ᠨᠠᠮ ᠤᠨ ᠦᠨᠳᠦᠰᠦᠲᠡᠨ ᠤ ᠣᠨᠣᠯ ᠲᠥᠷᠥ ᠶᠢᠨ ᠪᠣᠳᠣᠯᠭ᠎ᠠ ᠪᠠ ᠦᠨᠳᠦᠰᠦᠲᠡᠨ ᠤ ᠬᠠᠤᠯᠢ ᠴᠠᠭᠠᠵᠠ ᠬᠠᠤᠯᠢ | ᠲᠣᠭᠲᠠᠭᠠᠯ ᠤᠨ ᠤᠬᠠᠭᠤᠯᠭ᠎ᠠ ᠬᠥᠮᠦᠵᠢᠯ ᠢ ᠤᠯᠠᠮ ᠨᠢᠭᠡ ᠠᠯᠬᠤᠮ ᠭᠦᠨᠵᠡᠭᠡᠶᠢᠷᠡᠭᠦᠯᠬᠦ ᠶᠢᠨ ᠲᠥᠯᠥᠭᠡ᠂ | ᠦᠨᠳᠦᠰᠦᠲᠡᠨ ᠤ ᠲᠦᠷᠦ ᠶᠢᠨ ᠪᠤᠳᠤᠯᠭ᠎ᠠ ᠶᠢᠨ ᠤᠬᠠᠭᠤᠯᠭ᠎ᠠ ᠶᠢᠨ ᠭᠦᠨ ᠵᠤᠵᠠᠭᠠᠨ ᠠᠭᠤᠷ ᠠᠮᠢᠰᠬᠤᠯ ᠢ ᠪᠤᠢ | ᠪᠣᠯᠭᠠᠵᠤ᠂ ᠦᠨᠳᠦᠰᠦᠲᠡᠨ ᠨᠦᠭᠦᠳ ᠤᠨ ᠤᠯᠠᠨ ᠲᠦᠮᠡᠨ ᠤ ᠨᠠᠮ ᠤᠨ ᠠᠴᠢ ᠶᠢ ᠮᠡᠳᠡᠷᠡᠵᠦ᠂ ᠨᠠᠮ ᠤᠨ ᠦᠭᠡ ᠶᠢ | ᠰᠣᠨᠣᠰᠴᠤ᠂ ᠨᠠᠮ ᠢᠶᠠᠨ ᠲᠠᠭᠠᠬᠤ ᠶᠢ ᠬᠦᠳᠦᠯᠦᠨ ᠳᠠᠭᠠᠭᠤᠯᠵᠤ᠂ 2024 ᠣᠨ ᠤ 5 ᠰᠠᠷ᠎ᠠ ᠶᠢᠨ 24 ᠤ ᠡᠳᠦᠷ | ᠮᠣᠳᠣᠨ ᠮᠠᠯᠵᠢᠯ ᠤᠨ ᠲᠠᠯᠠᠪᠠᠢ ᠠᠶᠢᠮᠠᠭ ᠤᠨ ᠴᠠᠬᠢᠯᠭᠠᠨ ᠬᠠᠩᠭᠠᠬᠤ ᠲᠣᠪᠴᠢᠶ᠎ᠠ᠂ ᠰᠢᠯᠢ ᠶᠢᠨ ᠬᠤᠲᠠ ᠶᠢᠨ | ᠠᠵᠢᠯᠴᠢᠨ ᠤ ᠶᠡᠷᠦᠩᠬᠡᠢ ᠡᠪᠯᠡᠯ᠂ ᠮᠣᠳᠣᠨ ᠰᠦᠢᠳᠬᠡᠯ ᠬᠤᠷᠢᠶᠠᠬᠤ ᠭᠠᠵᠠᠷ ᠲᠠᠢ ᠬᠠᠮᠲᠤᠷᠠᠵᠤ᠂ ᠮᠣᠳᠣᠨ | ᠰᠣᠶᠣᠯ ᠤᠨ ᠠᠵᠢᠯᠯᠠᠭ᠎ᠠ ᠶᠢᠨ ᠲᠥᠪ ᠲᠤ ︽ᠬᠦᠰᠡᠯ ᠨᠠᠶᠢᠳᠠᠯᠭ᠎ᠠ ᠶᠢ ᠪᠠᠲᠤ ᠴᠡᠭᠡᠵᠢᠯᠡᠵᠦ᠂ ᠠᠴᠢ ᠬᠠᠷᠢᠭᠤᠯᠠᠨ | ᠡᠷᠡᠯᠬᠡᠭᠯᠡᠨ ᠤᠷᠤᠭᠰᠢᠯᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠵᠢᠱᠢᠶ᠎ᠡ | ᠦᠵᠡᠭᠦᠯᠬᠦ ᠣᠷᠣᠨ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠵᠤ᠂ ᠪᠠᠲᠤ ᠪᠠᠬᠢ ᠴᠣᠭᠴᠠᠯᠠᠬᠤ︾ ᠰᠢᠷᠢᠰ ᠠᠵᠢᠯᠯᠠᠭ᠎ᠠ | ᠥᠷᠨᠢᠭᠦᠯᠪᠡ᠃ | ᠲᠣᠰ ᠤᠳᠠᠭᠠᠨ ᠤ ᠠᠵᠢᠯᠯᠠᠭ᠎ᠠ ᠳᠤ᠂ ᠮᠣᠳᠣᠨ ᠮᠠᠯᠵᠢᠯ ᠤᠨ ᠲᠠᠯᠠᠪᠠᠢ ᠶᠢᠨ ︽ᠨᠡᠶᠢᠭᠡᠮ ᠲᠣᠭᠤᠷᠢᠭ ᠤᠨ | ᠲᠠᠪᠴᠠᠩ ᠪᠠᠶᠢᠭᠤᠯᠬᠤ᠂ ᠰᠠᠯᠠᠭ᠎ᠠ ᠮᠥᠴᠢᠷ ᠤᠨ ᠳᠡᠯᠭᠡᠭᠦᠷ ᠨᠡᠭᠡᠭᠡᠬᠦ᠂ ᠣᠯᠠᠨ ᠲᠦᠮᠡᠨ ᠴᠤᠭᠯᠠᠭᠠᠨ ᠳᠤ ᠣᠴᠢᠬᠤ︾ | ᠠᠷᠭ᠎ᠠ ᠮᠠᠶ᠋ᠢᠭ ᠢᠶᠠᠷ ︽ᠲᠥᠷᠥ ᠶᠢᠨ ᠪᠣᠳᠣᠯᠭ᠎ᠠ ᠶᠢᠨ ᠳᠡᠯᠭᠡᠭᠦᠷ ᠨᠡᠭᠡᠭᠡᠵᠦ︾ ᠨᠠᠮ ᠤᠨ ᠲᠠᠭᠤᠨ ᠢ ︽ᠡᠩ ᠤᠨ | ᠠᠷᠠᠳ ᠤᠨ ᠬᠡᠷ︾ ᠳᠤ ᠣᠷᠣᠭᠤᠯᠤᠭᠰᠠᠨ ᠪᠠᠶᠢᠨ᠎ᠠ᠃ | ᠠᠵᠢᠯᠯᠠᠭ᠎ᠠ ᠶᠢᠨ ᠲᠤᠬᠠᠶ ᠶᠢᠨ ᠲᠠᠯᠠᠪᠤᠷ ᠲᠤ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠨᠢᠭᠡᠳᠦᠮᠡᠯ | ᠹᠷᠣᠨᠲ ᠤᠨ ᠠᠵᠢᠯᠯᠠᠭ᠎ᠠ ᠶᠢᠨ ᠳᠦᠷᠢᠮ︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠠᠬᠢᠭᠤᠯᠬᠤ ᠲᠦᠷᠢᠮ︾ ︽ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠤ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠥᠬᠦ ᠲᠠᠯ᠎ᠠ ᠪᠠᠷ ᠪᠥᠲᠥᠭᠡᠨ ᠪᠠᠶᠢᠭᠤᠯᠬᠤ ᠶᠢ | ᠠᠬᠢᠭᠤᠯᠬᠤ ᠲᠦᠷᠢᠮ︾ ︽ᠨᠡᠶᠢᠭᠡᠮ ᠤᠨ ᠠᠪᠤᠷᠠᠨ ᠲᠤᠰᠠᠯᠠᠬᠤ ᠤᠬᠠᠭᠤᠯᠭ᠎ᠠ ᠶᠢᠨ ᠳᠡᠪᠲᠡᠷ︾ ︽ᠬᠠᠤᠯᠢ ᠪᠠᠷ | ᠵᠠᠰᠠᠬᠤ ᠵᠣᠷᠢᠭ ᠰᠠᠨᠠᠭ᠎ᠠ ᠶᠢ ᠪᠠᠳᠠᠷᠠᠭᠤᠯᠵᠤ ᠬᠠᠤᠯᠢ ᠪᠤᠰᠤ ᠱᠠᠰᠢᠨ ᠰᠤᠷᠲᠠᠬᠤᠨ ᠢ ᠡᠰᠡᠷᠭᠦᠴᠡᠨ ᠬᠤᠷᠢᠭᠯᠠᠬᠤ︾ ︽ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠥᠷᠢᠴᠡᠯ ᠵᠢᠭᠤᠷᠠᠯᠳᠤᠭᠠᠨ ᠢ ᠣᠯᠠᠨ ᠡᠰᠢᠵᠢᠭᠦᠯᠦᠨ | ᠰᠢᠢᠳᠪᠦᠷᠢᠯᠡᠬᠦ ᠲᠦᠷᠢᠮ︾᠂ ︽ᠱᠠᠯᠢᠭ ᠵᠠᠪᠬᠠᠶ ᠵᠦᠢᠯᠡᠰ ᠢ ᠠᠷᠢᠯᠭᠠᠵᠤ᠂ ᠬᠠᠤᠯᠢ ᠪᠤᠰᠤ ᠬᠡᠪᠯᠡᠭᠳᠡᠬᠦᠨ ᠳᠤ | ᠴᠣᠬᠢᠯᠲᠠ ᠥᠭᠬᠦ︾᠂ ᠴᠠᠬᠢᠯᠭᠠᠨ ᠬᠤᠯᠪᠣᠭ᠎ᠠ ᠪᠠᠷ ᠮᠡᠬᠡᠯᠡᠬᠦ ᠶᠢ ᠰᠡᠷᠭᠡᠶᠢᠯᠡᠬᠦ᠂ ᠠᠶᠤᠯ ᠥᠬᠡᠶ ᠦᠢᠯᠡᠳᠪᠦᠷᠢᠯᠡᠯ | ᠵᠡᠷᠭᠡ ᠤᠬᠠᠭᠤᠯᠭ᠎ᠠ ᠶᠢᠨ ᠮᠠᠲ᠋ᠧᠷᠢᠶᠠᠯ ᠪᠠ ᠤᠬᠠᠭᠤᠯᠭ᠎ᠠ ᠶᠢᠨ ᠬᠠᠭᠤᠳᠠᠰᠤ ᠶᠢ 200 ᠭᠠᠷᠤᠶ ᠬᠤᠪᠢ ᠲᠠᠷᠬᠠᠭᠠᠪᠠ᠃ | | ᠠᠵᠢᠯᠯᠠᠭ᠎ᠠ ᠶᠢᠨ ᠲᠤᠬᠠᠶ ᠶᠢᠨ ᠲᠠᠯᠠᠪᠤᠷ ᠤᠨ ᠠᠵᠢᠯᠲᠠᠳ ᠥᠨᠳᠥᠷ ᠨᠠᠰᠤᠲᠠᠶ ᠨᠠᠰᠤᠲᠠᠶᠢᠴᠤᠳ ᠢ ᠬᠠᠪᠰᠤᠷᠤᠨ | 2024 ᠣᠨ ᠤ ᠨᠠᠰᠤᠵᠢᠯ ᠤᠨ ᠠᠰᠠᠷᠠᠮᠵᠢ ᠶᠢᠨ ᠬᠢᠷᠢ ᠬᠡᠮ ᠤᠨ ᠭᠡᠷᠡᠴᠢᠯᠡᠯ ᠢ ᠠᠮᠵᠢᠯᠲᠠᠲᠠᠶ ᠭᠡᠷᠡᠴᠢᠯᠡᠭᠰᠡᠨ ᠪᠥᠭᠡᠳ | ᠡᠮᠴᠢᠯᠡᠭᠡᠨ ᠤ ᠠᠪᠤᠷᠠᠨ ᠲᠤᠰᠠᠯᠠᠯᠲᠠ ᠶᠢᠨ ᠬᠤᠯᠪᠣᠭᠳᠠᠯ ᠪᠥᠬᠦᠶ ᠲᠥᠷᠥ ᠶᠢᠨ ᠪᠣᠳᠣᠯᠭ᠎ᠠ ᠳᠤ ᠢᠳᠡᠪᠬᠢᠲᠡᠶ | ᠬᠠᠷᠢᠭᠤᠯᠲᠠ ᠥᠭᠴᠦ᠂ ᠥᠷᠭᠡᠨ ᠣᠯᠠᠨ ᠰᠠᠭᠤᠭᠠᠯᠢ ᠠᠷᠠᠳ ᠤᠨ ᠨᠡᠶᠢᠭᠡᠮ ᠤᠨ ᠠᠪᠤᠷᠠᠨ ᠲᠤᠰᠠᠯᠠᠯᠲᠠ ᠶᠢᠨ | ᠲᠥᠷᠥ ᠶᠢᠨ ᠪᠣᠳᠣᠯᠭ᠎ᠠ ᠤᠨ ᠲᠤᠬᠠᠶ ᠣᠶᠢᠯᠠᠭᠠᠯᠲᠠ ᠶᠢ ᠭᠦᠨᠵᠡᠭᠡᠶᠢᠷᠡᠭᠦᠯᠦᠨ᠂ ᠨᠡᠶᠢᠭᠡᠮ ᠤᠨ ᠠᠪᠤᠷᠠᠨ | ᠲᠤᠰᠠᠯᠠᠯᠲᠠ ᠶᠢᠨ ᠲᠥᠷᠥ ᠶᠢᠨ ᠪᠣᠳᠣᠯᠭ᠎ᠠ ᠶᠢ ᠦᠨᠡᠨ ᠬᠦ ᠣᠯᠠᠨ ᠲᠦᠮᠡᠨ ᠤ ᠳᠡᠷᠭᠡᠳᠡ ᠬᠦᠷᠭᠡᠭᠰᠡᠨ ᠪᠠᠶᠢᠨ᠎ᠠ᠃ | ᠳᠠᠷᠠᠭᠠᠴᠢ ᠶᠢᠨ ᠠᠯᠬᠤᠮ ᠳᠤ᠂ ᠮᠣᠳᠣᠨ ᠮᠠᠯᠵᠢᠯ ᠤᠨ ᠲᠠᠯᠠᠪᠠᠶ ᠨᠢ ᠳᠤᠮᠳᠠᠳᠤ ᠶᠢᠨ ᠦᠨᠳᠦᠰᠦᠲᠡᠨ ᠤ | ᠬᠠᠮᠲᠤ ᠶᠢᠨ ᠴᠣᠭᠴᠠ ᠶᠢᠨ ᠤᠬᠠᠮᠰᠠᠷ ᠢ ᠪᠠᠬᠢᠵᠢᠭᠦᠯᠬᠦ ᠭᠤᠣᠯ ᠱᠤᠭᠤᠮ ᠤᠨ ᠲᠣᠭᠤᠷᠢᠨ ᠳᠤ᠂ ᠦᠨᠳᠦᠰᠦᠲᠡᠨ ᠤ | ᠪᠦᠯᠬᠦᠮᠳᠡᠯ ᠳᠠᠪᠰᠢᠯᠲᠠ ᠶᠢᠨ ᠡᠭᠦᠳᠦᠨ ᠪᠠᠶᠢᠭᠤᠯᠬᠤ ᠠᠵᠢᠯᠯᠠᠭ᠎ᠠ ᠶᠢ ᠢᠳᠡᠪᠬᠢᠲᠡᠶ ᠥᠷᠨᠢᠭᠦᠯᠵᠦ᠂ ᠣᠯᠠᠨ ᠲᠦᠮᠡᠨ ᠤ | ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠡᠭᠦᠳᠦᠨ ᠪᠠᠶᠢᠭᠤᠯᠬᠤ ᠠᠵᠢᠯ ᠤᠨ ᠲᠤᠬᠠᠶ ᠣᠶᠢᠯᠠᠭᠠᠬᠤ ᠨᠣᠷᠮ᠎ᠠ ᠪᠠ | ᠣᠷᠣᠯᠴᠠᠬᠤ ᠬᠡᠪᠴᠢᠶ᠎ᠡ ᠶᠢ ᠲᠠᠰᠤᠷᠠᠯᠲᠠ ᠥᠬᠡᠶ ᠳᠡᠭᠡᠭᠰᠢᠯᠡᠭᠦᠯᠦᠨ᠂ ᠪᠣᠳᠠᠲᠤ ᠠᠵᠢᠯᠯᠠᠭ᠎ᠠ ᠪᠠᠷ ᠢᠶᠠᠨ | ᠦᠨᠳᠦᠰᠦᠲᠡᠨ ᠨᠦᠭᠦᠳ ᠢ ᠠᠨᠠᠷ ᠤᠨ ᠦᠷ᠎ᠡ ᠰᠢᠭ ᠨᠢᠭᠲᠠᠷᠠᠨ ᠪᠦᠯᠬᠦᠮᠳᠡᠬᠦ ᠶᠢ ᠠᠬᠢᠭᠤᠯᠵᠤ᠂ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠦᠵᠡᠯ ᠤᠬᠠᠮᠰᠠᠷ ᠢ ᠪᠠᠲᠤ ᠪᠠᠬᠢ ᠪᠣᠯᠭᠠᠵᠤ᠂ ᠪᠥᠬᠦ ᠤᠯᠤᠰ ᠤᠨ | ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠠᠶᠢᠮᠠᠭ ᠢ ᠡᠭᠦᠳᠦᠨ ᠪᠠᠶᠢᠭᠤᠯᠬᠤ ᠳᠤ ᠬᠦᠴᠦᠨ | ᠴᠢᠳᠠᠯ ᠢᠶᠠᠨ ᠡᠷᠭᠦᠨ᠎ᠡ᠃ | | |