5 · 19 ᠳᠤᠮᠳᠠᠳᠤ ᠤᠯᠤᠰ ᠤᠨ ᠵᠢᠭᠤᠯᠴᠢᠯᠠᠯ ᠤᠨ ᠡᠳᠦᠷ ᠤᠨ ᠰᠢᠯᠢ ᠶᠢᠨ ᠭᠤᠤᠯ ᠤᠨ ᠭᠤᠤᠯ ᠰᠡᠳᠦᠪᠲᠦ ᠠᠵᠢᠯᠯᠠᠭ᠎ᠠ ᠵᠢᠴᠢ 2024 ᠣᠨ ᠤ ᠮᠣᠩᠭᠤᠯ ᠮᠤᠷᠢᠨ ᠤ ᠬᠤᠯᠪᠣᠭᠠᠲᠤ ᠤᠷᠤᠯᠳᠤᠭᠠᠨ ᠤ ᠡᠬᠢᠯᠡᠯᠲᠡ ᠶᠢᠨ ᠶᠣᠰᠣᠯᠠᠯ ᠪᠠᠶᠠᠨᠰᠢᠯᠢ ᠮᠠᠯᠵᠢᠯ ᠤᠨ ᠲᠠᠯᠠᠪᠠᠶ ᠳᠤ ᠦᠪᠡᠳᠡᠭᠰᠢ ᠶᠡᠭᠡ ᠪᠠᠷ ᠶᠠᠪᠤᠭᠳᠠᠪᠠ
ᠨᠡᠶᠢᠲᠡᠯᠡᠭᠰᠡᠨ ᠴᠠᠭ᠄
2024/5/20
     5 ᠰᠠᠷ᠎ᠠ ᠶᠢᠨ 19 ᠤ ᠡᠳᠦᠷ ᠤᠨ ᠦᠳᠡ ᠶᠢᠨ ᠡᠮᠦᠨ᠎ᠡ᠂ ︽5 · 19 ᠤ ᠳᠤᠮᠳᠠᠳᠤ ᠤᠯᠤᠰ ᠤᠨ ᠵᠢᠭᠤᠯᠴᠢᠯᠠᠯ ᠤᠨ ᠡᠳᠦᠷ ᠤᠨ ᠰᠢᠯᠢ ᠶᠢᠨ ᠭᠤᠣᠯ ᠤᠨ ᠭᠤᠣᠯ ᠰᠡᠳᠦᠪᠲᠦ ᠠᠵᠢᠯᠯᠠᠭ᠎ᠠ ᠵᠢᠴᠢ 2024 ᠣᠨ ᠤ ᠮᠣᠩᠭᠤᠯ ᠮᠣᠷᠢᠨ ᠤ ᠬᠤᠯᠪᠣᠭᠠᠲᠤ ᠤᠷᠤᠯᠳᠤᠭᠠᠨ ᠤ ᠡᠬᠢᠯᠡᠯᠲᠡ ᠶᠢᠨ ᠶᠣᠰᠣᠯᠠᠯ︾ ᠪᠠᠶᠠᠨᠰᠢᠯᠢ ᠮᠠᠯᠵᠢᠯ ᠤᠨ ᠲᠠᠯᠠᠪᠠᠢ ᠳᠤ ᠦᠪᠡᠳᠡᠭᠰᠢ ᠶᠡᠭᠡ ᠪᠠᠷ ᠶᠠᠪᠤᠭᠳᠠᠪᠠ᠃ ᠣᠣᠮᠧᠨ᠂ ᠰᠧᠴᠤᠸᠠᠨ᠂ ᠭᠦᠢᠵᠧᠦ᠂ ᠵᠢᠶᠠᠩᠰᠦ᠂ ᠤᠯᠠᠭᠠᠨᠬᠠᠳᠠ᠂ ᠬᠥᠯᠥᠨ ᠪᠤᠶᠢᠷ᠂ ᠪᠠᠶᠠᠨᠨᠠᠭᠤᠷ ᠵᠢᠴᠢ ᠰᠢᠯᠢ ᠶᠢᠨ ᠭᠤᠤᠯ ᠠᠶᠢᠮᠠᠭ ᠵᠡᠷᠭᠡ ᠭᠠᠵᠠᠷ ᠠᠴᠠ ᠢᠷᠡᠭᠰᠡᠨ ᠤᠷᠤᠯᠳᠤᠭᠠᠨ ᠳᠤ ᠣᠷᠣᠯᠴᠠᠭᠰᠠᠳ  ᠂ 2000 ᠭᠠᠷᠤᠶ ᠵᠤᠭᠠᠴᠠᠭᠰᠠᠳ ᠪᠠᠶᠠᠨᠰᠢᠯᠢ ᠳᠤ ᠴᠤᠭᠯᠠᠵᠤ᠂ ᠮᠤᠩᠭᠤᠯ ᠮᠤᠷᠢᠨ ᠤ ᠬᠤᠯᠪᠤᠭᠠᠲᠤ ᠤᠷᠤᠯᠳᠤᠭᠠᠨ ᠢ ᠰᠤᠨᠢᠷᠬᠠᠬᠤ ᠪᠠᠷ ᠢᠷᠡᠪᠡ᠃      ᠲᠣᠰ ᠤᠳᠠᠭᠠᠨ ᠤ ᠠᠵᠢᠯᠯᠠᠭ᠎ᠠ ᠶᠢ ᠰᠢᠯᠢ ᠶᠢᠨ ᠭᠤᠤᠯ ᠠᠶᠢᠮᠠᠭ ᠤᠨ ᠵᠠᠬᠢᠷᠭ᠎ᠠ ᠠᠴᠠ ᠭᠤᠤᠯᠯᠠᠨ ᠡᠷᠬᠢᠯᠡᠵᠦ᠂ ᠰᠢᠯᠢ ᠶᠢᠨ ᠭᠤᠤᠯ ᠠᠶᠢᠮᠠᠭ ᠤᠨ ᠰᠣᠶᠣᠯ ᠲᠠᠮᠢᠷ ᠵᠢᠭᠤᠯᠴᠢᠯᠠᠯ ᠷᠠᠳᠢᠣ᠋ ᠲᠧᠯᠸᠢᠰ  ᠲᠣᠪᠴᠢᠶ᠎ᠠ᠂  ᠰᠢᠯᠢ ᠶᠢᠨ ᠬᠤᠲᠠ  ᠶᠢᠨ ᠠᠷᠠᠳ ᠤᠨ ᠵᠠᠰᠠᠭ ᠤᠨ ᠣᠷᠳᠣᠨ᠂ ᠪᠠᠶᠠᠨᠰᠢᠯᠢ ᠮᠠᠯᠵᠢᠯ ᠤᠨ ᠲᠠᠯᠠᠪᠠᠢ ᠠᠴᠠ ᠳᠠᠭᠠᠭᠠᠴᠢᠯᠠᠨ ᠡᠷᠬᠢᠯᠡᠵᠦ᠂ ᠳᠤᠮᠳᠠᠳᠤ ᠤᠯᠤᠰ ᠤᠨ ᠠᠳᠤᠭᠤᠨ ᠤ ᠦᠢᠯᠡᠰ ᠤᠨ ᠨᠡᠶᠢᠭᠡᠮᠯᠢᠭ᠂ ᠳᠤᠮᠳᠠᠳᠤ ᠤᠯᠤᠰ ᠤᠨ ᠴᠥᠭᠡᠨ ᠲᠣᠭᠠᠲᠤ ᠦᠨᠳᠦᠰᠦᠲᠡᠨ ᠤ ᠪᠡᠶ᠎ᠡ ᠶᠢᠨ ᠲᠠᠮᠢᠷ ᠤᠨ ᠨᠡᠶᠢᠭᠡᠮᠯᠢᠭ ᠤᠨ ᠠᠳᠤᠭᠤᠨ ᠤ ᠰᠣᠶᠣᠯ ᠲᠠᠮᠢᠷ ᠤᠨ ᠬᠥᠳᠡᠯᠭᠡᠭᠡᠨ ᠤ ᠵᠥᠪᠯᠡᠯ ᠂ ᠰᠢᠯᠢ ᠶᠢᠨ ᠭᠤᠤᠯ ᠠᠶᠢᠮᠠᠭ ᠤᠨ ᠠᠳᠤᠭᠤᠨ ᠤ ᠦᠢᠯᠡᠰ ᠤᠨ ᠨᠡᠶᠢᠭᠡᠮᠯᠢᠭ ᠠᠴᠠ ᠬᠠᠪᠰᠤᠷᠤᠨ ᠡᠷᠬᠢᠯᠡᠪᠡ᠃ ︽ᠳᠤᠮᠳᠠᠳᠤ ᠤᠯᠤᠰ ᠢᠶᠠᠷ ᠵᠤᠭᠠᠴᠠᠨ᠂ ᠵᠣᠯ ᠵᠢᠷᠭᠠᠯᠲᠤ ᠠᠮᠢᠳᠤᠷᠠᠯ︾ ᠢᠶᠠᠷ ᠭᠤᠣᠯ ᠰᠡᠳᠦᠪ ᠪᠣᠯᠭᠠᠵᠤ᠂ ᠤᠷᠤᠯᠳᠤᠭᠠᠨ ᠪᠠ ᠠᠵᠢᠯᠯᠠᠭ᠎ᠠ ᠲᠠᠢ ᠤᠶᠠᠯᠳᠤᠭᠤᠯᠤᠨ᠂ ᠡᠬᠢᠯᠡᠯᠲᠡ ᠶᠢᠨ ᠶᠣᠰᠣᠯᠠᠯ᠂ ᠬᠤᠯᠠᠨ ᠰᠢᠷᠭ᠎ᠠ ᠲᠠᠭ᠎ᠠ ᠶᠢᠨ ᠮᠠᠩᠬᠠᠨ ᠭᠠᠵᠠᠷ ᠢᠶᠠᠷ ᠲᠡᠷᠭᠡ ᠵᠢᠯᠣᠭᠤᠳᠴᠤ ᠶᠡᠭᠡ ᠲᠣᠭᠤᠷᠢᠯ ᠱᠤᠭᠤᠮ ᠢ ᠲᠤᠭᠤᠯᠬᠤ ᠠᠵᠢᠯᠯᠠᠭ᠎ᠠ᠂ ᠮᠣᠩᠭᠤᠯ ᠮᠣᠷᠢᠨ ᠤ ᠬᠤᠯᠪᠣᠭᠠᠲᠤ ᠤᠷᠤᠯᠳᠤᠭᠠᠨ᠂ ᠮᠣᠷᠢᠨ ᠮᠡᠷᠭᠡᠵᠢᠯ ᠤᠨ ᠭᠤᠷᠪᠠᠨ ᠲᠥᠷᠥᠯ ᠤᠨ ᠤᠷᠤᠯᠳᠤᠭᠠᠨ ᠪᠠ ᠪᠥᠬᠦ ᠤᠯᠤᠰ ᠤᠨ ᠨᠠᠮᠨᠠᠭ᠎ᠠ ᠬᠠᠷᠪᠤᠯᠲᠠ ᠶᠢᠨ ᠡᠭᠡᠯᠵᠢᠲᠦ ᠤᠷᠤᠯᠳᠤᠭᠠᠨ ᠢ ᠲᠣᠬᠢᠷᠠᠭᠤᠯᠪᠠ᠃      ᠡᠬᠢᠯᠡᠯᠲᠡ ᠶᠢᠨ ᠶᠣᠰᠣᠯᠠᠯ ᠨᠢ ᠤᠯᠠᠭᠠᠨᠮᠥ᠋ᠴᠢᠷ ᠤᠨ ᠭᠤᠶᠢᠳᠠ ᠰᠠᠶᠢᠬᠠᠨ ᠲᠣᠭᠯᠠᠯᠲᠠ ᠳᠤᠮᠳᠠ ᠬᠥᠰᠢᠭᠡ ᠪᠠᠨ ᠰᠡᠬᠦᠵᠦ᠂ ᠮᠠᠯᠵᠢᠯ ᠤᠨ ᠲᠠᠯᠠᠪᠠᠢ ᠶᠢᠨ ᠤᠳᠤᠷᠢᠳᠬᠤ ᠪᠠᠭ᠂ ᠠᠵᠢᠯᠳᠠᠨ ᠪᠣᠯᠤᠨ ᠮᠠᠯᠴᠢᠳ ᠢᠶᠠᠷ ᠪᠥᠷᠢᠯᠳᠦᠭᠰᠡᠨ ᠤᠯᠤᠰ ᠤᠨ ᠲᠤᠭ ᠠᠳᠬᠤᠭᠰᠠᠨ ᠮᠤᠷᠢᠲᠦ ᠵᠢᠭᠰᠠᠭᠠᠯ ᠤᠨ ᠡᠩᠨᠡᠭᠡ ᠨᠢ ᠬᠤᠷᠠᠯ ᠤᠨ ᠲᠠᠯᠠᠪᠠᠢ ᠳᠤ ᠠᠯᠬᠤᠨ ᠣᠷᠣᠵᠤ ᠂  ᠲᠠᠷᠠᠭ᠎ᠠ ᠨᠢ  ᠴᠠᠭᠠᠨ ᠮᠣᠷᠢ᠂ ᠬᠠᠷ᠎ᠠ ᠮᠣᠷᠢ᠂ ᠰᠢᠷ᠎ᠠ ᠮᠣᠷᠢ᠂ ᠨᠠᠮᠨᠠᠭᠴᠢ᠂ ᠠᠷᠪᠠᠨ ᠭᠤᠷᠪᠠᠨ ᠬᠤᠰᠢᠭᠤ ᠰᠢᠶᠠᠨ ᠬᠤᠳᠠ ᠲᠣᠭᠤᠷᠢᠭ ᠤᠨ ᠲᠥᠯᠥᠭᠡᠯᠡᠭᠴᠢ ᠵᠡᠷᠭᠡ 12 ᠵᠢᠭᠰᠠᠭᠠᠯ ᠤᠨ ᠡᠩᠨᠡᠭᠡ ᠨᠢ ᠰᠦᠷ ᠳᠠᠯᠠᠶᠢᠴᠠᠲᠠᠢ ᠲᠠᠯᠠᠪᠠᠢ ᠳᠤ ᠣᠷᠣᠪᠠ︔ ᠮᠣᠷᠢᠨ ᠬᠤᠭᠤᠷ ᠤᠨ ᠳᠤᠭᠯᠠᠯᠲᠠ᠂ ᠬᠢᠲ᠋ᠠᠷ  ᠬᠥᠭᠵᠢᠮ ᠵᠡᠷᠭᠡ ᠤᠷᠠᠨ ᠰᠠᠶᠢᠬᠠᠨ ᠤ ᠲᠣᠭᠯᠠᠯᠲᠠ ᠪᠠ ᠨᠠᠮᠨᠠᠭ᠎ᠠ᠂ ᠰᠠᠭᠠᠳ ᠳᠠᠪᠠᠭ᠋ᠤ ᠵᠡᠷᠭᠡ ᠮᠣᠷᠢᠨ ᠮᠡᠷᠭᠡᠵᠢᠯ ᠤᠨ ᠲᠣᠭᠯᠠᠯᠲᠠ ᠨᠢ ᠦᠵᠡᠭᠴᠢᠳ ᠲᠤ ᠲᠠᠯ᠎ᠠ ᠨᠤᠲᠤᠭ ᠤᠨ ᠰᠣᠶᠣᠯ ᠤᠨ ᠭᠦᠨ ᠵᠤᠵᠠᠭᠠᠨ ᠠᠭᠤᠷ ᠠᠮᠢᠰᠬᠤᠯ ᠢ ᠮᠡᠳᠡᠷᠡᠭᠦᠯᠪᠡ᠃      ᠲᠤᠰ ᠤᠳᠠᠭᠠᠨ ᠤ ᠨᠠᠭᠠᠳᠤᠮ ᠨᠢ᠂ 30  ᠺᠢᠯᠣᠮᠧᠲᠷ ᠤᠨ ᠬᠤᠯᠠ ᠶᠢᠨ ᠮᠤᠷᠢᠨ ᠤ ᠤᠷᠤᠯᠳᠤᠭᠠᠨ᠂ 15 ᠺᠢᠯᠣᠮᠧᠲᠷ ᠤᠨ ᠬᠦᠴᠦᠨ ᠵᠠᠯᠭᠠᠬᠤ ᠮᠤᠷᠢᠨ ᠤ ᠤᠷᠤᠯᠳᠤᠭᠠᠨ᠂ 256 ᠬᠦᠴᠦᠲᠦ ᠪᠥᠬᠡ᠂ ᠮᠤᠷᠢ ᠭᠦᠳᠦᠯᠵᠦ ᠰᠠᠭᠠᠳ ᠳᠠᠪᠠᠭ᠋ᠤ ᠤᠷᠤᠯᠳᠤᠭᠠᠨ᠂ ᠵᠢᠷᠤᠭ᠎ᠠ ᠮᠣᠷᠢᠨ ᠤ ᠤᠷᠤᠯᠳᠤᠭᠠᠨ ᠵᠡᠷᠭᠡ ᠤᠷᠤᠯᠳᠤᠭᠠᠨ ᠢ ᠲᠣᠬᠢᠷᠠᠭᠤᠯᠵᠠᠶ᠃ ᠡᠭᠦᠨ ᠤ ᠬᠠᠮᠲᠤ ᠣᠯᠠᠨ ᠵᠦᠢᠯ ᠤᠨ ᠵᠢᠭᠤᠯᠴᠢᠯᠠᠯ ᠢ ᠪᠡᠶᠡᠴᠢᠯᠡᠨ ᠣᠶᠢᠯᠠᠭᠠᠬᠤ ᠲᠥᠷᠥᠯ ᠵᠦᠢᠯ ᠪᠠ ᠰᠣᠶᠣᠯ ᠵᠢᠭᠤᠯᠴᠢᠯᠠᠯ ᠤᠨ ᠣᠨᠴᠠᠯᠢᠭᠲᠤ ᠲᠠᠸᠠᠷ ᠢ ᠳᠡᠯᠭᠡᠨ ᠪᠣᠷᠣᠯᠠᠭᠤᠯᠬᠤ ᠦᠵᠡᠭᠦᠯᠦᠭᠡ ᠬᠢᠵᠤ᠂ ᠵᠢᠭᠤᠯᠴᠢᠯᠠᠭᠴᠢᠳ ᠲᠤ ᠲᠠᠯ᠎ᠠ ᠨᠤᠲᠤᠭ ᠤᠨ ᠵᠠᠩ ᠦᠢᠯᠡ ᠶᠢᠨ ᠰᠣᠶᠣᠯ ᠢ ᠦᠨᠡᠨ ᠬᠦ ᠣᠶᠢᠯᠠᠭᠠᠭᠤᠯᠵᠤ᠂ ᠲᠠᠯ᠎ᠠ ᠨᠤᠲᠤᠭ ᠤᠨ ᠠᠮᠲᠠᠲᠤ ᠢᠳᠡᠭᠡᠨ ᠢ ᠠᠮᠲᠠᠯᠠᠭᠤᠯᠬᠤ ᠪᠠ ᠣᠷᠣᠨ ᠨᠤᠲᠤᠭ ᠤᠨ ᠣᠨᠴᠠᠯᠢᠭᠲᠤ ᠲᠠᠸᠠᠷ ᠢ  ᠣᠶᠢᠯᠠᠭᠠᠭᠤᠯᠪᠠ᠃ ᠲᠣᠰ ᠤᠳᠠᠭᠠᠨ ᠤ ᠠᠵᠢᠯᠯᠠᠭ᠎ᠠ ᠶᠢ ᠠᠮᠵᠢᠯᠲᠠ ᠲᠠᠢ ᠡᠷᠬᠢᠯᠡᠭᠰᠡᠨ ᠨᠢ ᠪᠥᠬᠦ ᠤᠯᠤᠰ ᠤᠨ ᠡᠯ᠎ᠡ ᠭᠠᠵᠠᠷ ᠠᠴᠠ ᠢᠷᠡᠭᠰᠡᠨ ᠵᠢᠭᠤᠯᠴᠢᠯᠠᠭᠴᠢᠳ ᠪᠠ ᠪᠥᠬᠦ ᠤᠯᠤᠰ ᠤᠨ ᠠᠩᠬᠠᠷᠤᠯ ᠢ ᠲᠠᠲᠠᠵᠤ᠂ ᠨᠠᠩ ᠣᠯᠠᠨ ᠬᠥᠮᠦᠰ ᠲᠤ ᠲᠠᠯ᠎ᠠ ᠨᠤᠲᠤᠭ ᠤᠨ ᠰᠣᠶᠣᠯ ᠤᠨ ᠭᠦᠨ ᠵᠤᠵᠠᠭᠠᠨ ᠠᠭᠤᠯᠤᠭᠳᠠᠬᠤᠨ ᠢ  ᠣᠶᠢᠯᠠᠭᠠᠭᠤᠯᠪᠠ᠃ ᠮᠠᠯᠵᠢᠯ ᠤᠨ ᠲᠠᠯᠠᠪᠠᠢ ᠨᠢ ᠦᠷᠭᠦᠯᠵᠢᠯᠡᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ ᠭᠤᠣᠯ ᠰᠢᠵᠢᠮ ᠪᠣᠯᠭᠠᠵᠤ᠂ ᠰᠣᠶᠣᠯ ᠵᠢᠭᠤᠯᠴᠢᠯᠠᠯ ᠢ ᠠᠭᠤᠰᠤᠯᠴᠠᠭᠤᠯᠬᠤ ᠪᠠᠷ ᠳᠠᠮᠵᠢᠭᠤᠯᠤᠨ᠂ ᠦᠨᠳᠦᠰᠦᠲᠡᠨ ᠨᠦᠭᠦᠳ ᠤᠨ ᠰᠤᠯᠢᠯᠴᠠᠭ᠎ᠠ ᠠᠭᠤᠰᠤᠯᠴᠠᠯ ᠢ ᠠᠬᠢᠭᠤᠯᠵᠤ᠂ ︽ᠤᠮᠠᠷᠠᠲᠤ ᠬᠢᠯᠢ ᠶᠢᠨ ᠰᠣᠶᠣᠯ︾ ᠢ ᠪᠠᠳᠠᠷᠠᠭᠤᠯᠤᠨ᠂ ᠲᠠᠯ᠎ᠠ ᠨᠤᠲᠤᠭ ᠤᠨ ᠰᠣᠶᠣᠯ ᠤᠨ ᠷᠢᠳᠢ ᠰᠢᠳᠢ ᠶᠢ ᠭᠦᠨᠵᠡᠭᠡᠶ ᠢᠯᠡᠷᠡᠭᠦᠯᠵᠦ᠂ ︽ᠠᠷᠭᠤᠮᠠᠭ ᠬᠥᠯᠥᠭ ᠤᠨ ᠨᠤᠲᠤᠭ  ᠠᠯᠳᠠᠨ ᠰᠢᠷᠭᠠᠯ ᠪᠠᠶᠠᠨᠰᠢᠯᠢ︾ ᠶᠢᠨ ᠠᠯᠳᠠᠷᠰᠢᠯ ᠪᠠ ᠨᠥᠯᠥᠭᠡᠯᠡᠬᠦ ᠬᠦᠴᠦᠨ ᠢ ᠳᠡᠭᠡᠭᠰᠢᠯᠡᠭᠦᠯᠪᠡ᠃
 
ᠢᠷᠡᠯᠲᠡ᠄ ᠰᠢᠯᠢ ᠶᠢᠨ ᠬᠤᠲᠠ ᠶᠢᠨ ᠵᠠᠰᠠᠭ ᠤᠨ ᠶᠠᠪᠣᠳᠠᠯ ᠤᠨ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号