ᠪᠠᠶᠠᠨᠬᠦ᠋ᠷᠢᠶ᠎ᠡ ᠮᠠᠯᠵᠢᠯ ᠤᠨ ᠲᠠᠯᠠᠪᠠᠶ ᠳᠤ ︽ᠦᠨᠳᠦᠰᠦᠲᠡᠨ ᠤ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠰᠠᠷ᠎ᠠ︾ ︽ᠦᠨᠳᠦᠰᠦᠲᠡᠨ ᠤ ᠬᠠᠤᠯᠢ ᠪᠠᠷ ᠵᠠᠰᠠᠬᠤ ᠤᠬᠠᠭᠤᠯᠭ᠎ᠠ ᠶᠢᠨ ᠭᠠᠷᠠᠭ︾ ᠵᠢᠴᠢ ︽ᠦᠨᠳᠦᠰᠦᠲᠡᠨ ᠤ ᠬᠠᠤᠯᠢ ᠪᠠᠷ ᠵᠠᠰᠠᠬᠤ ᠲᠥᠷᠥ ᠶᠢᠨ ᠪᠣᠳᠣᠯᠭ᠎ᠠ ᠶᠢ ᠬᠤᠪᠢᠶᠠᠷᠢ ᠲᠠᠯᠠᠪᠠᠶ ᠳᠤ ᠣᠷᠣᠭᠤᠯᠬᠤ᠂ ᠨᠡᠶᠢᠭᠡᠮ ᠲᠣᠭᠤᠷᠢᠭ ᠲᠤ ᠣᠷᠣᠭᠤᠯᠬᠤ︾ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/5/19
     ᠰᠢ ᠶᠢᠨ ᠫᠢᠩ ᠶᠡᠷᠦᠩᠬᠡᠢ ᠱᠦᠵᠢ ᠶᠢᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠵᠢᠴᠢ ᠥᠪᠥᠷ ᠮᠣᠩᠭᠤᠯ ᠳᠤ ᠥᠭᠭᠦᠭᠰᠡᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ ᠭᠤᠣᠯ ᠰᠢᠵᠢᠮ ᠪᠣᠯᠭᠠᠵᠤ᠂ ᠨᠠᠮ ᠤᠨ ᠦᠨᠳᠦᠰᠦᠲᠡᠨ ᠤ ᠤᠨᠤᠯ ᠲᠦᠷᠦ ᠶᠢᠨ ᠪᠣᠳᠣᠯᠭ᠎ᠠ ᠪᠣᠯᠣᠨ ᠬᠠᠤᠯᠢ ᠴᠠᠭᠠᠵᠠ ᠬᠠᠤᠯᠢ ᠲᠣᠭᠲᠠᠭᠠᠯ ᠤᠨ ᠤᠬᠠᠭᠤᠯᠭ᠎ᠠ ᠶᠢ ᠶᠡᠬᠡᠪᠡᠷ ᠴᠢᠩᠭᠠᠳᠬᠠᠵᠤ ᠂ ᠣᠶᠢᠷ᠎ᠠ ᠶᠢᠨ ᠡᠳᠦᠷ᠂  ᠪᠠᠶᠠᠨᠬᠦ᠋ᠷᠢᠶ᠎ᠡ ᠮᠠᠯᠵᠢᠯ ᠤᠨ ᠲᠠᠯᠠᠪᠠᠢ ᠳᠤ ︽ᠦᠨᠳᠦᠰᠦᠲᠡᠨ ᠤ ᠲᠦᠷᠦ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠰᠠᠷ᠎ᠠ︾᠂ ︽ᠦᠨᠳᠦᠰᠦᠲᠡᠨ ᠤ ᠬᠠᠤᠯᠢᠵᠢᠯ ᠤᠨ ᠤᠬᠠᠭᠤᠯᠭ᠎ᠠ ᠶᠢᠨ ᠭᠠᠷᠠᠭ︾ ᠵᠢᠴᠢ ︽ᠦᠨᠳᠦᠰᠦᠲᠡᠨ ᠤ ᠬᠠᠤᠯᠢᠵᠢᠯ ᠤᠨ ᠲᠦᠷᠦ ᠶᠢᠨ ᠪᠣᠳᠣᠯᠭ᠎ᠠ ᠶᠢ ᠬᠤᠪᠢᠶᠠᠷᠢ ᠲᠠᠯᠠᠪᠠᠢ ᠳᠤ ᠣᠷᠣᠭᠤᠯᠬᠤ᠂ ᠨᠡᠶᠢᠭᠡᠮ ᠲᠣᠭᠤᠷᠢᠭ ᠲᠤ ᠣᠷᠣᠭᠤᠯᠬᠤ︾ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠵᠡᠢ᠃      ᠠᠵᠢᠯᠯᠠᠭᠠᠨ ᠤ ᠳᠤᠮᠳᠠ᠂ ᠡᠯ᠎ᠡ ᠬᠤᠪᠢᠶᠠᠷᠢ ᠲᠠᠯᠠᠪᠤᠷ᠂ ᠨᠡᠶᠢᠭᠡᠮ ᠲᠣᠭᠤᠷᠢᠭ ᠤᠨ ᠬᠢᠨ ᠡᠷᠦᠬᠡ ᠳᠤ ᠣᠷᠣᠵᠤ ᠤᠬᠠᠭᠤᠯᠭ᠎ᠠ ᠶᠢᠨ ᠬᠠᠭᠤᠳᠠᠰᠤ ᠲᠠᠷᠬᠠᠭᠠᠬᠤ᠂ ᠸᠢᠴᠠᠲ ᠤᠨ ᠨᠡᠶᠢᠲᠡ ᠶᠢᠨ ᠨᠣᠮᠧᠷ ᠢ ᠰᠦᠯᠵᠢᠶᠡᠨ ᠳᠡᠭᠡᠷ᠎ᠡ ᠤᠬᠠᠭᠤᠯᠬᠤ ᠠᠷᠭ᠎ᠠ ᠬᠡᠯᠪᠡᠷᠢ ᠪᠠᠷ ᠳᠠᠮᠵᠢᠭᠤᠯᠤᠨ᠂ ᠰᠢ ᠶᠢᠨ ᠫᠢᠩ ᠶᠡᠷᠦᠩᠬᠡᠢ ᠱᠦᠵᠢ ᠶᠢᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ  ᠶᠢ ᠭᠤᠣᠯᠳᠠᠯᠭ᠎ᠠ  ᠲᠠᠢ ᠤᠬᠠᠭᠤᠯᠵᠤ ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠦᠨᠳᠦᠰᠦᠨ ᠬᠠᠤᠯᠢ︾ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠤᠨ ᠬᠠᠤᠯᠢ︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠠᠬᠢᠭᠤᠯᠬᠤ ᠳᠦᠷᠢᠮ︾ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠨᠢᠭᠡᠳᠦᠮᠡᠯ ᠹᠷᠣᠨᠲ ᠤᠨ ᠠᠵᠢᠯ ᠤᠨ ᠳᠦᠷᠢᠮ︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠦᠬᠦ ᠲᠠᠯ᠎ᠠ ᠎ ᠪᠠᠷ ᠪᠦᠲᠦᠭᠡᠨ ᠪᠠᠶᠢᠭᠤᠯᠬᠤ  ᠶᠢ ᠠᠬᠢᠭᠤᠯᠬᠤ ᠳᠦᠷᠢᠮ︾ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ᠂ ᠨᠠᠮ ᠪᠠ ᠤᠯᠤᠰ ᠤᠨ ᠦᠨᠳᠦᠰᠦᠲᠡᠨ ᠤ ᠲᠦᠷᠦ ᠶᠢᠨ ᠪᠣᠳᠣᠯᠭ᠎ᠠ ᠶᠢ ᠤᠯᠠᠨ ᠲᠦᠮᠡᠨ ᠳᠤ ᠣᠶᠢᠯᠠᠭᠠᠭᠤᠯᠵᠤ᠂ ᠦᠨᠳᠦᠰᠦᠲᠡᠨ ᠤ ᠪᠦᠯᠬᠦᠮᠳᠡᠯ ᠤᠨ ᠤᠬᠠᠮᠰᠠᠷ ᠢ  ᠴᠢᠩᠭᠠᠳᠬᠠᠨ᠎ᠠ᠃      ᠳᠠᠷᠠᠭᠠᠴᠢ ᠶᠢᠨ ᠠᠯᠬᠤᠮ ᠳᠤ᠂ ᠮᠠᠯᠵᠢᠯ ᠤᠨ ᠲᠠᠯᠠᠪᠠᠶ ᠶᠢᠨ ᠬᠢᠨ ᠠᠵᠢᠯᠯᠠᠬᠤ ᠠᠷᠭ᠎ᠠ ᠬᠡᠯᠪᠡᠷᠢ ᠪᠠᠨ ᠤᠯᠠᠮ ᠨᠢᠭᠡ ᠠᠯᠬᠤᠮ ᠰᠢᠨᠡᠴᠢᠯᠡᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠡᠨᠡᠬᠦ ᠭᠤᠣᠯ ᠰᠢᠵᠢᠮ ᠤᠨ ᠲᠣᠭᠤᠷᠢᠨ ᠳᠤ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢ ᠡᠭᠦᠳᠦᠨ ᠪᠠᠶᠢᠭᠤᠯᠬᠤ ᠠᠵᠢᠯᠯᠠᠭ᠎ᠠ ᠶᠢ ᠢᠳᠡᠪᠬᠢᠲᠡᠢ ᠥᠷᠨᠢᠭᠦᠯᠵᠦ᠂ ᠬᠠᠷᠢᠶ᠎ᠠ ᠣᠷᠣᠨ ᠤ ᠤᠯᠠᠨ ᠲᠦᠮᠡᠨ ᠤ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢ ᠡᠭᠦᠳᠦᠨ ᠪᠠᠶᠢᠭᠤᠯᠬᠤ ᠠᠵᠢᠯ ᠢ ᠣᠶᠢᠯᠠᠭᠠᠬᠤ ᠨᠤᠷᠮ᠎ᠠ ᠪᠠ ᠣᠷᠣᠯᠴᠠᠬᠤ ᠬᠡᠮᠵᠢᠶ᠎ᠡ ᠶᠢ ᠲᠠᠰᠤᠷᠠᠯᠳᠠ ᠦᠭᠡᠢ ᠳᠡᠭᠡᠭᠰᠢᠯᠡᠭᠦᠯᠵᠦ᠂ ᠬᠠᠷᠢᠶ᠎ᠠ ᠣᠷᠣᠨ ᠤ ᠦᠨᠳᠦᠰᠦᠲᠡᠨ ᠨᠦᠭᠦᠳ ᠤᠨ ᠤᠯᠠᠨ ᠲᠦᠮᠡᠨ ᠤ ᠬᠦᠷᠲᠡᠮᠵᠢ ᠶᠢᠨ ᠲᠥᠷᠥᠭᠳᠡᠯ᠂ ᠵᠣᠯ ᠵᠢᠷᠭᠠᠯᠲᠤ ᠲᠥᠷᠥᠭᠳᠡᠯ ᠪᠠ ᠠᠮᠤᠷ ᠲᠦᠪᠰᠢᠨ ᠤ ᠲᠥᠷᠥᠭᠳᠡᠯ ᠢ ᠴᠢᠷᠮᠠᠶᠢᠨ ᠳᠡᠭᠡᠭᠰᠢᠯᠡᠭᠦᠯᠵᠦ᠂ ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ ᠠᠵᠢᠯ ᠤᠨ ᠲᠠᠬᠢᠨ ᠰᠢᠨ᠎ᠡ ᠳᠡᠭᠲᠡᠷ ᠲᠤ ᠭᠠᠷᠬᠤ ᠶᠢ ᠦᠨᠡᠨᠬᠦ ᠠᠬᠢᠭᠤᠯᠬᠤ ᠬᠡᠷᠡᠭᠲᠡᠢ᠃
 
ᠢᠷᠡᠯᠲᠡ᠄ ᠰᠢᠯᠢ ᠶᠢᠨ ᠬᠤᠲᠠ ᠶᠢᠨ ᠵᠠᠰᠠᠭ ᠤᠨ ᠶᠠᠪᠣᠳᠠᠯ ᠤᠨ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号