ᠰᠢᠯᠢ ᠶᠢᠨ ᠭᠤᠤᠯ ᠠᠶᠢᠮᠠᠭ ᠤᠨ ᠭᠤᠤᠯ ᠤᠨ ᠳᠠᠷᠤᠭ᠎ᠠ ᠶᠢᠨ ᠲᠦᠷᠢᠮ ᠤᠨ ᠠᠯᠪᠠᠨ ᠬᠡᠷ᠂ ᠠᠮᠢ ᠠᠬᠤᠶ ᠶᠢᠨ ᠣᠷᠴᠢᠨ ᠲᠣᠭᠤᠷᠢᠨ ᠤ ᠲᠣᠪᠴᠢᠶ᠎ᠠ᠂ ᠪᠠᠶᠢᠴᠠᠭᠠᠬᠤ ᠬᠤᠪᠢᠶᠠᠷᠢ ᠬᠤᠷᠢᠶ᠎ᠠ ᠪᠥᠬᠦ ᠠᠶᠢᠮᠠᠭ ᠤᠨ 2024 ᠣᠨ ᠤ ᠭᠤᠤᠯ ᠨᠠᠭᠤᠷ ᠤᠨ ᠳᠠᠷᠤᠭ᠎ᠠ ᠶᠢᠨ ᠲᠦᠷᠢᠮ ᠤᠨ ᠬᠠᠮᠲᠤᠷᠠᠭᠰᠠᠨ ᠪᠠᠶᠢᠴᠠᠭᠠᠯᠲᠠ ᠶᠢ ᠥᠷᠨᠢᠭᠦᠯᠪᠡ
ᠨᠡᠶᠢᠲᠡᠯᠡᠭᠰᠡᠨ ᠴᠠᠭ᠄
2024/5/18
     5 ᠰᠠᠷ᠎ᠠ ᠶᠢᠨ 15᠎ ᠤ ᠡᠳᠦᠷ᠂ ᠠᠶᠢᠮᠠᠭ ᠤᠨ ᠤᠰᠤᠨ ᠠᠰᠢᠭᠯᠠᠯᠲᠠ ᠶᠢᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠳᠡᠳ᠋ ᠲᠣᠪᠴᠢᠶᠠᠨ ᠳᠠᠷᠤᠭ᠎ᠠ ᠫᠠᠨ ᠴᠦᠨ ᠯᠸᠢ᠂ ᠠᠶᠢᠮᠠᠭ ᠤᠨ ᠠᠮᠢ ᠠᠬᠤᠶ ᠶᠢᠨ ᠣᠷᠴᠢᠨ ᠲᠣᠭᠤᠷᠢᠨ ᠤ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠂ ᠳᠡᠳ᠋ ᠲᠣᠪᠴᠢᠶᠠᠨ ᠳᠠᠷᠤᠭ᠎ᠠ ᠸᠠᠩ ᠬᠠᠶ ᠵᠢᠶᠠᠩ᠂ ᠠᠶᠢᠮᠠᠭ ᠤᠨ ᠪᠠᠶᠢᠴᠠᠭᠠᠬᠤ ᠬᠤᠪᠢᠶᠠᠷᠢ ᠬᠤᠷᠢᠶ᠎ᠠ ᠶᠢᠨ ᠵᠢᠷᠭᠤᠳᠤᠭᠠᠷ ᠪᠠᠶᠢᠴᠠᠭᠠᠬᠤ ᠬᠡᠯᠲᠡᠰ ᠤᠨ ᠾᠧᠦ ᠢ ᠡᠷᠬᠢᠯᠡᠭᠴᠢ᠂ ᠠᠶᠢᠮᠠᠭ ᠤᠨ ᠭᠤᠤᠯ ᠤᠨ ᠳᠠᠷᠤᠭ᠎ᠠ ᠶᠢᠨ ᠲᠦᠷᠢᠮ ᠤᠨ ᠠᠯᠪᠠᠨ ᠬᠡᠷ ᠵᠡᠷᠭᠡ ᠪᠠᠷ ᠪᠦᠷᠢᠯᠳᠦᠭᠰᠡᠨ ᠬᠠᠮᠲᠤᠷᠠᠭᠰᠠᠨ ᠪᠠᠶᠢᠴᠠᠭᠠᠬᠤ ᠳᠤᠭᠤᠶᠢᠯᠠᠩ ᠤᠨ ᠬᠢᠨ ᠰᠢᠯᠢ ᠎ ᠶᠢᠨ ᠬᠤᠳᠠ ᠶᠢᠨ ᠭᠤᠤᠯ ᠨᠠᠭᠤᠷ ᠤᠨ ᠳᠠᠷᠤᠭ᠎ᠠ ᠶᠢᠨ ᠲᠦᠷᠢᠮ ᠤᠨ ᠠᠵᠢᠯ ᠢ ᠥᠷᠨᠢᠭᠦᠯᠦᠭᠰᠡᠨ ᠪᠠᠶᠢᠳᠠᠯ ᠳᠤ ᠬᠢᠨᠠᠨ ᠪᠠᠶᠢᠴᠠᠭᠠᠯᠲᠠ ᠬᠢᠪᠠ᠃
     ᠬᠠᠮᠲᠤᠷᠠᠭᠰᠠᠨ ᠪᠠᠶᠢᠴᠠᠭᠠᠬᠤ ᠳᠤᠭᠤᠶᠢᠯᠠᠩ ᠤᠨ ᠬᠢᠨ ᠰᠢᠯᠢ ᠶᠢᠨ ᠬᠤᠳᠠ ᠶᠢᠨ ᠪᠠᠶᠠᠨᠰᠢᠯᠢ ᠮᠠᠯᠵᠢᠯ ᠤᠨ ᠲᠠᠯᠠᠪᠠᠢ᠂ ᠪᠤᠯᠠᠭᠠᠨ ᠰᠤᠮᠤ᠂ ᠪᠠᠶᠠᠨᠴᠠᠭᠠᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠬᠡᠰᠡᠭ ᠤᠨ ᠰᠢᠯᠢ ᠶᠢᠨ ᠭᠤᠣᠯ ᠤᠨ ᠰᠠᠪᠠ ᠭᠠᠵᠠᠷ ᠤᠨ ᠬᠠᠮᠢᠶᠠᠷᠤᠯᠲᠠ ᠬᠠᠮᠠᠭᠠᠯᠠᠯᠲᠠ᠂ ᠤᠰᠤᠨ ᠣᠷᠣᠨ ᠤ ᠣᠳᠣᠬᠢ ᠪᠠᠶᠢᠳᠠᠯ ᠵᠢᠴᠢ ︽ᠭᠤᠣᠯ ᠨᠠᠭᠤᠷ ᠤᠨ ᠳᠠᠷᠤᠭ᠎ᠠ + ᠪᠠᠶᠢᠴᠠᠭᠠᠬᠤ ᠳᠠᠷᠤᠭ᠎ᠠ︾᠎ ᠶᠢᠨ ᠬᠠᠮᠵᠢᠯᠴᠠᠬᠤ ᠲᠣᠭᠲᠠᠴᠠ ᠶᠢ ᠨᠠᠶᠢᠳᠠᠪᠤᠷᠢᠵᠢᠭᠤᠯᠤᠭᠰᠠᠨ᠂ ᠭᠤᠣᠯᠳᠠᠯᠭ᠎ᠠ ᠲᠠᠢ ᠰᠠᠪᠠ ᠭᠠᠵᠠᠷ ᠢ ᠪᠠᠶᠢᠩᠭᠤᠵᠢᠭᠤᠯᠤᠨ ᠵᠠᠰᠠᠭᠰᠠᠨ ᠵᠡᠷᠭᠡ ᠪᠠᠶᠢᠳᠠᠯ ᠳᠤ ᠲᠤᠰ ᠲᠤᠰ ᠲᠤᠬᠠᠢ ᠶᠢᠨ ᠭᠠᠵᠠᠷ ᠲᠤᠨᠢ ᠪᠠᠶᠢᠴᠠᠭᠠᠯᠲᠠ ᠬᠢᠭᠰᠡᠨ ᠪᠥᠭᠡᠳ ᠲᠤᠬᠠᠢ ᠶᠢᠨ ᠲᠠᠯᠠᠪᠠᠢ ᠳᠤ  ᠰᠢᠯᠢ ᠶᠢᠨ ᠬᠤᠳᠠ ᠶᠢᠨ ᠭᠤᠣᠯ ᠨᠠᠭᠤᠷ ᠤᠨ ᠳᠠᠷᠤᠭ᠎ᠠ ᠶᠢᠨ ᠳᠦᠷᠢᠮ ᠤᠨ ᠠᠵᠢᠯ ᠤᠨ ᠳᠤᠬᠢᠷᠠᠭᠤᠯᠤᠯᠳᠠ ᠪᠠᠶᠢᠷᠢᠯᠠᠭᠤᠯᠤᠯᠲᠠ ᠵᠢᠴᠢ ᠨᠠᠶᠢᠳᠠᠪᠤᠷᠢᠵᠢᠭᠤᠯᠤᠭᠰᠠᠨ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠶᠢ ᠰᠣᠨᠣᠰᠴᠠᠢ᠃ ᠵᠣᠬᠢᠴᠠᠭᠤᠯᠤᠨ ᠰᠢᠶᠳᠪᠦᠷᠢᠯᠡᠬᠦ ᠴᠢᠬᠤᠯᠠᠲᠠᠶ ᠠᠰᠠᠭᠤᠳᠠᠯ ᠢ ᠣᠶᠢᠯᠠᠭᠠᠬᠤ ᠶᠢᠨ ᠬᠠᠮᠲᠤ ᠣᠷᠣᠰᠢᠵᠤ ᠪᠠᠶᠢᠭ᠎ᠠ ᠠᠰᠠᠭᠤᠳᠠᠯ ᠳᠤ ᠰᠢᠶᠳᠪᠦᠷᠢᠯᠡᠬᠦ ᠠᠷᠭ᠎ᠠ ᠪᠠ ᠱᠠᠭᠠᠷᠳᠠᠯᠭ᠎ᠠ ᠳᠤᠷᠠᠳᠴᠠᠶ᠃
     ᠬᠠᠮᠲᠤᠷᠠᠭᠰᠠᠨ ᠪᠠᠶᠢᠴᠠᠭᠠᠬᠤ ᠳᠤᠭᠤᠶᠢᠯᠠᠩ ᠤᠨ ᠬᠢᠨ ᠲᠠᠷᠠᠭᠠᠴᠢ ᠶᠢᠨ ᠱᠠᠲᠤᠨ ᠤ ᠠᠵᠢᠯ ᠤᠨ ᠲᠠᠯ᠎ᠠ ᠪᠠᠷ ᠲᠦᠷᠪᠡᠨ ᠲᠠᠯ᠎ᠠ ᠶᠢᠨ ᠰᠠᠨᠠᠯ ᠳᠤᠷᠠᠳᠴᠠᠢ᠂ ᠨᠢᠭᠡ ᠳᠤ᠂ ᠡᠯ᠎ᠡ ᠭᠠᠵᠠᠷ ᠤᠨ ᠬᠢᠨ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠡᠯ᠎ᠡ ᠱᠠᠲᠤᠨ ᠤ ᠭᠤᠣᠯ ᠨᠠᠭᠤᠷ ᠤᠨ ᠳᠠᠷᠤᠭ᠎ᠠ ᠶᠢᠨ ᠬᠠᠷᠢᠭᠤᠴᠠᠯᠭ᠎ᠠ ᠪᠠᠨ ᠴᠢᠨᠠᠭᠰᠢᠳᠠ ᠪᠠᠲᠤᠳᠬᠠᠵᠤ᠂ ᠭᠤᠣᠯ ᠤᠨ ᠳᠠᠷᠤᠭ᠎ᠠ ᠶᠢᠨ ᠳᠦᠷᠢᠮ ᠨᠠᠭᠤᠷ ᠤᠨ ᠳᠠᠷᠤᠭ᠎ᠠ ᠶᠢᠨ ᠳᠦᠷᠢᠮ ᠤᠨ ᠠᠵᠢᠯ ᠤᠨ ᠬᠠᠷᠢᠭᠤᠴᠠᠯᠭᠠᠲᠤ ᠰᠡᠳᠬᠢᠯᠭᠡ᠂ ᠡᠭᠦᠷᠭᠡᠲᠦ ᠰᠡᠳᠬᠢᠯᠭᠡ ᠪᠠᠨ ᠦᠨᠡᠨᠬᠦ ᠴᠢᠩᠭᠠᠳᠬᠠᠬᠤ ᠬᠡᠷᠡᠭᠲᠡᠢ᠃ ᠬᠤᠶᠠᠷ ᠲᠤ᠂ ᠠᠵᠢᠯ ᠤᠨ ᠠᠷᠭ᠎ᠠ ᠬᠡᠮᠵᠢᠶ᠎ᠡ ᠪᠠᠨ ᠴᠢᠨᠠᠭᠰᠢᠳᠠ ᠴᠢᠩᠭᠠᠳᠬᠠᠵᠤ᠂ ᠭᠤᠣᠯ ᠨᠠᠭᠤᠷ ᠢ ᠵᠠᠰᠠᠬᠤ ᠠᠵᠢᠯ ᠤᠨ ᠤᠷᠳᠤ ᠬᠤᠭᠤᠴᠠᠭᠠᠨ ᠤ ᠪᠦᠲᠦᠮᠵᠢᠲᠡᠢ ᠨᠠᠶᠢᠳᠠᠪᠤᠷᠢᠵᠢᠭᠤᠯᠤᠯᠲᠠ ᠶᠢ ᠠᠬᠢᠭᠤᠯᠵᠤ᠂ ᠭᠤᠣᠯ ᠤᠨ ᠳᠠᠷᠤᠭ᠎ᠠ ᠶᠢᠨ ᠲᠦᠷᠢᠮ ᠤᠨ ᠭᠤᠣᠯᠳᠠᠯᠭ᠎ᠠ ᠲᠠᠢ ᠡᠭᠦᠷᠭᠡ ᠶᠢ ᠪᠣᠳᠠᠲᠠᠢ ᠳᠤ ᠨᠠᠶᠢᠳᠠᠪᠤᠷᠢᠵᠢᠭᠤᠯᠵᠤ ᠦᠷ᠎ᠡ ᠪᠦᠲᠦᠮᠵᠢ ᠤᠯᠤᠨ᠎ᠠ᠃ ᠭᠤᠷᠪᠠ ᠳᠤ᠂ ᠤᠬᠠᠭᠤᠯᠭ᠎ᠠ ᠶᠢᠨ ᠡᠷᠴᠢᠮ ᠢᠶᠠᠨ ᠴᠢᠩᠭᠠᠷᠠᠭᠤᠯᠵᠤ᠂ ᠡᠯ᠎ᠡ ᠱᠠᠲᠤᠨ ᠤ ᠭᠤᠣᠯ ᠨᠠᠭᠤᠷ ᠤᠨ ᠳᠠᠷᠤᠭ᠎ᠠ᠂ ᠬᠠᠮᠢᠶ᠎ᠠ ᠪᠦᠬᠦᠢ ᠰᠠᠯᠠᠭ᠎ᠠ ᠮᠥᠴᠢᠷ ᠵᠢᠴᠢ ᠥᠷᠭᠡᠨ ᠤᠯᠠᠨ ᠲᠦᠮᠡᠨ ᠤ ᠭᠤᠣᠯ ᠨᠠᠭᠤᠷ ᠤᠨ ᠳᠠᠷᠤᠭ᠎ᠠ ᠶᠢᠨ ᠳᠦᠷᠢᠮ ᠤᠨ ᠠᠵᠢᠯ ᠤᠨ ᠲᠤᠬᠠᠢ ᠲᠠᠨᠢᠯᠲᠠ ᠪᠣᠯᠤᠨ ᠴᠢᠬᠤᠯᠠᠴᠢᠯᠠᠬᠤ ᠬᠡᠮᠵᠢᠶ᠎ᠡ ᠶᠢ ᠳᠡᠭᠡᠭᠰᠢᠯᠡᠭᠦᠯᠬᠦ ᠬᠡᠷᠡᠭᠲᠡᠢ᠃ ᠲᠦᠷᠪᠡ ᠳᠤ᠂ ᠰᠠᠯᠠᠭ᠎ᠠ ᠮᠥᠴᠢᠷ ᠤᠨ ᠬᠤᠯᠪᠣᠭᠠᠯᠠᠨ ᠬᠥᠳᠡᠯᠦᠯᠴᠡᠬᠦ ᠶᠢ ᠴᠢᠨᠠᠭᠰᠢᠳᠠ ᠴᠢᠩᠭᠠᠳᠬᠠᠵᠤ᠂ ᠭᠤᠣᠯ ᠨᠠᠭᠤᠷ ᠢ ᠬᠠᠮᠢᠶᠠᠷᠴᠤ ᠬᠠᠮᠠᠭᠠᠯᠠᠬᠤ ᠬᠦᠴᠦᠷᠬᠡᠭ ᠶᠡᠭᠡ ᠬᠠᠮᠲᠤᠷᠠᠯ ᠤᠨ ᠬᠦᠴᠦᠨ ᠢ ᠪᠦᠷᠢᠯᠳᠦᠭᠦᠯᠵᠦ᠂ ᠭᠤᠣᠯ ᠨᠠᠭᠤᠷ ᠤᠨ ᠳᠠᠷᠤᠭ᠎ᠠ ᠶᠢᠨ ᠳᠦᠷᠢᠮ ᠢ ︽ᠨᠡᠷ᠎ᠡ ᠲᠠᠢ ᠬᠠᠷᠢᠭᠤᠴᠠᠯᠭ᠎ᠠ ᠲᠠᠢ︾ ᠪᠠᠶᠢᠭᠰᠠᠨ ᠠᠴᠠ ᠪᠠᠨ ︽ᠴᠢᠳᠠᠪᠤᠷᠢ ᠲᠠᠢ ᠦᠷ᠎ᠡ ᠪᠦᠲᠦᠮᠵᠢᠲᠡᠢ︾ ᠪᠣᠯᠭᠠᠵᠤ᠂ ᠠᠷᠠᠳ ᠲᠦᠮᠡᠨ ᠳᠤ ᠪᠤᠶᠠᠨ ᠢᠪᠡᠬᠡᠬᠦ ᠵᠣᠯ ᠵᠢᠷᠭᠠᠯᠲᠤ ᠭᠤᠣᠯ ᠨᠠᠭᠤᠷ ᠢ ᠴᠢᠷᠮᠠᠶᠢᠨ ᠪᠦᠳᠦᠬᠡᠨ ᠪᠠᠶᠢᠭᠤᠯᠤᠨ᠎ᠠ᠃
 
ᠢᠷᠡᠯᠲᠡ᠄ ᠰᠢᠯᠢ ᠶᠢᠨ ᠬᠤᠲᠠ ᠶᠢᠨ ᠵᠠᠰᠠᠭ ᠤᠨ ᠶᠠᠪᠣᠳᠠᠯ ᠤᠨ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号