩ ︵ᠪᠠᠯᠭᠠᠰᠤ︶᠎   ᠎ ᠤᠨ ᠨᠡᠶᠢᠭᠡᠮ ᠤᠨ ᠠᠵᠤ ᠠᠬᠤᠢ ᠶᠢᠨ ᠦᠨᠳᠦᠰᠦᠨ ᠪᠠᠶᠢᠳᠠᠯ ᠤᠨ ᠬᠦᠰᠦᠨᠦᠭᠲᠦ︾ ︽ᠲᠣᠰᠬᠤᠨ ᠤ ᠨᠡᠶᠢᠭᠡᠮ ᠤᠨ ᠠᠵᠤ ᠠᠬᠤᠢ ᠶᠢᠨ ᠦᠨᠳᠦᠰᠦᠨ ᠪᠠᠶᠢᠳᠠᠯ ᠤᠨ ᠬᠦᠰᠦᠨᠦᠭᠲᠦ︾ ᠵᠡᠷᠭᠡ ᠰᠢᠶᠠᠨ ᠤ ᠬᠡᠪᠴᠢᠶᠡᠨ ᠤ ᠲᠤᠭ᠎ᠠ ᠪᠦᠷᠢᠳᠬᠡᠯ ᠤᠨ ᠣᠨ ᠤ ᠮᠡᠳᠡᠭᠦᠯᠦᠯᠲᠡ ᠶᠢᠨ ᠬᠦᠰᠦᠨᠦᠭᠲᠦ ᠂ ᠵᠢᠴᠢ ︽ᠰᠢᠶᠠᠩ ︵ᠪᠠᠯᠭᠠᠰᠤ︶᠎ ᠤᠨ ᠨᠡᠶᠢᠭᠡᠮ ᠤᠨ ᠠᠵᠤ ᠠᠬᠤᠢ ᠶᠢᠨ ᠦᠨᠳᠦᠰᠦᠨ ᠪᠠᠶᠢᠳᠠᠯ ᠤᠨ ᠨᠥᠬᠦᠪᠦᠷᠢ ᠪᠠᠶᠢᠴᠠᠭᠠᠯᠲᠠ ᠶᠢᠨ ᠬᠦᠰᠦᠨᠦᠭᠲᠦ︾ ︽ᠲᠣᠰᠬᠤᠨ ᠤ ᠨᠡᠶᠢᠭᠡᠮ ᠤᠨ ᠠᠵᠤ ᠠᠬᠤᠢ ᠶᠢᠨ ᠦᠨᠳᠦᠰᠦᠨ ᠪᠠᠶᠢᠳᠠᠯ ᠤᠨ ᠨᠥᠬᠦᠪᠦᠷᠢ ᠪᠠᠶᠢᠴᠠᠭᠠᠯᠲᠠ ᠶᠢᠨ ᠬᠦᠰᠦᠨᠦᠭᠲᠦ︾  ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠤᠭ᠎ᠠ ᠪᠦᠷᠢᠳᠬᠡᠯ ᠤᠨ ᠬᠢᠨᠠᠨ ᠬᠡᠮᠵᠢᠯᠲᠡ ᠶᠢᠨ ᠲᠤᠰᠬᠠᠢ ᠪᠠᠶᠢᠴᠠᠭᠠᠯᠲᠠ ᠶᠢᠨ ᠬᠦᠰᠦᠨᠦᠭᠲᠦ ᠵᠡᠷᠭᠡ ᠲᠤᠭ᠎ᠠ ᠪᠠᠷᠢᠮᠲᠠ ᠶᠢ ᠲᠤᠬᠠᠢ ᠶᠢᠨ ᠭᠠᠵᠠᠷ ᠲᠤᠨᠢ ᠬᠠᠷᠭᠤᠭᠤᠯᠤᠨ ᠪᠠᠶᠢᠴᠠᠭᠠᠵᠤ᠂ ᠡᠭᠦᠨ ᠤ ᠬᠠᠮᠲᠤ ᠰᠢᠶᠠᠩ ᠪᠠᠯᠭᠠᠰᠤᠨ ᠤ ᠲᠤᠭ᠎ᠠ ᠪᠦᠷᠢᠳᠬᠡᠯ ᠤᠨ ᠮᠡᠳᠡᠭᠦᠯᠦᠯᠲᠡ ᠶᠢᠨ ᠬᠦᠰᠦᠨᠦᠭᠲᠦ ᠶᠢᠨ ᠬᠤᠷᠢᠶᠠᠩᠭᠤᠶᠢᠯᠠᠭᠰᠠᠨ ᠲᠤᠭ᠎ᠠ ᠪᠠᠷᠢᠮᠲᠠ ᠨᠢ ᠰᠦᠯᠵᠢᠶ᠎ᠡ ᠪᠠᠷ ᠰᠢᠭᠤᠳ ᠮᠡᠳᠡᠭᠦᠯᠬᠦ ᠲᠠᠪᠴᠠᠩ ᠯᠤᠭ᠎ᠠ ᠨᠢᠭᠡᠳᠦᠯᠲᠡᠢ ᠪᠠᠶᠢᠬᠤ ᠡᠰᠡᠬᠦ᠂ ᠭᠠᠴᠠᠭᠠᠨ ᠤ ᠱᠠᠲᠤᠨ ᠤ ᠲᠤᠭ᠎ᠠ ᠪᠦᠷᠢᠳᠬᠡᠯ ᠤᠨ ᠡᠬᠡ ᠲᠠᠩᠰᠠ ᠶᠢᠨ ᠬᠤᠷᠢᠶᠠᠩᠭᠤᠶᠢᠯᠠᠭᠰᠠᠨ ᠲᠤᠭ᠎ᠠ ᠪᠠᠷᠢᠮᠲᠠ ᠪᠣᠯᠣᠨ ᠰᠢᠶᠠᠩ ᠪᠠᠯᠭᠠᠰᠤᠨ ᠤ ᠲᠤᠭ᠎ᠠ ᠪᠦᠷᠢᠳᠬᠡᠯ ᠤᠨ ᠮᠡᠳᠡᠭᠦᠯᠦᠯᠲᠡ ᠶᠢᠨ ᠬᠦᠰᠦᠨᠦᠭᠲᠦ ᠶᠢᠨ ᠳᠡᠭᠡᠭᠰᠢ ᠮᠡᠳᠡᠭᠦᠯᠦᠭᠰᠡᠨ ᠲᠤᠭ᠎ᠠ ᠪᠠᠷᠢᠮᠲᠠ ᠨᠢ ᠨᠢᠭᠡᠳᠦᠯᠲᠡᠢ ᠪᠠᠶᠢᠬᠤ ᠡᠰᠡᠬᠦ ᠶᠢ ᠬᠢᠨᠠᠨ ᠬᠠᠷᠭᠤᠭᠤᠯᠵᠤ ᠦᠵᠡᠪᠡ᠃
     ᠲᠣᠰ ᠤᠳᠠᠭᠠᠨ ᠤ ᠬᠢᠨᠠᠨ ᠪᠠᠶᠢᠴᠠᠭᠠᠯᠲᠠ ᠨᠢ ᠰᠢᠯᠢ ᠶᠢᠨ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠲᠤᠭ᠎ᠠ ᠪᠦᠷᠢᠳᠬᠡᠯ ᠤᠨ ᠲᠤᠭ᠎ᠠ ᠪᠠᠷᠢᠮᠲᠠ ᠶᠢᠨ ᠶᠠᠰᠤ ᠴᠢᠨᠠᠷ ᠢ ᠳᠡᠭᠡᠭᠰᠢᠯᠡᠭᠦᠯᠵᠦ᠂ ᠲᠠᠷᠢᠶᠠᠯᠠᠩ ᠮᠠᠯ ᠠᠵᠤ ᠠᠬᠤᠢ ᠶᠢᠨ ᠲᠤᠭ᠎ᠠ ᠪᠦᠷᠢᠳᠬᠡᠯ ᠤᠨ ᠪᠠᠶᠢᠴᠠᠭᠠᠯᠲᠠ ᠶᠢᠨ ᠠᠵᠢᠯ ᠤᠨ ᠶᠠᠪᠤᠴᠠ ᠶᠢ ᠵᠢᠷᠤᠮᠵᠢᠭᠤᠯᠬᠤ᠂ ᠲᠤᠭ᠎ᠠ ᠪᠦᠷᠢᠳᠬᠡᠯ ᠤᠨ ᠠᠵᠢᠯᠲᠠᠨ ᠤ ᠬᠠᠤᠯᠢ ᠪᠠᠷ ᠵᠠᠰᠠᠬᠤ ᠤᠬᠠᠮᠰᠠᠷ ᠢ ᠲᠡᠭᠡᠭᠰᠢᠯᠡᠭᠦᠯᠬᠦ ᠳᠤ ᠲᠦᠯᠬᠢᠨ ᠠᠬᠢᠭᠤᠯᠬᠤ ᠥᠢᠯᠡᠳᠦᠯ ᠦᠵᠡᠭᠦᠯᠪᠡ᠃ ᠲᠠᠷᠠᠭᠠᠴᠢ ᠶᠢᠨ ᠠᠯᠬᠤᠮ ᠳᠤ᠂ ᠮᠠᠨ ᠤ ᠲᠣᠪᠴᠢᠶ᠎ᠠ ᠨᠢ ᠣᠯᠵᠤ ᠮᠡᠳᠡᠭᠰᠡᠨ ᠠᠰᠠᠭᠤᠳᠠᠯ ᠢᠶᠠᠨ ᠴᠠᠭ ᠲᠤᠬᠠᠢ ᠳᠤᠨᠢ ᠡᠮᠬᠢᠯᠡᠨ ᠳᠢᠭᠯᠡᠵᠦ᠂ ᠬᠤᠯᠪᠣᠭᠳᠠᠯ ᠪᠦᠬᠦᠢ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠢ ᠰᠢᠪᠠᠳᠠᠨ ᠴᠠᠭ ᠬᠢᠵᠠᠭᠠᠷᠯᠠᠨ ᠴᠡᠭᠴᠡᠯᠡᠨ ᠰᠠᠶᠢᠵᠢᠷᠠᠭᠤᠯᠵᠤ᠂ ᠲᠠᠷᠢᠶᠠᠯᠠᠩ ᠮᠠᠯ ᠠᠵᠤ ᠠᠬᠤᠢ ᠶᠢᠨ ᠲᠤᠭ᠎ᠠ ᠪᠦᠷᠢᠳᠬᠡᠯ ᠤᠨ ᠰᠠᠭᠤᠷᠢ ᠠᠵᠢᠯ ᠢ ᠤᠯᠠᠮ ᠨᠢᠭᠡ ᠠᠯᠬᠤᠮ ᠪᠠᠲᠤᠳᠬᠠᠨ᠂ ᠲᠠᠷᠢᠶᠠᠯᠠᠩ ᠮᠠᠯ ᠠᠵᠤ ᠠᠬᠤᠢ ᠶᠢᠨ ᠲᠤᠭ᠎ᠠ ᠪᠦᠷᠢᠳᠬᠡᠯ ᠤᠨ ᠲᠤᠭ᠎ᠠ ᠪᠠᠷᠢᠮᠲᠠ ᠶᠢᠨ ᠶᠠᠰᠤ ᠴᠢᠨᠠᠷ ᠢ ᠳᠡᠭᠡᠭᠰᠢᠯᠡᠭᠦᠯᠦᠨ᠎ᠡ᠃
 
ᠢᠷᠡᠯᠲᠡ᠄ ᠰᠢᠯᠢ ᠶᠢᠨ ᠬᠤᠲᠠ ᠶᠢᠨ ᠵᠠᠰᠠᠭ ᠤᠨ ᠶᠠᠪᠣᠳᠠᠯ ᠤᠨ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号