ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠬᠦᠳᠡᠯᠭᠡᠭᠡᠨ ᠢ ᠤᠯᠠᠮ ᠨᠢᠭᠡ ᠠᠯᠬᠤᠮ | ᠦᠢᠯᠡᠳᠦᠯᠭᠡᠵᠢᠭᠦᠯᠵᠦ᠂ ᠰᠢᠨ᠎ᠡ ᠴᠠᠭ ᠦᠶ᠎ᠡ ᠶᠢᠨ ᠪᠤᠯᠪᠠᠰᠤᠨ ᠤ ᠦᠢᠯᠡᠳᠦᠯᠭᠡ ᠶᠢᠨ ᠵᠤᠷᠢᠭ ᠰᠠᠨᠠᠭ᠎ᠠ ᠶᠢ | ᠪᠠᠳᠠᠷᠠᠭᠤᠯᠬᠤ ᠶᠢᠨ ᠲᠥᠯᠦᠭᠡ᠂ 5 ᠰᠠᠷ᠎ᠠ ᠶᠢᠨ20 ᠤ ᠡᠳᠦᠷ᠂ ᠪᠠᠶᠠᠨᠪᠤᠯᠠᠭ ᠰᠤᠮᠤᠨ ᠤ ᠺᠠᠳ᠋ᠷ ᠠᠵᠢᠯᠲᠠᠨ᠂ ᠰᠢᠨ᠎ᠡ | ᠴᠠᠭ ᠦᠶ᠎ᠡ ᠶᠢᠨ ᠪᠤᠯᠪᠠᠰᠤᠨ ᠤ ᠦᠢᠯᠡᠳᠦᠯᠭᠡ ᠶᠢᠨ ᠭᠠᠵᠠᠷ ᠤᠨ ᠰᠠᠶᠢᠨ ᠳᠤᠷᠠᠴᠤᠳ ᠢ ᠵᠤᠬᠢᠶᠠᠨ ᠪᠠᠶᠢᠭᠤᠯᠵᠤ | ᠤᠷᠴᠢᠨ ᠲᠤᠭᠤᠷᠢᠨ ᠤ ᠡᠷᠡᠭᠦᠯ ᠬᠠᠮᠠᠭᠠᠯᠠᠯ ᠢ ᠴᠡᠭᠴᠡᠯᠡᠨ ᠵᠠᠰᠠᠬᠤ ᠠᠵᠢᠯᠯᠠᠭ᠎ᠠ ᠦᠷᠨᠢᠭᠦᠯᠪᠡ᠃ | ᠭᠤᠤᠯᠳᠠᠭᠤ ᠵᠠᠰᠠᠭ ᠤᠨ ᠤᠷᠳᠤᠨ ᠤ ᠭᠤᠤᠯ ᠵᠠᠮ ᠤᠨ ᠬᠠᠵᠠᠭᠤ ᠶᠢᠨ ᠲᠠᠯ᠎ᠠ ᠭᠠᠵᠠᠷ ᠤᠨ ᠬᠤᠭ ᠨᠤᠪᠰᠢ ᠶᠢ | ᠴᠡᠪᠡᠷᠯᠡᠵᠦ᠂ ᠰᠠᠭᠤᠭᠠᠯᠢ ᠠᠷᠠᠳ ᠤᠨ ᠲᠤᠭᠤᠷᠢᠭ ᠤᠨ ᠬᠤᠭ ᠨᠤᠪᠰᠢ ᠶᠢ ᠲᠦᠪᠯᠡᠷᠡᠭᠦᠯᠦᠨ ᠰᠢᠢᠳᠪᠦᠷᠢᠯᠡᠬᠦ ᠴᠡᠭ ᠲᠤ | ᠴᠡᠪᠡᠷᠯᠡᠨ ᠵᠥᠭᠡᠭᠡᠪᠦᠷᠢᠯᠡᠵᠦ᠂ ᠠᠷᠢᠭᠤᠨ ᠴᠡᠪᠡᠷ ᠡᠮᠬᠢ ᠳᠢᠭᠯᠢᠮ ᠲᠠᠢ ᠤᠷᠤᠰᠢᠨ ᠰᠠᠭᠤᠬᠤ ᠳᠤ ᠲᠤᠬᠢᠷᠠᠮᠵᠢᠲᠠᠢ | ᠠᠵᠢᠯ ᠠᠮᠢᠳᠤᠷᠠᠯ ᠤᠨ ᠤᠷᠴᠢᠨ ᠲᠤᠭᠤᠷᠢᠨ ᠢ ᠴᠢᠷᠮᠠᠶᠢᠨ ᠪᠤᠢ ᠪᠤᠯᠭᠠᠪᠠ᠃ | ᠲᠤᠰ ᠤᠳᠠᠭᠠᠨ ᠤ ᠤᠷᠴᠢᠨ ᠲᠤᠭᠤᠷᠢᠨ ᠤ ᠡᠷᠡᠭᠦᠯ ᠬᠠᠮᠠᠭᠠᠯᠠᠯ ᠢ ᠴᠡᠭᠴᠡᠯᠡᠨ ᠵᠠᠰᠠᠬᠤ ᠠᠵᠢᠯᠯᠠᠭ᠎ᠠ ᠪᠠᠷ | ᠳᠠᠮᠵᠢᠨ᠂ ᠤᠯᠠᠨ ᠢᠶᠠᠷ ᠢᠶᠠᠨ ᠰᠠᠨᠠᠭᠠᠴᠢᠯᠠᠭ᠎ᠠ ᠠᠴᠠ ᠪᠠᠨ ᠤᠷᠴᠢᠨ ᠲᠤᠭᠤᠷᠢᠨ ᠤ ᠡᠷᠡᠭᠦᠯ ᠬᠠᠮᠠᠭᠠᠯᠠᠯ ᠶᠢᠨ | ᠤᠬᠠᠭᠤᠯᠭ᠎ᠠ ᠶᠢ ᠴᠢᠬᠤᠯᠠᠴᠢᠯᠠᠨ᠂ ᠤᠷᠴᠢᠨ ᠲᠤᠭᠤᠷᠢᠨ ᠤ ᠡᠷᠡᠭᠦᠯ ᠬᠠᠮᠠᠭᠠᠯᠠᠯ ᠢ ᠴᠡᠭᠴᠡᠯᠡᠨ ᠵᠠᠰᠠᠬᠤ | ᠠᠬᠢᠭᠤᠯᠤᠭᠴᠢ ᠪᠤᠯᠵᠤ᠂ ᠠᠮᠢ ᠠᠬᠤᠢ ᠶᠢᠨ ᠤᠷᠤᠰᠢᠨ ᠰᠠᠭᠤᠷᠢᠰᠢᠬᠤ ᠳᠤ ᠲᠤᠬᠢᠷᠠᠮᠵᠢᠲᠠᠢ ᠦᠵᠡᠰᠬᠦᠯᠡᠩᠲᠦ | ᠰᠠᠶᠢᠬᠠᠨ ᠭᠡᠷ ᠤᠷᠤᠨ ᠢ ᠪᠦᠲᠦᠭᠡᠨ ᠪᠠᠶᠢᠭᠤᠯᠬᠤ ᠳᠤ ᠬᠦᠴᠦᠨ ᠴᠢᠳᠠᠯ ᠢᠶᠠᠨ ᠡᠷᠭᠦᠵᠦ᠂ ᠦᠨᠳᠦᠰᠦᠨ ᠱᠠᠲᠤᠨ ᠤ | ᠺᠠᠳ᠋ᠷ ᠠᠵᠢᠯᠲᠠᠨ ᠪᠤᠯᠤᠨ ᠰᠠᠶᠢᠨ ᠳᠤᠷᠠᠴᠤᠳ ᠤᠨ ᠴᠤᠭ ᠵᠢᠪᠬᠤᠭ᠎ᠠ ᠶᠢ ᠢᠯᠡᠷᠡᠭᠦᠯᠪᠡ᠃ | | | | | | |