1 — 4 ᠰᠠᠷ᠎ᠠ ᠳᠤ ᠰᠢᠯᠢ ᠶᠢᠨ ᠬᠤᠲᠠ ᠶᠢᠨ ᠠᠵᠤ ᠠᠬᠤᠢ ᠶᠢᠨ ᠠᠵᠢᠯᠯᠠᠭᠠᠨ ᠶᠡᠷᠦᠩᠬᠡᠢ ᠳᠡᠭᠡᠨ ᠰᠠᠶᠢᠵᠢᠷᠠᠪᠠ
ᠨᠡᠶᠢᠲᠡᠯᠡᠭᠰᠡᠨ ᠴᠠᠭ᠄
2024/5/19
     1 — 4 ᠰᠠᠷ᠎ᠠ ᠳᠤ ᠰᠢᠯᠢ ᠶᠢᠨ ᠬᠤᠲᠠ ᠨᠢ ᠲᠥᠪ᠂ ᠥᠪᠡᠷᠲᠡᠭᠡᠨ ᠵᠠᠰᠠᠬᠤ ᠣᠷᠣᠨ᠂ ᠪᠥᠬᠦ ᠠᠶᠢᠮᠠᠭ ᠤᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ︽ᠲᠠᠪᠤᠨ ᠶᠡᠭᠡ ᠡᠭᠦᠷᠭᠡ︾᠎ ᠶᠢ ᠰᠠᠶᠢᠲᠤᠷ ᠪᠡᠶᠡᠯᠡᠭᠦᠯᠬᠦ᠂ ︽ᠵᠢᠷᠭᠤᠭᠠᠨ ᠢᠨᠵᠧᠨᠧᠷᠢᠩ︾᠎ ᠢ ᠰᠠᠶᠢᠲᠤᠷ ᠬᠡᠷᠡᠭᠵᠢᠭᠦᠯᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠪᠣᠳᠠᠲᠠᠢ ᠳᠤ ᠰᠠᠭᠤᠷᠢᠯᠠᠨ᠂ ᠳᠠᠪᠠᠭᠤᠯᠢᠭ ᠢᠶᠠᠨ ᠪᠠᠳᠠᠷᠠᠭᠤᠯᠵᠤ ᠂ ᠪᠥᠬᠦ ᠬᠤᠲᠠ ᠶᠢᠨ ᠠᠵᠤ ᠠᠬᠤᠢ ᠶᠢᠨ ᠬᠥᠭᠵᠢᠯᠲᠡ ᠦᠷᠭᠦᠯᠵᠢᠯᠡᠨ ᠰᠠᠶᠢᠵᠢᠷᠠᠪᠠ᠃      ᠠᠵᠤ ᠦᠢᠯᠡᠳᠪᠦᠷᠢ      ᠪᠥᠬᠦ ᠬᠤᠲᠠ ᠶᠢᠨ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠦᠢᠯᠡᠳᠬᠦᠨ ᠤ ᠥᠷᠲᠡᠭ ᠠᠳᠠᠯᠢ ᠬᠤᠭᠤᠴᠠᠭᠠᠨ ᠤ ᠬᠢ ᠠᠴᠠ 2.2% ᠪᠠᠭᠤᠷᠠᠵᠤ᠂ ᠪᠥᠬᠦ ᠠᠶᠢᠮᠠᠭ ᠤᠨ 12 ᠳ᠋ᠤᠭᠠᠷ ᠲᠤ ᠣᠷᠣᠪᠠ᠃      ᠭᠤᠷᠪᠠᠨ ᠶᠡᠭᠡ ᠠᠵᠢᠯ ᠲᠥᠷᠥᠯ ᠤᠨ ᠬᠤᠪᠢᠶᠠᠷᠢᠯᠠᠯ  ᠎ ᠢ ᠦᠵᠡᠪᠡᠯ᠄      ᠠᠭᠤᠷᠬᠠᠢ ᠮᠠᠯᠲᠠᠬᠤ ᠦᠢᠯᠡᠰ ᠠᠳᠠᠯᠢ ᠬᠤᠭᠤᠴᠠᠭᠠᠨ ᠤ ᠬᠢ ᠠᠴᠠ 8.5%᠎ ᠪᠠᠷ ᠨᠡᠮᠡᠭᠳᠡᠪᠡ᠃      ᠦᠢᠯᠡᠳᠬᠦ ᠦᠢᠯᠡᠰ ᠠᠳᠠᠯᠢ ᠬᠤᠭᠤᠴᠠᠭᠠᠨ ᠤ ᠬᠢ ᠠᠴᠠ 43.5%᠎ ᠪᠠᠷ ᠪᠠᠭᠤᠷᠠᠪᠠ᠃      ᠴᠠᠬᠢᠯᠭᠠᠨ ᠬᠦᠴᠦᠨ᠂ ᠢᠯᠴᠢ ᠶᠢᠨ ᠬᠦᠴᠦᠨ᠂ ᠰᠢᠲᠠᠮᠠᠬᠠᠢ ᠬᠡᠢ ᠵᠢᠴᠢ ᠤᠰᠤᠨ ᠤ ᠦᠢᠯᠡᠳᠪᠦᠷᠢᠯᠡᠯ ᠪᠠ ᠬᠠᠩᠭᠠᠯᠭ᠎ᠠ ᠶᠢᠨ ᠦᠢᠯᠡᠰ ᠠᠳᠠᠯᠢ ᠬᠤᠭᠤᠴᠠᠭᠠᠨ ᠤ ᠬᠢ ᠠᠴᠠ 1.8%᠎ ᠪᠠᠷ ᠨᠡᠮᠡᠭᠳᠡᠪᠡ᠃      ᠭᠤᠣᠯ ᠦᠢᠯᠡᠳᠬᠦᠨ ᠤ ᠭᠠᠷᠤᠯᠲᠠ ᠶᠢᠨ ᠬᠡᠮᠵᠢᠶ᠎ᠡ᠄      ᠨᠡᠭᠦᠷᠡᠰᠦᠨ ᠤ ᠭᠠᠷᠤᠯᠲᠠ ᠠᠳᠠᠯᠢ ᠬᠤᠭᠤᠴᠠᠭᠠᠨ ᠤ ᠬᠢ ᠠᠴᠠ 14.5%᠎ ᠪᠠᠷ ᠨᠡᠮᠡᠭᠳᠡᠪᠡ᠃      ᠴᠠᠬᠢᠯᠭᠠᠨ ᠭᠠᠷᠭᠠᠭᠰᠠᠨ ᠬᠡᠮᠵᠢᠶ᠎ᠡ ᠠᠳᠠᠯᠢ ᠬᠤᠭᠤᠴᠠᠭᠠᠨ ᠤ ᠬᠢ ᠠᠴᠠ 3.8%᠎ ᠪᠠᠷ ᠨᠡᠮᠡᠭᠳᠡᠪᠡ᠃      ᠢᠯᠴᠢ ᠬᠠᠩᠭᠠᠬᠤ ᠬᠡᠮᠵᠢᠶ᠎ᠡ ᠠᠳᠠᠯᠢ ᠬᠤᠭᠤᠴᠠᠭᠠᠨ ᠤ ᠬᠢ ᠠᠴᠠ 6.75% ᠨᠡᠮᠡᠭᠳᠡᠪᠡ᠃      ᠲᠦᠭᠦᠬᠡᠢ ᠴᠢᠯᠠᠭᠤᠨ ᠲᠣᠰᠣᠨ ᠤ ᠭᠠᠷᠤᠯᠲᠠ ᠠᠳᠠᠯᠢ ᠬᠤᠭᠤᠴᠠᠭᠠᠨ ᠤ ᠬᠢ ᠠᠴᠠ 4.5% ᠪᠠᠭᠤᠷᠠᠵᠠᠢ᠃      ᠲᠦᠭᠡᠭᠡᠯ ᠤᠰᠤᠨ ᠤ ᠭᠠᠷᠤᠯᠲᠠ ᠠᠳᠠᠯᠢ ᠬᠤᠭᠤᠴᠠᠭᠠᠨ ᠤ ᠬᠢ ᠠᠴᠠ 3.37%᠎ ᠪᠠᠷ ᠨᠡᠮᠡᠭᠳᠡᠪᠡ᠃      ᠴᠠᠭᠠᠨ ᠢᠳᠡᠭᠡᠨ ᠤ ᠭᠠᠷᠤᠯᠲᠠ ᠠᠳᠠᠯᠢ ᠬᠤᠭᠤᠴᠠᠭᠠᠨ ᠤ ᠬᠢ ᠠᠴᠠ 15.5%᠎ ᠪᠠᠷ ᠨᠡᠮᠡᠭᠳᠡᠪᠡ᠃      ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ      ᠪᠥᠬᠦ ᠬᠤᠲᠠ ᠶᠢᠨ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 77.2%᠎ ᠢᠶᠠᠷ ᠨᠡᠮᠡᠭᠳᠡᠵᠦ᠂ ᠶᠡᠷᠦᠩᠬᠡᠢ ᠬᠡᠮᠵᠢᠶ᠎ᠡ ᠨᠢ ᠪᠥᠬᠦ ᠠᠶᠢᠮᠠᠭ ᠲᠤ ᠬᠤᠶᠠᠳᠤᠭᠠᠷ ᠲᠤ ᠣᠷᠣᠵᠤ᠂ ᠨᠡᠮᠡᠭᠳᠡᠯ ᠤᠨ ᠬᠤᠷᠳᠤᠴᠠ ᠨᠢ ᠪᠥᠬᠦ ᠠᠶᠢᠮᠠᠭ ᠲᠤ ᠳᠥᠷᠪᠡᠳᠦᠭᠡᠷ ᠲᠤ ᠣᠷᠣᠪᠠ᠃      ᠡᠭᠦᠨ ᠤ ᠳᠣᠲᠣᠷ᠎ᠠ᠄      ᠲᠣᠭᠲᠠᠮᠠᠯ ᠬᠥᠷᠥᠩᠭᠡ ᠶᠢᠨ ᠲᠥᠷᠥᠯ ᠵᠦᠢᠯ ᠤᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 78.02% ᠎ ᠪᠠᠷ ᠨᠡᠮᠡᠭᠳᠡᠪᠡ᠃      ᠭᠡᠷ ᠪᠠᠶᠢᠰᠢᠩ ᠭᠠᠵᠠᠷ ᠰᠢᠷᠣᠢ ᠶᠢᠨ ᠬᠥᠷᠥᠩᠭᠡ ᠶᠢᠨ ᠨᠡᠭᠡᠭᠡᠨ ᠬᠥᠭᠵᠢᠭᠦᠯᠦᠯᠲᠡ ᠶᠢᠨ ᠵᠦᠢᠯᠡᠰ ᠤᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 75.72%᠎ ᠪᠠᠷ ᠨᠡᠮᠡᠭᠳᠡᠪᠡ᠃      ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠠᠬ᠎ᠠ ᠳᠡᠯᠭᠡᠭᠦᠷ      ᠪᠥᠬᠦ ᠬᠤᠲᠠ ᠶᠢᠨ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠪᠥᠬᠦ ᠲᠤᠭ᠎ᠠ 314325 ᠲᠦᠮᠡᠨ ᠲᠥᠭᠦᠷᠢᠭ ᠲᠤ ᠬᠦᠷᠴᠦ᠂ ᠪᠥᠬᠦ ᠠᠶᠢᠮᠠᠭ ᠤᠨ ᠨᠢᠭᠡᠳᠦᠭᠡᠷ ᠲᠤ ᠣᠷᠣᠵᠤ᠂ ᠠᠳᠠᠯᠢ ᠬᠤᠭᠤᠴᠠᠭᠠᠨ ᠤ ᠬᠢ ᠠᠴᠠ 0.5%᠎ ᠪᠠᠷ ᠨᠡᠮᠡᠭᠳᠡᠨ᠂ ᠪᠥᠬᠦ ᠠᠶᠢᠮᠠᠭ ᠤᠨ ᠨᠠᠢᠮᠠᠳᠤᠭᠠᠷ ᠲᠤ ᠣᠷᠣᠪᠠ᠃      ᠪᠣᠷᠣᠯᠠᠭᠤᠯᠤᠯᠲᠠ ᠶᠢᠨ ᠭᠠᠵᠠᠷ ᠣᠷᠣᠨ ᠢᠶᠠᠷ ᠬᠤᠪᠢᠶᠠᠪᠠᠯ᠄      ᠬᠤᠳᠠ ᠪᠠᠯᠭᠠᠰᠤᠨ ᠤ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠬᠡᠮᠵᠢᠶ᠎ᠡ ᠶᠢ 28.15 ᠳ᠋ᠦᠩᠰᠢᠭᠤᠷ ᠲᠥᠭᠦᠷᠢᠭ ᠲᠤ ᠬᠦᠷᠴᠦ᠂ 0.5 %᠎ ᠪᠠᠷ ᠨᠡᠮᠡᠭᠳᠡᠪᠡ᠃      ᠮᠠᠯᠵᠢᠬᠤ ᠲᠠᠷᠢᠶᠠᠯᠠᠬᠤ ᠣᠷᠣᠨ ᠤ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠬᠡᠮᠵᠢᠶ᠎ᠡ ᠶᠢ 3.28 ᠳ᠋ᠦᠩᠰᠢᠭᠤᠷ ᠲᠥᠭᠦᠷᠢᠭ ᠲᠤ ᠬᠦᠷᠴᠦ᠂ 1.3%᠎ ᠪᠠᠷ ᠨᠡᠮᠡᠭᠳᠡᠪᠡ᠃      ᠬᠡᠷᠡᠭᠯᠡᠭᠡᠨ ᠤ ᠲᠦᠷᠦᠯ ᠵᠦᠢᠯ ᠢᠶᠠᠷ ᠨᠢ ᠬᠤᠪᠢᠶᠠᠪᠠᠯ᠄      ᠲᠠᠸᠠᠷ ᠢ ᠵᠢᠵᠢᠭᠯᠡᠨ ᠬᠤᠳᠠᠯᠳᠤᠬᠤ ᠲᠠᠯ᠎ᠠ ᠪᠠᠷ 27.60 ᠳ᠋ᠦᠩᠰᠢᠭᠤᠷ ᠲᠥᠭᠦᠷᠢᠭ ᠲᠤ ᠬᠦᠷᠴᠦ᠂ 0.2% ᠎ ᠢᠶᠠᠷ  ᠪᠠᠭᠤᠷᠠᠪᠠ᠃      ᠢᠳᠡᠭᠡᠨ ᠤᠮᠳᠠᠭᠠᠨ ᠤ ᠣᠷᠣᠯᠭ᠎ᠠ ᠨᠢ 3.83 ᠳ᠋ᠦᠩᠰᠢᠭᠤᠷ ᠲᠥᠭᠦᠷᠢᠭ ᠲᠤ ᠬᠦᠷᠴᠦ᠂ 6.6%᠎ ᠪᠠᠷ  ᠨᠡᠮᠡᠭᠳᠡᠪᠡ᠃        ᠶᠡᠷᠦᠩᠬᠡᠢ ᠳᠤᠨᠢ ᠠᠪᠴᠤ ᠦᠵᠡᠪᠡᠯ᠂ 1 —4  ᠳ᠋ᠦ᠋ᠭᠡᠷ ᠰᠠᠷ᠎ᠠ ᠳᠤ ᠪᠥᠬᠦ ᠬᠤᠲᠠ ᠶᠢᠨ ᠠᠵᠤ ᠠᠬᠤᠢ ᠲᠣᠭᠲᠠᠭᠤᠨ ᠤ ᠳᠤᠮᠳᠠ ᠰᠠᠶᠢᠵᠢᠷᠠᠬᠤ ᠬᠠᠨᠳᠤᠰᠢ ᠪᠠᠨ ᠦᠷᠭᠦᠯᠵᠢᠯᠡᠭᠦᠯᠵᠦ᠂ ᠳᠣᠲᠣᠭᠠᠳᠤ ᠶᠢᠨ ᠬᠥᠭᠵᠢᠯᠲᠡ ᠶᠢᠨ ᠬᠥᠳᠡᠯᠭᠡᠭᠴᠢ ᠬᠦᠴᠦ ᠦᠷᠭᠦᠯᠵᠢᠯᠡᠨ ᠴᠢᠩᠭᠠᠷᠠᠪᠠ᠃ ᠲᠠᠷᠠᠭᠠᠴᠢ ᠶᠢᠨ ᠠᠯᠬᠤᠮ ᠳᠤ᠂ ᠥᠪᠡᠷᠲᠡᠭᠡᠨ ᠵᠠᠰᠠᠬᠤ ᠣᠷᠣᠨ ᠤ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠥᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠥᠪᠡᠷᠲᠡᠭᠡᠨ ᠵᠠᠰᠠᠬᠤ ᠣᠷᠣᠨ᠂ ᠠᠶᠢᠮᠠᠭ ᠤᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠡᠷᠡᠰ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ ᠠᠵᠢᠯ ᠤᠨ ᠶᠡᠷᠦᠩᠬᠡᠢ ᠬᠦᠭ ᠠᠶᠠᠰ ᠢ ᠪᠠᠷᠢᠮᠲᠠᠯᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ ᠭᠤᠣᠯ ᠰᠢᠵᠢᠮ ᠪᠣᠯᠭᠠᠵᠤ᠂ ᠪᠦᠬᠦ ᠵᠢᠯ ᠤᠨ ᠬᠠᠷᠠᠯᠲᠠ ᠡᠭᠦᠷᠭᠡ ᠲᠠᠢ ᠨᠢᠭᠲᠠ ᠤᠶᠠᠯᠳᠤᠭᠤᠯᠵᠤ᠂ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ  ᠠᠬᠢᠭᠤᠯᠤᠨ᠎ᠠ᠃  
 
ᠢᠷᠡᠯᠲᠡ᠄ ᠰᠢᠯᠢ ᠶᠢᠨ ᠬᠤᠲᠠ ᠶᠢᠨ ᠵᠠᠰᠠᠭ ᠤᠨ ᠶᠠᠪᠣᠳᠠᠯ ᠤᠨ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号