ᠣᠶᠢᠷ᠎ᠠ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ︽ | ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠰᠢᠯᠢᠳᠡᠭᠵᠢᠭᠦᠯᠦᠨ ᠵᠠᠰᠠᠭ ᠵᠠᠬᠢᠷᠭᠠᠨ ᠤ ᠴᠢᠳᠠᠮᠵᠢ ᠶᠢ ᠳᠡᠭᠡᠭᠰᠢᠯᠡᠭᠦᠯᠵᠦ ︿ | ᠥᠨᠳᠥᠷ ᠪᠦᠲᠦᠮᠵᠢᠲᠡᠶ ᠪᠠᠷ ᠨᠢᠭᠡ ᠠᠵᠢᠯ ᠶᠠᠪᠤᠳᠠᠯ ᠢ ᠭᠦᠢᠴᠡᠳᠬᠡᠬᠦ﹀ ᠶᠢ ᠠᠬᠢᠭᠤᠯᠬᠤ ᠲᠤᠬᠠᠢ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠬᠡᠷᠡᠭᠵᠢᠭᠦᠯᠬᠦ ᠰᠠᠨᠠᠯ ︾ ︵ᠥᠪᠥᠷ ᠵᠠᠰᠠᠭ ᠲᠠᠷᠬᠠᠭᠠᠭᠰᠠᠨ ﹇2024﹈ 15 ᠳ᠋ᠤᠭᠠᠷ | ᠲᠣᠭᠠᠲᠤ᠂ ᠳᠣᠷᠣᠭᠰᠢ ︽ᠬᠡᠷᠡᠭᠵᠢᠭᠦᠯᠬᠦ ᠰᠠᠨᠠᠯ ︾ ᠭᠡᠵᠦ ᠲᠣᠪᠴᠢᠯᠠᠪᠠ ︶ ᠢ ᠳᠠᠷᠤᠮᠠᠯᠯᠠᠨ ᠲᠠᠷᠬᠠᠭᠠᠵᠤ᠂ ᠡᠯ᠎ᠡ ᠭᠠᠵᠠᠷ | ᠡᠯ᠎ᠡ ᠰᠠᠯᠠᠭ᠎ᠠ ᠮᠥᠴᠢᠷ ᠵᠢᠴᠢ ᠨᠡᠶᠢᠭᠡᠮ ᠨᠡᠶᠢᠲᠡ ᠬᠠᠮᠢᠶ᠎ᠠ ᠪᠦᠬᠦᠢ ᠠᠭᠤᠯᠭ᠎ᠠ ᠶᠢ ᠨᠠᠩ ᠰᠠᠶᠢᠨ ᠣᠶᠢᠯᠠᠭᠠᠬᠤ ᠳᠤ | ᠳᠥᠭᠦᠮᠯᠡᠬᠦ ᠶᠢᠨ ᠲᠥᠯᠥᠭᠡ᠂ ︽ᠬᠡᠷᠡᠭᠵᠢᠭᠦᠯᠬᠦ ᠰᠠᠨᠠᠯ︾ ᠤᠨ ᠬᠠᠮᠢᠶ᠎ᠠ ᠪᠦᠬᠦᠢ ᠠᠭᠤᠯᠭ᠎ᠠ ᠳᠤ ᠳᠠᠷᠠᠭᠠᠬᠢ ᠮᠡᠲᠦ ᠲᠠᠶᠢᠯᠤᠮᠵᠢ | ᠬᠢᠪᠡ᠃ | ᠨᠢᠭᠡ᠂ ᠨᠡᠶᠢᠲᠡᠯᠡᠭᠰᠡᠨ ᠠᠬᠤᠢ ᠪᠠᠶᠢᠳᠠᠯ | 2024 ᠣᠨ ᠤ 1 ᠳ᠋ᠦ᠋ᠭᠡᠷ ᠰᠠᠷ᠎ᠠ ᠳᠤ᠂ ᠲᠥᠷᠥ ᠶᠢᠨ ᠶᠠᠪᠤᠳᠠᠯ ᠤᠨ ᠬᠤᠷᠢᠶ᠎ᠠ ︽ᠵᠠᠰᠠᠭ ᠤᠨ ᠶᠠᠪᠤᠳᠠᠯ ᠤᠨ | ᠦᠢᠯᠡᠴᠢᠯᠡᠭᠡ ᠶᠢ ᠤᠯᠠᠮ ᠨᠢᠭᠡ ᠠᠯᠬᠤᠮ ᠰᠢᠯᠢᠳᠡᠭᠵᠢᠭᠦᠯᠦᠨ ᠵᠠᠰᠠᠭ ᠵᠠᠬᠢᠷᠭᠠᠨ ᠤ ᠴᠢᠳᠠᠮᠵᠢ ᠶᠢ ᠳᠡᠭᠡᠭᠰᠢᠯᠡᠭᠦᠯᠵᠦ ︿ᠥᠨᠳᠥᠷ | ᠪᠦᠲᠦᠮᠵᠢᠲᠡᠶ ᠪᠠᠷ ᠨᠢᠭᠡ ᠠᠵᠢᠯ ᠶᠠᠪᠤᠳᠠᠯ ᠢ ᠭᠦᠢᠴᠡᠳᠬᠡᠬᠦ﹀ ᠶᠢ ᠠᠬᠢᠭᠤᠯᠬᠤ ᠲᠤᠬᠠᠢ ᠵᠢᠯᠤᠭᠤᠳᠬᠤ ᠰᠠᠨᠠᠯ ︾ ︵ᠲᠥᠷᠥ | ᠲᠠᠷᠬᠠᠭᠠᠭᠰᠠᠨ ﹇2024﹈ 3 ᠳ᠋ᠤᠭᠠᠷ ᠲᠣᠭᠠᠲᠤ ︶ ᠢ ᠳᠠᠷᠤᠮᠠᠯᠯᠠᠨ ᠲᠠᠷᠬᠠᠭᠠᠵᠤ᠂ 16 ᠵᠤᠷᠪᠤᠰ ᠭᠤᠣᠯᠳᠠᠯᠭ᠎ᠠ ᠲᠠᠢ | ᠡᠭᠦᠷᠭᠡ ᠶᠢ ᠳᠤᠷᠠᠳᠴᠤ᠂ ︽ᠥᠨᠳᠥᠷ ᠪᠦᠲᠦᠮᠵᠢᠲᠡᠶ ᠪᠠᠷ ᠨᠢᠭᠡ ᠠᠵᠢᠯ ᠶᠠᠪᠤᠳᠠᠯ ᠢ ᠭᠦᠢᠴᠡᠳᠬᠡᠬᠦ︾ ᠭᠤᠣᠯᠳᠠᠯᠭ᠎ᠠ ᠲᠠᠢ | ᠵᠦᠢᠯᠡᠰ ᠤᠨ 13 ᠨᠠᠷᠢᠨ ᠲᠠᠩᠰᠠ ᠶᠢ ᠲᠣᠳᠣᠷᠬᠠᠢ ᠲᠣᠭᠲᠠᠭᠠᠪᠠ᠃ ᠲᠥᠷᠥ ᠶᠢᠨ ᠶᠠᠪᠤᠳᠠᠯ ᠤᠨ ᠬᠤᠷᠢᠶᠠᠨ ᠤ | ᠪᠠᠶᠢᠷᠢᠯᠠᠭᠤᠯᠤᠯᠲᠠ ᠱᠠᠭᠠᠷᠳᠠᠯᠭ᠎ᠠ ᠶᠢ ᠰᠠᠶᠢᠲᠤᠷ ᠨᠠᠶᠢᠳᠠᠪᠤᠷᠢᠵᠢᠭᠤᠯᠬᠤ ᠶᠢᠨ ᠲᠥᠯᠥᠭᠡ᠂ ᠥᠪᠡᠷᠲᠡᠭᠡᠨ ᠵᠠᠰᠠᠬᠤ ᠣᠷᠣᠨ ᠤ | ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠠᠵᠢᠯ ᠤᠨ ᠲᠣᠬᠢᠷᠠᠭᠤᠯᠤᠯᠲᠠ ᠶᠢ ᠦᠨᠳᠦᠰᠦᠯᠡᠨ᠂ ᠥᠪᠡᠷᠲᠡᠭᠡᠨ ᠵᠠᠰᠠᠬᠤ | ᠣᠷᠣᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡ ᠪᠠ ᠳ᠋ᠠᠶᠢᠲ᠋ᠠ ᠶᠢᠨ ᠬᠠᠮᠢᠶᠠᠷᠤᠯᠲᠠ ᠶᠢᠨ ᠲᠣᠪᠴᠢᠶ᠎ᠠ ᠲᠦᠷᠦᠭᠦᠯᠡᠨ ︽ | ᠬᠡᠷᠡᠭᠵᠢᠭᠦᠯᠬᠦ ᠰᠠᠨᠠᠯ︾ ᠢ ᠰᠤᠳᠤᠯᠤᠨ ᠲᠤᠭᠤᠷᠪᠢᠪᠠ᠃ ︽ᠬᠡᠷᠡᠭᠵᠢᠭᠦᠯᠬᠦ ᠰᠠᠨᠠᠯ︾ ᠳᠤ ᠤᠷᠢᠳ ᠬᠤᠵᠢᠳ 12 ᠠᠶᠢᠮᠠᠭ | ᠬᠤᠲᠠ᠂ ᠥᠪᠡᠷᠲᠡᠭᠡᠨ ᠵᠠᠰᠠᠬᠤ ᠣᠷᠣᠨ ᠤ ᠰᠢᠭᠤᠳ ᠬᠠᠷᠢᠶ᠎ᠠ 39 ᠰᠠᠯᠠᠭ᠎ᠠ ᠮᠥᠴᠢᠷ ᠤᠨ ᠰᠠᠨᠠᠯ ᠢ ᠬᠤᠷᠢᠶᠠᠵᠤ᠂ | ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠬᠠᠤᠯᠢ ᠶᠣᠰᠣᠴᠢ ᠴᠢᠨᠠᠷ ᠢ ᠨᠢ | ᠬᠢᠨᠠᠨ ᠪᠠᠶᠢᠴᠠᠭᠠᠵᠤ᠂ 2024 ᠣᠨ ᠤ 4 ᠳ᠋ᠦ᠋ᠭᠡᠷ ᠰᠠᠷ᠎ᠠ ᠶᠢᠨ 25 ᠤ ᠡᠳᠦᠷ ᠤᠨ ᠥᠪᠡᠷᠲᠡᠭᠡᠨ ᠵᠠᠰᠠᠬᠤ ᠣᠷᠣᠨ ᠤ | ᠵᠠᠰᠠᠭ ᠤᠨ ᠣᠷᠳᠣᠨ ᠤ 12 ᠳ᠋ᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠢᠶᠠᠷ ᠬᠢᠨᠠᠨ ᠵᠥᠪᠯᠡᠵᠦ ᠪᠠᠲᠤᠯᠠᠭᠤᠯᠪᠠ᠃ | ᠬᠤᠶᠠᠷ᠂ ᠭᠤᠣᠯ ᠠᠭᠤᠯᠭ᠎ᠠ | ︽ᠬᠡᠷᠡᠭᠵᠢᠭᠦᠯᠬᠦ ᠰᠠᠨᠠᠯ ︾ ᠳᠤ ᠶᠡᠷᠦᠩᠬᠡᠢ ᠬᠠᠷᠠᠯᠲᠠ᠂ ᠭᠤᠣᠯ ᠡᠭᠦᠷᠭᠡ ᠪᠠ ᠵᠣᠬᠢᠶᠠᠨ ᠪᠠᠶᠢᠭᠤᠯᠤᠯᠲᠠ ᠶᠢᠨ | ᠪᠠᠲᠤᠯᠠᠭ᠎ᠠ ᠵᠡᠷᠭᠡ 3 ᠬᠡᠰᠡᠭ ᠢ ᠪᠠᠭᠲᠠᠭᠠᠨ᠎ᠠ᠃ | ︵ᠨᠢᠭᠡ ︶ ᠶᠡᠷᠦᠩᠬᠡᠢ ᠬᠠᠷᠠᠯᠲᠠ᠃ ᠬᠤᠶᠠᠷ ᠱᠠᠲᠤᠨ ᠤ ᠠᠵᠢᠯ ᠤᠨ ᠬᠠᠷᠠᠯᠲᠠ ᠶᠢ ᠳᠤᠷᠠᠳᠪᠠ᠄ 2024 | ᠣᠨ ᠳᠤ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ︽ᠨᠢᠭᠡ ᠰᠦᠯᠵᠢᠶ᠎ᠡ᠂ ᠨᠢᠭᠡ ᠰᠠᠯᠠᠭ᠎ᠠ᠂ ᠨᠢᠭᠡ ᠱᠤᠭᠤᠮ︾ ᠤᠨ | ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ ︽5 + 8 +3+ N ︾ ︽ᠨᠢᠭᠡ ᠠᠵᠢᠯ ᠶᠠᠪᠤᠳᠠᠯ︾ ︵︽5︾ | ᠨᠢ ᠰᠦᠯᠵᠢᠶᠡᠨ ᠳᠤ ᠣᠷᠣᠭᠤᠯᠤᠭᠰᠠᠨ 5 ︽ᠨᠢᠭᠡ ᠠᠵᠢᠯ ᠶᠠᠪᠤᠳᠠᠯ︾ ᠢ ᠳᠡᠰ ᠳᠡᠪᠰᠢᠭᠦᠯᠬᠦ ︽8︾ ᠨᠢ ᠲᠥᠷᠥ ᠶᠢᠨ | ᠶᠠᠪᠤᠳᠠᠯ ᠤᠨ ᠬᠤᠷᠢᠶᠠᠨ ᠤ ᠰᠢᠨ᠎ᠡ ᠪᠠᠷ ᠨᠡᠮᠡᠭᠰᠡᠨ 8 ︽ᠨᠢᠭᠡ ᠠᠵᠢᠯ ᠶᠠᠪᠤᠳᠠᠯ︾ ᠢ ᠬᠠᠮᠲᠤᠷᠠᠨ ᠰᠢᠢᠳᠪᠦᠷᠢᠯᠡᠬᠦ᠂ ︽3︾ | ᠨᠢ ᠥᠪᠡᠷᠲᠡᠭᠡᠨ ᠵᠠᠰᠠᠬᠤ ᠣᠷᠣᠨ ᠤ ᠲᠣᠭᠲᠠᠭᠠᠭᠰᠠᠨ 3 ᠢᠨᠵᠧᠨᠧᠷᠢᠩ ᠤᠨ ᠬᠦᠷᠢᠶᠡᠨ ᠳᠠᠬᠢ ︽ᠨᠢᠭᠡ ᠠᠵᠢᠯ ᠶᠠᠪᠤᠳᠠᠯ︾ | ᠢ ᠬᠦᠴᠦ ᠪᠠᠨ ᠨᠡᠶᠢᠯᠡᠭᠦᠯᠦᠨ ᠰᠠᠶᠢᠲᠤᠷ ᠠᠳᠬᠤᠬᠤ᠂ ︽N︾ ᠨᠢ ᠡᠯ᠎ᠡ ᠭᠠᠵᠠᠷ ᠣᠷᠣᠨ ᠤ ᠣᠷᠣᠨ ᠨᠤᠲᠤᠭ ᠤᠨ | ᠣᠨᠴᠠᠯᠢᠭ ᠲᠠᠢ N ︽ᠨᠢᠭᠡ ᠠᠵᠢᠯ ᠶᠠᠪᠤᠳᠠᠯ︾ ᠢᠰᠢᠨᠡ ᠶᠢ ᠡᠭᠦᠳᠦᠨ ᠠᠬᠢᠭᠤᠯᠬᠤ ᠶᠢ ᠥᠷᠭᠡᠨ ᠢᠶᠠᠷ ᠳᠠᠶᠢᠴᠢᠯᠠᠬᠤ︶ ᠢ | ᠥᠨᠳᠥᠷ ᠪᠦᠲᠦᠮᠵᠢᠲᠡᠶ ᠪᠠᠷ ᠭᠦᠢᠴᠡᠳᠬᠡᠬᠦ ᠶᠢ ᠨᠢᠭᠡᠳᠦᠯᠲᠡᠢ ᠲᠥᠯᠥᠪᠯᠡᠨ ᠠᠬᠢᠭᠤᠯᠤᠨ᠎ᠠ᠃ ᠭᠤᠣᠯᠳᠠᠯᠭ᠎ᠠ ᠲᠠᠢ ᠵᠦᠢᠯᠡᠰ ᠤᠨ | ᠨᠠᠷᠢᠨ ᠲᠠᠩᠰᠠ ᠶᠢᠨ ᠬᠠᠮᠢᠶᠠᠷᠤᠯᠲᠠ ᠶᠢᠨ ᠲᠣᠭᠲᠠᠴᠠ ᠪᠠ ᠪᠠᠶᠢᠩᠭᠤ ᠠᠬᠢᠭᠤᠯᠬᠤ ᠲᠣᠭᠲᠠᠴᠠ ᠶᠢ ᠪᠦᠷᠢᠨᠰᠢᠭᠦᠯᠵᠦ᠂ | ᠰᠦᠯᠵᠢᠶᠡᠨ ᠳᠡᠭᠡᠷᠡᠬᠢ ᠪᠠ ᠰᠦᠯᠵᠢᠶᠡᠨ ᠠᠴᠠ ᠭᠠᠳᠠᠨᠠᠬᠢ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠴᠢᠳᠠᠮᠵᠢ ᠶᠢ | ᠪᠦᠬᠦᠯᠢ ᠴᠣᠭᠴᠠ ᠪᠠᠷ ᠳᠡᠭᠡᠭᠰᠢᠯᠡᠭᠦᠯᠬᠦ ᠶᠢ ᠠᠬᠢᠭᠤᠯᠵᠤ᠂ 12345 ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ | ᠠᠷᠠᠳ ᠲᠤ ᠳᠥᠭᠦᠮᠯᠡᠬᠦ ᠬᠠᠯᠠᠮᠰᠢᠯ ᠤᠲᠠᠰᠤ ᠶᠢ ᠰᠠᠭᠠᠳ ᠦᠭᠡᠢ ᠪᠥᠭᠡᠳ ᠥᠨᠳᠥᠷ ᠪᠦᠲᠦᠮᠵᠢᠲᠡᠶ ᠪᠠᠷ ᠨᠠᠪᠲᠠᠷᠡᠭᠦᠯᠵᠦ᠂ | ᠡᠷᠴᠢᠮᠵᠢᠭᠦᠯᠦᠨ ᠠᠵᠢᠯ ᠶᠠᠪᠤᠳᠠᠯ ᠭᠦᠢᠴᠡᠳᠬᠡᠬᠦ᠂ ᠣᠶᠤᠨᠲᠤ ᠦᠢᠯᠡᠴᠢᠯᠡᠭᠡᠨ ᠤ ᠲᠠᠯ᠎ᠠ ᠪᠠᠷ ᠰᠢᠨ᠎ᠡ ᠰᠢᠪᠲᠤᠯᠤᠯᠲᠠ ᠲᠠᠢ | ᠪᠣᠯᠭᠠᠨ᠎ᠠ᠃ 2027 ᠣᠨ ᠪᠣᠯᠬᠤ ᠳᠤ᠂ ᠨᠡᠶᠢᠳᠡᠮ ᠬᠦᠷᠲᠡᠬᠦ᠋ᠢᠴᠡ᠂ ᠣᠶᠤᠨᠲᠤ ᠳᠥᠭᠦᠮ᠂ ᠡᠷᠬᠡ ᠲᠡᠭᠰᠢ ᠨᠡᠶᠢᠳᠡᠮ ᠳᠤ | ᠠᠰᠢᠭᠲᠠᠢ ᠥᠨᠳᠥᠷ ᠦᠷ᠎ᠡ ᠪᠦᠲᠦᠮᠵᠢᠲᠡᠶ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠭᠲᠠᠯᠴᠠᠭ᠎ᠠ ᠶᠢ | ᠦᠨᠳᠦᠰᠦᠨ ᠳᠤ ᠪᠠᠨ ᠪᠣᠶ ᠪᠣᠯᠭᠠᠵᠤ᠂ ︽ᠮᠥᠩᠬᠡ ᠰᠤᠪᠠᠭ︾ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠨᠠᠷᠠᠲᠤ ᠲᠥᠷᠥᠯ | ᠲᠡᠮᠳᠡᠭᠲᠦ ᠶᠢ ᠪᠥᠬᠦ ᠲᠠᠯ᠎ᠠ ᠪᠠᠷ ᠡᠬᠢᠯᠡᠭᠦᠯᠵᠦ᠂ ᠠᠵᠤ ᠠᠬᠤᠶᠢᠯᠠᠯ ᠪᠠ ᠣᠯᠠᠨ ᠲᠦᠮᠡᠨ ᠤ ᠠᠵᠢᠯ ᠶᠠᠪᠤᠳᠠᠯ ᠭᠦᠢᠴᠡᠳᠬᠡᠬᠦ | ᠬᠠᠨᠤᠮᠵᠢ ᠪᠠ ᠬᠦᠷᠲᠡᠮᠵᠢ ᠶᠢᠨ ᠲᠥᠷᠥᠭᠳᠡᠯ ᠢ ᠨᠢ ᠶᠡᠭᠡ ᠪᠠᠷ ᠳᠡᠭᠡᠭᠰᠢᠯᠡᠭᠦᠯᠦᠨ᠎ᠡ᠃ | ︵ᠬᠤᠶᠠᠷ︶ ᠭᠤᠣᠯ ᠡᠭᠦᠷᠭᠡ᠃ 3 ᠲᠠᠯ᠎ᠠ ᠶᠢᠨ 11 ᠵᠤᠷᠪᠤᠰ ᠪᠣᠳᠠᠲᠠᠢ ᠡᠭᠦᠷᠭᠡ ᠶᠢ ᠳᠤᠷᠠᠳᠪᠠ᠄ ᠨᠢᠭᠡ ᠳᠤ᠂ | ᠬᠤᠯᠪᠣᠭᠳᠠᠬᠤ ᠵᠦᠢᠯᠡᠰ ᠢ ᠲᠥᠪᠯᠡᠷᠡᠭᠦᠯᠦᠨ ᠭᠦᠢᠴᠡᠳᠬᠡᠬᠦ ᠶᠢ ᠬᠦᠴᠦᠲᠡᠢ ᠠᠬᠢᠭᠤᠯᠤᠨ᠎ᠠ᠃ ︽ᠨᠢᠭᠡ ᠠᠵᠢᠯ ᠶᠠᠪᠤᠳᠠᠯ︾ | ᠤᠨ ᠥᠭᠡᠷᠡᠴᠢᠯᠡᠯᠲᠡ ᠶᠢ ᠳᠡᠰ ᠳᠡᠪᠰᠢᠭᠦᠯᠵᠦ᠂ ︽ᠨᠢᠭᠡ ᠠᠵᠢᠯ ᠶᠠᠪᠤᠳᠠᠯ︾ ᠤᠨ ᠬᠡᠪᠴᠢᠶ᠎ᠡ ᠶᠢ ᠥᠷᠭᠡᠳᠬᠡᠵᠦ᠂ ︽ᠨᠢᠭᠡ | ᠠᠵᠢᠯ ᠶᠠᠪᠤᠳᠠᠯ︾ ᠢ ᠭᠦᠢᠴᠡᠳᠬᠡᠬᠦ ᠶᠢ ᠥᠨᠳᠥᠷ ᠪᠦᠲᠦᠮᠵᠢᠲᠡᠶ ᠪᠠᠷ ᠠᠬᠢᠭᠤᠯᠵᠤ᠂ ᠬᠤᠯᠪᠣᠭᠳᠠᠯ ᠢᠶᠠᠷ ᠴᠢᠩᠭ᠎ᠠ᠂ ᠠᠵᠢᠯ | ᠶᠠᠪᠤᠳᠠᠯ ᠭᠦᠢᠴᠡᠳᠬᠡᠬᠦ ᠬᠡᠷᠡᠭᠴᠡᠭᠡ ᠪᠠᠷ ᠶᠡᠭᠡ᠂ ᠠᠵᠤ ᠠᠬᠤᠶᠢᠯᠠᠯ ᠪᠠ ᠣᠯᠠᠨ ᠲᠦᠮᠡᠨ ᠤ ᠬᠦᠷᠲᠡᠮᠵᠢ ᠶᠢᠨ ᠲᠥᠷᠥᠭᠳᠡᠯ ᠢᠶᠠᠷ | ᠴᠢᠩᠭ᠎ᠠ ᠰᠠᠯᠠᠭ᠎ᠠ ᠮᠥᠴᠢᠷ ᠠᠯᠤᠰᠯᠠᠭᠰᠠᠨ᠂ ᠲᠠᠰ ᠳᠠᠪᠬᠤᠷᠭ᠎ᠠ ᠠᠯᠤᠰᠯᠠᠭᠰᠠᠨ ᠨᠡᠩ ᠣᠯᠠᠨ ᠵᠦᠢᠯᠡᠰ ᠢ ᠲᠥᠪᠯᠡᠷᠡᠭᠦᠯᠦᠨ | ᠭᠦᠢᠴᠡᠳᠬᠡᠬᠦ ᠶᠢ ᠵᠢᠯ ᠳᠠᠷᠠᠭᠠᠯᠠᠨ ᠪᠦᠯᠦᠭ ᠬᠤᠪᠢᠶᠠᠨ ᠠᠬᠢᠭᠤᠯᠤᠨ᠎ᠠ᠃ ᠬᠤᠶᠠᠷ ᠲᠤ᠂ ᠴᠢᠳᠠᠮᠵᠢ ᠶᠢ ᠳᠡᠭᠡᠭᠰᠢᠯᠡᠭᠦᠯᠬᠦ | ᠰᠢᠪᠲᠤᠯᠤᠯᠲᠠ ᠶᠢ ᠭᠦᠨᠵᠡᠭᠡᠢ ᠥᠷᠨᠢᠭᠦᠯᠦᠨ᠎ᠡ᠃ ᠵᠠᠰᠠᠭ ᠤᠨ ᠶᠠᠪᠤᠳᠠᠯ ᠤᠨ ᠬᠠᠯᠠᠮᠰᠢᠯ ᠤᠲᠠᠰᠤ ᠶᠢᠨ ᠶᠠᠰᠤ ᠴᠢᠨᠠᠷ ᠦᠷ᠎ᠡ | ᠪᠦᠲᠦᠮᠵᠢ ᠶᠢᠨ ᠰᠢᠪᠲᠤᠯᠤᠯᠲᠠ ᠶᠢ ᠳᠡᠭᠡᠭᠰᠢᠯᠡᠭᠦᠯᠵᠦ᠂ ᠳᠥᠭᠦᠮ ᠳᠥᠲᠡ᠂ ᠥᠨᠳᠥᠷ ᠪᠦᠲᠦᠮᠵᠢᠲᠡᠢ᠂ ᠵᠢᠷᠤᠮᠵᠢᠯ ᠲᠠᠢ᠂ | ᠣᠶᠤᠨᠲᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ︽ᠶᠡᠷᠦᠩᠬᠡᠢ ᠦᠢᠯᠡᠴᠢᠯᠡᠭᠡ︾ ᠶᠢ ᠪᠣᠶ ᠪᠣᠯᠭᠠᠨ᠎ᠠ᠃ ᠲᠠᠪᠴᠠᠩ ᠤᠨ | ᠲᠤᠰᠠᠯᠠᠬᠤ ᠴᠢᠳᠠᠮᠵᠢ ᠶᠢᠨ ᠰᠢᠪᠲᠤᠯᠤᠯᠲᠠ ᠶᠢ ᠴᠢᠩᠭᠠᠳᠬᠠᠵᠤ᠂ ᠪᠥᠬᠦ ᠣᠷᠣᠨ ᠤ ᠨᠢᠭᠡ ᠴᠣᠭᠴᠠᠵᠢᠭᠤᠯᠤᠭᠰᠠᠨ ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ᠲᠠᠪᠴᠠᠩ ᠢ ᠰᠢᠯᠢᠳᠡᠭᠵᠢᠭᠦᠯᠦᠨ ᠲᠠᠰ ᠳᠡᠪᠰᠢᠭᠦᠯᠵᠦ᠂ ᠪᠥᠬᠦ ᠣᠷᠣᠨ ᠤ ᠨᠢᠭᠡᠳᠦᠯᠲᠡᠢ | ᠲᠤᠬᠠᠶᠢᠯᠠᠭᠰᠠᠨ ᠠᠵᠢᠯ ᠤᠨ ᠲᠤᠰᠠᠯᠠᠮᠵᠢ ᠶᠢᠨ ᠬᠡᠷᠡᠭᠴᠡᠭᠡ ᠶᠢ ᠨᠠᠩ ᠰᠠᠶᠢᠲᠤᠷ ᠬᠠᠩᠭᠠᠨ᠎ᠠ᠃ ᠳ᠋ᠢᠭᠢᠲ᠋ᠠᠯ ᠮᠡᠷᠭᠡᠵᠢᠯ ᠢᠶᠠᠷ | ᠡᠷᠴᠢᠮᠯᠡᠬᠦ ᠰᠢᠪᠲᠤᠯᠤᠯᠲᠠ ᠶᠢ ᠴᠢᠩᠭᠠᠳᠬᠠᠵᠤ᠂ ᠳ᠋ᠠᠶᠢᠲ᠋ᠠ ᠶᠢᠨ ᠠᠮᠤᠷ ᠲᠦᠪᠰᠢᠨ᠂ ᠡᠮᠬᠢ ᠵᠢᠷᠤᠮ ᠲᠠᠢ᠂ ᠥᠨᠳᠥᠷ | ᠪᠦᠲᠦᠮᠵᠢᠲᠡᠢ ᠠᠰᠢᠭᠯᠠᠯᠲᠠ ᠶᠢ ᠠᠬᠢᠭᠤᠯᠤᠨ᠎ᠠ᠃ ᠠᠵᠢᠯ ᠶᠠᠪᠤᠳᠠᠯ ᠭᠦᠢᠴᠡᠳᠬᠡᠬᠦ ᠦᠢᠯᠡᠴᠢᠯᠡᠭᠡᠨ ᠤ ᠪᠡᠶᠡᠴᠢᠯᠡᠨ | ᠥᠩᠭᠡᠷᠡᠭᠦᠯᠬᠦ ᠶᠢᠨ ᠰᠢᠪᠲᠤᠯᠤᠯᠲᠠ ᠶᠢ ᠰᠢᠯᠢᠳᠡᠭᠵᠢᠭᠦᠯᠵᠦ᠂ ᠳᠤᠲᠠᠭᠳᠠᠵᠤ ᠪᠠᠶᠢᠭ᠎ᠠ ᠵᠦᠢᠯᠡᠰ ᠢ ᠠᠮᠠᠯᠠᠨ ᠭᠦᠢᠴᠡᠳᠬᠡᠬᠦ᠂ | ᠣᠨᠳᠣᠣ ᠭᠠᠵᠠᠷ ᠤᠨ ᠵᠦᠢᠯᠡᠰ ᠢ ᠣᠷᠣᠨ ᠪᠦᠰᠡ ᠠᠯᠤᠰᠯᠠᠨ ᠭᠦᠢᠴᠡᠳᠬᠡᠬᠦ᠂ ᠲᠥᠷᠥ ᠶᠢᠨ ᠪᠣᠳᠣᠯᠭ᠎ᠠ ᠶᠢᠨ ᠦᠢᠯᠡᠴᠢᠯᠡᠭᠡ ᠶᠢ | ᠭᠤᠶᠤᠴᠢᠯᠠᠬᠤ ᠦᠭᠡᠢ ᠪᠠᠷ ᠭᠦᠢᠴᠡᠳᠬᠡᠬᠦ ᠶᠢ ᠠᠬᠢᠭᠤᠯᠤᠨ᠎ᠠ᠃ ᠦᠢᠯᠡᠴᠢᠯᠡᠭᠡᠨ ᠤ ᠬᠡᠪᠴᠢᠶ᠎ᠡ ᠶᠢ ᠥᠷᠭᠡᠳᠬᠡᠨ ᠦᠷ᠎ᠡ | ᠠᠰᠢᠭ ᠢ ᠨᠡᠮᠡᠭᠳᠡᠭᠦᠯᠬᠦ ᠰᠢᠪᠲᠤᠯᠤᠯᠲᠠ ᠶᠢ ᠠᠬᠢᠭᠤᠯᠵᠤ᠂ ᠬᠠᠪᠰᠤᠷᠤᠨ ᠬᠢᠵᠦ ᠣᠷᠣᠯᠠᠨ ᠭᠦᠢᠴᠡᠳᠬᠡᠬᠦ ᠴᠢᠳᠠᠮᠵᠢ ᠶᠢ | ᠳᠡᠭᠡᠭᠰᠢᠯᠡᠭᠦᠯᠬᠦ᠂ ᠨᠡᠶᠢᠲᠡ ᠶᠢᠨ ᠦᠢᠯᠡᠴᠢᠯᠡᠭᠡᠨ ᠤ ᠬᠠᠩᠭᠠᠯᠭ᠎ᠠ ᠶᠢ ᠪᠠᠶᠠᠯᠢᠭᠵᠢᠭᠤᠯᠬᠤ᠂ ᠦᠷᠳᠡᠭ ᠨᠡᠮᠡᠭᠳᠡᠯ ᠤᠨ | ᠦᠢᠯᠡᠴᠢᠯᠡᠭᠡᠨ ᠤ ᠠᠭᠤᠯᠭ᠎ᠠ ᠶᠢ ᠥᠷᠭᠡᠳᠬᠡᠬᠦ ᠵᠡᠷᠭᠡ ᠠᠷᠭ᠎ᠠ ᠬᠡᠮᠵᠢᠶ᠎ᠡ ᠨᠦᠭᠦᠳ ᠢ ᠨᠠᠷᠢᠯᠢᠭᠵᠢᠭᠤᠯᠤᠨ ᠳᠤᠷᠠᠳᠪᠠ᠃ | ᠭᠤᠷᠪᠠ ᠳᠤ᠂ ᠳᠦᠷᠢᠮ ᠤᠨ ᠪᠠᠷᠢᠮᠵᠢᠶ᠎ᠠ ᠶᠢᠨ ᠵᠢᠷᠤᠮᠵᠢᠯ ᠤᠨ ᠲᠣᠭᠲᠠᠯᠴᠠᠭ᠎ᠠ ᠶᠢ ᠪᠦᠷᠢᠨᠰᠢᠭᠦᠯᠦᠨ ᠲᠡᠭᠦᠯᠳᠡᠷᠵᠢᠭᠦᠯᠦᠨ᠎ᠡ᠃ | ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠤᠨ ᠨᠢᠭᠡᠳᠦᠯᠲᠡᠢ ᠪᠠᠷᠢᠮᠵᠢᠶ᠎ᠠ ᠶᠢ ᠪᠠᠶᠢᠭᠤᠯᠵᠤ᠂ ᠠᠳᠠᠯᠢ ᠨᠢᠭᠡᠨ | ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠢ ᠪᠥᠬᠦ ᠣᠷᠣᠨ ᠤ ᠬᠡᠪᠴᠢᠶᠡᠨ ᠳᠤ ᠢᠯᠭᠠᠭ᠎ᠠ ᠦᠭᠡᠢ ᠭᠥᠯᠢᠶᠡᠨ | ᠠᠪᠴᠤ ᠰᠢᠢᠳᠪᠦᠷᠢᠯᠡᠬᠦ᠂ ᠠᠳᠠᠯᠢ ᠪᠠᠷᠢᠮᠵᠢᠶ᠎ᠠ ᠪᠠᠷ ᠭᠦᠢᠴᠡᠳᠬᠡᠬᠦ ᠶᠢ ᠪᠡᠶᠡᠯᠡᠭᠦᠯᠦᠨ᠎ᠡ᠃ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠲᠠᠯᠠᠪᠤᠷ ᠭᠠᠵᠠᠷ ᠤᠨ ᠠᠵᠢᠯ ᠶᠠᠪᠤᠳᠠᠯ ᠭᠦᠢᠴᠡᠳᠬᠡᠬᠦ ᠦᠢᠯᠡᠴᠢᠯᠡᠭᠡ ᠶᠢ ᠵᠢᠷᠤᠮᠵᠢᠭᠤᠯᠵᠤ᠂ ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ︽ᠨᠢᠭᠡ ᠯᠡ ᠡᠭᠦᠳᠡ ᠪᠠᠷ ᠣᠷᠣᠬᠤ︾ ᠶᠢ ᠭᠦᠨᠵᠡᠭᠡᠢ ᠠᠬᠢᠭᠤᠯᠵᠤ᠂ ᠨᠢᠭᠡᠳᠦᠯᠲᠡᠢ ᠭᠥᠯᠢᠶᠡᠨ | ᠠᠪᠴᠤ ᠰᠢᠢᠳᠪᠦᠷᠢᠯᠡᠬᠦ ᠪᠠ ᠨᠢᠭᠡ ᠯᠡ ᠥᠷᠲᠡᠭᠡ ᠪᠠᠷ ᠭᠦᠢᠴᠡᠳᠬᠡᠬᠦ ᠶᠢ ᠪᠡᠶᠡᠯᠡᠭᠦᠯᠦᠨ᠎ᠡ᠃ ᠦᠢᠯᠡᠴᠢᠯᠡᠭᠡᠨ ᠤ ᠴᠢᠳᠠᠮᠵᠢ ᠶᠢ | ᠳᠡᠭᠡᠭᠰᠢᠯᠡᠭᠦᠯᠬᠦ ᠪᠠᠲᠤᠯᠠᠭ᠎ᠠ ᠶᠢᠨ ᠲᠣᠭᠲᠠᠴᠠ ᠶᠢ ᠪᠦᠷᠢᠨᠰᠢᠭᠦᠯᠦᠨ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠴᠣᠩᠬᠤᠨ ᠤ | ᠠᠵᠢᠯᠲᠠᠨ ᠢ ᠬᠥᠮᠥᠵᠢᠭᠦᠯᠬᠦ᠂ ᠬᠡᠷᠡᠭᠯᠡᠬᠦ᠂ ᠦᠨᠡᠯᠡᠬᠦ ᠳᠦᠷᠢᠮ ᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠳᠦᠷᠢᠮ ᠤᠨ ᠬᠠᠩᠭᠠᠯᠭ᠎ᠠ ᠶᠢ ᠴᠢᠩᠭᠠᠳᠬᠠᠨ᠎ᠠ᠃ | ︵ᠭᠤᠷᠪᠠ ︶ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ᠃ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠶᠢ | ᠴᠢᠩᠭᠠᠳᠬᠠᠬᠤ᠂ ᠨᠠᠷᠢᠨ ᠨᠢᠮᠪᠠᠢ ᠵᠣᠬᠢᠶᠠᠨ ᠪᠠᠶᠢᠭᠤᠯᠤᠨ ᠬᠡᠷᠡᠭᠵᠢᠭᠦᠯᠬᠦ᠂ ᠤᠬᠠᠭᠤᠯᠤᠨ ᠳᠡᠯᠭᠡᠷᠡᠭᠦᠯᠬᠦ ᠶᠢ ᠴᠢᠩᠭᠠᠳᠬᠠᠬᠤ ᠵᠡᠷᠭᠡ | ᠲᠠᠯ᠎ᠠ ᠪᠠᠷ ᠪᠣᠳᠠᠲᠠᠢ ᠠᠷᠭ᠎ᠠ ᠬᠡᠮᠵᠢᠶ᠎ᠡ ᠳᠤᠷᠠᠳᠪᠠ᠃ | ᠭᠤᠷᠪᠠ᠂ ᠨᠠᠷᠢᠨ ᠳᠠᠩᠰᠠ ᠶᠢ ᠨᠡᠶᠢᠲᠡᠯᠡᠭᠰᠡᠨ ᠨᠢ | ︽ᠬᠡᠷᠡᠭᠵᠢᠭᠦᠯᠬᠦ ᠰᠠᠨᠠᠯ︾ ᠢ ᠪᠦᠲᠦᠮᠵᠢᠲᠡᠶ ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠬᠤ ᠶᠢᠨ ᠲᠥᠯᠥᠭᠡ᠂ ᠪᠢᠳᠡ | ︽2024 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︿ᠥᠨᠳᠥᠷ ᠪᠦᠲᠦᠮᠵᠢᠲᠡᠶ ᠪᠠᠷ ᠨᠢᠭᠡ ᠠᠵᠢᠯ | ᠶᠠᠪᠤᠳᠠᠯ ᠢ ᠭᠦᠢᠴᠡᠳᠬᠡᠬᠦ﹀ ᠭᠤᠣᠯᠳᠠᠯᠭ᠎ᠠ ᠲᠠᠢ ᠵᠦᠢᠯᠡᠰ ᠤᠨ ᠨᠠᠷᠢᠨ ᠳᠠᠩᠰᠠ︾ ᠶᠢ ᠢᠵᠢ ᠪᠦᠷᠢᠳᠦᠭᠦᠯᠦᠨ ᠲᠣᠭᠲᠠᠭᠠᠵᠤ | ᠨᠡᠶᠢᠲᠡᠯᠡᠪᠡ᠂ ᠡᠭᠦᠨ ᠳᠤ᠂ ︽ᠨᠢᠭᠡ ᠠᠵᠢᠯ ᠶᠠᠪᠤᠳᠠᠯ︾ ᠤᠨ ᠨᠠᠷᠢᠨ ᠳᠠᠩᠰᠠ︾ ᠨᠢ 5 ᠵᠦᠢᠯ ᠪᠣᠶ᠂ ᠡᠭᠦᠨ ᠳᠤ ︽ | ᠬᠤᠭᠤᠯᠠ ᠤᠮᠳᠠ ᠶᠢᠨ ᠳᠡᠯᠭᠡᠭᠦᠷ︾ ᠡᠷᠭᠢᠯᠡᠬᠦ᠂ ᠠᠵᠤ ᠠᠬᠤᠶᠢᠯᠠᠯ ᠤᠨ ᠳᠠᠩᠰᠠᠯᠠᠯᠲᠠ ᠶᠢ ᠬᠠᠰᠤᠬᠤ᠂ ᠰᠠᠶ᠋ᠢ ᠲᠥᠷᠥᠭᠰᠡᠨ | ᠬᠡᠦᠬᠡᠳ᠂ ᠵᠡᠮᠳᠡᠭᠴᠦᠳ ᠲᠤ ᠦᠢᠯᠡᠴᠢᠯᠡᠬᠦ᠂ ᠠᠵᠢᠯ ᠠᠴᠠ ᠪᠠᠨ ᠠᠮᠠᠷᠠᠬᠤ ᠵᠡᠷᠭᠡ ︽ᠨᠢᠭᠡ ᠠᠵᠢᠯ ᠶᠠᠪᠤᠳᠠᠯ︾ ᠤᠨ ᠨᠠᠷᠢᠨ | ᠳᠠᠩᠰᠠ ᠶᠢ ᠪᠠᠭᠲᠠᠭᠠᠨ᠎ᠠ︔ ᠰᠢᠨ᠎ᠡ ᠪᠠᠷ ᠨᠡᠮᠡᠭᠰᠡᠨ ᠪᠦᠲᠦᠭᠡᠨ ᠪᠠᠶᠢᠭᠤᠯᠤᠯᠲᠠ ᠶᠢᠨ ︽ᠨᠢᠭᠡ ᠠᠵᠢᠯ ᠶᠠᠪᠤᠳᠠᠯ︾ ᠤᠨ | ᠨᠠᠷᠢᠨ ᠳᠠᠩᠰᠠ ᠨᠢ 8 ᠵᠦᠢᠯ ᠪᠣᠯᠣᠨ᠎ᠠ᠂ ᠡᠭᠦᠨ ᠳᠤ ᠠᠵᠤ ᠠᠬᠤᠶᠢᠯᠠᠯ ᠤᠨ ᠮᠡᠳᠡᠭᠡ ᠵᠠᠩᠭᠢ ᠶᠢ ᠬᠤᠪᠢᠷᠠᠭᠤᠯᠬᠤ᠂ | ᠲᠡᠭᠡᠭᠡᠪᠦᠷᠢ ᠶᠢᠨ ᠠᠵᠤ ᠠᠬᠤᠶᠢᠯᠠᠯ ᠨᠡᠭᠡᠭᠡᠨ ᠡᠷᠭᠢᠯᠡᠬᠦ᠂ ᠤᠰᠤ ᠴᠠᠬᠢᠯᠭᠠᠨ ᠬᠡᠢ ᠳᠤᠯᠠᠭᠠᠯᠭ᠎ᠠ ᠰᠦᠯᠵᠢᠶ᠎ᠡ ᠶᠢ ᠬᠠᠮᠲᠤᠷᠠᠨ | ᠮᠡᠳᠡᠭᠦᠯᠦᠨ ᠤᠭᠰᠠᠷᠠᠬᠤ᠂ ᠢᠲᠡᠭᠡᠮᠵᠢ ᠶᠢ ᠰᠡᠷᠭᠦᠭᠡᠬᠦ᠂ ᠠᠵᠤ ᠠᠬᠤᠶᠢᠯᠠᠯ ᠤᠨ ᠵᠠᠬ᠎ᠠ ᠳᠡᠯᠭᠡᠭᠦᠷ ᠲᠤ ᠭᠠᠷᠬᠤ ᠶᠢᠨ ᠬᠠᠤᠯᠢ | ᠲᠣᠭᠲᠠᠭᠠᠯ ᠳᠤ ᠨᠡᠶᠢᠴᠡᠬᠦ ᠲᠤᠬᠠᠢ ᠮᠡᠳᠡᠭᠡ ᠵᠠᠩᠭᠢ ᠶᠢ ᠬᠠᠷᠭᠤᠭᠤᠯᠤᠨ ᠪᠠᠶᠢᠴᠠᠭᠠᠬᠤ᠂ ᠠᠵᠤ ᠠᠬᠤᠶᠢᠯᠠᠯ ᠤᠨ ᠳᠠᠮᠫᠤᠷᠠᠯ ᠤᠨ | ᠮᠡᠳᠡᠭᠡ ᠵᠠᠩᠭᠢ ᠶᠢ ᠬᠠᠷᠭᠤᠭᠤᠯᠤᠨ ᠪᠠᠶᠢᠴᠠᠭᠠᠬᠤ᠂ ᠰᠤᠷᠭᠠᠨ ᠬᠥᠮᠦᠵᠢᠯ ᠰᠤᠷᠭᠠᠭᠤᠯᠢ ᠳᠤ ᠣᠷᠣᠬᠤ᠂ ᠨᠡᠶᠢᠭᠡᠮ ᠤᠨ | ᠪᠠᠲᠤᠯᠠᠭ᠎ᠠ ᠶᠢᠨ ᠺᠠᠷᠲ ᠤᠨ ᠰᠠᠭᠤᠭᠠᠯᠢ ᠠᠷᠠᠳ ᠤᠨ ᠦᠢᠯᠡᠴᠢᠯᠡᠭᠡ ᠵᠡᠷᠭᠡ ᠪᠠᠭᠲᠠᠨ᠎ᠠ ︔ ᠢᠨᠵᠧᠨᠧᠷᠢᠩ ᠤᠨ | ᠬᠦᠷᠢᠶᠡᠨ ᠳᠠᠬᠢ ︽ᠨᠢᠭᠡ ᠠᠵᠢᠯ ᠶᠠᠪᠤᠳᠠᠯ︾ ᠤᠨ ᠨᠠᠷᠢᠨ ᠲᠠᠩᠰᠠ ᠨᠢ 3 ᠵᠦᠢᠯ ᠪᠠᠶᠢᠵᠤ᠂ ᠡᠭᠦᠨ ᠳᠤ ᠡᠨᠧᠷᠭᠢ᠂ ᠤᠰᠤᠨ | ᠠᠰᠢᠭᠯᠠᠯᠲᠠ᠂ ᠵᠠᠮ ᠬᠠᠷᠢᠯᠴᠠᠭ᠎ᠠ ᠪᠠᠭᠲᠠᠨ᠎ᠠ᠃ ︽ᠨᠢᠭᠡ ᠠᠵᠢᠯ ᠶᠠᠪᠤᠳᠠᠯ︾ ᠨᠢᠭᠡᠪᠦᠷᠢ ᠶᠢᠨ ᠲᠦᠷᠦᠭᠦᠯᠡᠬᠦ ᠰᠠᠯᠠᠭ᠎ᠠ ᠮᠥᠴᠢᠷ | ᠪᠠ ᠬᠠᠷᠢᠭᠤᠴᠠᠬᠤ ᠰᠠᠯᠠᠭ᠎ᠠ ᠮᠥᠴᠢᠷ ᠢ ᠤᠯᠠᠮ ᠲᠣᠳᠣᠷᠬᠠᠶᠢᠯᠠᠪᠠ᠃ |