ᠰᠢᠯᠢ ᠶᠢᠨ ᠬᠤᠲᠠ ᠶᠢᠨ ᠸᠧᠶᠣᠸᠠᠨ ᠰᠠᠭᠠᠯᠢ ᠶᠢᠨ ᠦᠨᠢᠶᠡᠨ ᠤ ᠲᠠᠯᠠᠪᠠᠶ 2024 ᠣᠨ ᠤ ᠬᠤᠶᠠᠳᠤᠭᠠᠷ ᠤᠯᠠᠷᠢᠯ ᠤᠨ ᠠᠶᠤᠯᠭᠦᠢ ᠦᠢᠯᠡᠳᠪᠦᠷᠢᠯᠡᠯ ᠤᠨ ᠶᠡᠭᠡ ᠪᠠᠶᠢᠴᠠᠭᠠᠯᠲᠠ ᠵᠢᠴᠢ ᠲᠠᠪᠤᠨ ᠰᠠᠷ᠎ᠠ ᠶᠢᠨ ᠨᠢᠭᠡᠨ ᠤ ᠪᠠᠶᠠᠷ ᠤᠨ ᠡᠳᠦᠷ ᠠᠴᠠ ᠡᠮᠦᠨᠡᠬᠢ ᠠᠶᠤᠯᠭᠦᠢ ᠦᠢᠯᠡᠳᠪᠦᠷᠢᠯᠡᠯ ᠤᠨ ᠪᠠᠶᠢᠴᠠᠭᠠᠯᠲᠠ ᠶᠢ ᠦᠷᠨᠢᠭᠦᠯᠪᠡ
ᠨᠡᠶᠢᠲᠡᠯᠡᠭᠰᠡᠨ ᠴᠠᠭ᠄
2024/5/4
     ᠰᠢ ᠶᠢᠨ ᠫᠢᠩ ᠶᠡᠷᠦᠩᠬᠡᠢ ᠱᠦᠵᠢ ᠶᠢᠨ ᠠᠶᠤᠯᠭᠦᠢ ᠦᠢᠯᠡᠳᠪᠦᠷᠢᠯᠡᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ  ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ ᠠᠶᠤᠯᠭᠦᠢ ᠦᠢᠯᠡᠳᠪᠦᠷᠢᠯᠡᠯ ᠤᠨ ᠠᠵᠢᠯ ᠤᠨ ᠱᠠᠭᠠᠷᠳᠠᠯᠭ᠎ᠠ ᠶᠢ ᠯᠠᠪᠳᠠᠭᠤᠨ ᠪᠠᠲᠤᠲᠠᠢ ᠨᠠᠶᠢᠳᠠᠪᠤᠷᠢᠵᠢᠭᠤᠯᠵᠤ᠂ ᠠᠶᠤᠯᠭᠦᠢ ᠦᠢᠯᠡᠳᠪᠦᠷᠢᠯᠡᠯ ᠤᠨ ᠠᠶᠤᠯ ᠲᠦᠭᠰᠢᠭᠦᠷᠢ ᠶᠢ ᠪᠦᠲᠦᠮᠵᠢᠲᠡᠢ ᠰᠡᠷᠭᠡᠶᠢᠯᠡᠵᠦ᠂ ᠠᠶᠤᠯᠭᠦᠢ ᠦᠢᠯᠡᠳᠪᠦᠷᠢᠯᠡᠯ ᠤᠨ ᠠᠳᠡᠯ ᠭᠠᠷᠬᠤ ᠶᠢ ᠬᠤᠷᠢᠭᠯᠠᠵᠤ᠂ 4 ᠰᠠᠷ᠎ᠠ ᠶᠢᠨ 28 ᠎ ᠤ ᠡᠳᠦᠷ᠂  ᠸᠧᠶᠣᠸᠠᠨ ᠰᠠᠭᠠᠯᠢ ᠶᠢᠨ ᠦᠨᠢᠶᠡᠨ ᠤ ᠲᠠᠯᠠᠪᠠᠢ ᠶᠢᠨ ᠳᠠᠷᠤᠭ᠎ᠠ ᠷᠧᠨ ᠳ᠋ᠢᠶᠠᠨ ᠢᠦᠢ ᠲᠠᠯᠠᠪᠠᠢ ᠶᠢᠨ ᠤᠳᠤᠷᠢᠳᠬᠤ ᠪᠠᠭ ᠤᠨ ᠪᠦᠷᠢᠯᠳᠦᠭᠦᠨ ᠢᠶᠠᠨ ᠳᠠᠭᠠᠭᠤᠯᠤᠨ 2024 ᠣᠨ ᠤ ᠬᠤᠶᠠᠳᠤᠭᠠᠷ ᠤᠯᠠᠷᠢᠯ ᠤᠨ ᠠᠶᠤᠯᠭᠦᠢ ᠦᠢᠯᠡᠳᠪᠦᠷᠢᠯᠡᠯ ᠤᠨ ᠶᠡᠭᠡ ᠪᠠᠶᠢᠴᠠᠭᠠᠯᠲᠠ ᠵᠢᠴᠢ ︽5·1︾ ᠎ ᠤ ᠪᠠᠶᠠᠷ ᠠᠴᠠ ᠡᠮᠦᠨᠡᠬᠢ ᠠᠶᠤᠯᠭᠦᠢ ᠦᠢᠯᠡᠳᠪᠦᠷᠢᠯᠡᠯ ᠤᠨ ᠪᠠᠶᠢᠴᠠᠭᠠᠯᠲᠠ ᠶᠢᠨ ᠠᠵᠢᠯ ᠢ ᠥᠷᠨᠢᠭᠦᠯᠵᠡᠢ᠃      ᠲᠣᠰ ᠤᠳᠠᠭᠠᠨ ᠤ ᠪᠠᠶᠢᠴᠠᠭᠠᠯᠲᠠ ᠳᠤ ᠭᠤᠣᠯᠳᠠᠭᠤ ᠰᠢᠲᠠᠮᠠᠬᠠᠢ ᠬᠡᠢ ᠶᠢᠨ ᠬᠡᠷᠡᠭᠯᠡᠯᠲᠡ᠂ ᠲᠠᠷᠢᠶᠠᠯᠠᠩ ᠪᠠ ᠮᠠᠯ ᠠᠵᠤ ᠠᠬᠤᠢ ᠶᠢᠨ ᠮᠠᠰᠢᠨ ᠲᠥᠬᠦᠭᠡᠷᠦᠮᠵᠢ᠂ ᠭᠠᠯ ᠤᠨᠲᠠᠷᠠᠭᠠᠬᠤ ᠠᠮᠤᠷ ᠲᠦᠪᠰᠢᠨ ᠵᠡᠷᠭᠡ ᠳᠤ ᠠᠮᠤᠷ ᠲᠦᠪᠰᠢᠨ ᠤ ᠳᠠᠯᠳᠠ ᠬᠡᠮ ᠢ ᠵᠢᠭᠰᠠᠭᠠᠨ ᠪᠠᠶᠢᠴᠠᠭᠠᠵᠤ᠂ ᠦᠢᠯᠡᠳᠪᠦᠷᠢᠯᠡᠯ ᠡᠵᠡᠩᠨᠡᠯᠲᠡ ᠶᠢᠨ ᠣᠷᠴᠢᠨ ᠲᠣᠭᠤᠷᠢᠨ᠂ ᠦᠢᠯᠡᠳᠪᠦᠷᠢᠯᠡᠵᠦ ᠬᠠᠳᠠᠭᠠᠯᠠᠬᠤ ᠲᠠᠯᠠᠪᠤᠷ ᠭᠠᠵᠠᠷ᠂ ᠦᠢᠯᠡᠳᠪᠦᠷᠢᠯᠡᠯ ᠤᠨ ᠲᠥᠬᠦᠭᠡᠷᠦᠮᠵᠢ᠂ ᠠᠮᠤᠷ ᠲᠦᠪᠰᠢᠨ ᠤ ᠲᠥᠬᠦᠭᠡᠷᠦᠮᠵᠢ᠂ ᠭᠠᠯ ᠤᠨᠲᠠᠷᠠᠭᠠᠬᠤ ᠪᠠᠭᠠᠵᠢ ᠬᠡᠷᠡᠭᠰᠡᠯ ᠤᠨ ᠲᠣᠬᠢᠷᠠᠭᠤᠯᠤᠯᠲᠠ ᠵᠡᠷᠭᠡ ᠪᠠᠶᠢᠳᠠᠯ ᠢ ᠭᠤᠣᠯᠳᠠᠯᠭ᠎ᠠ ᠲᠠᠢ ᠪᠠᠶᠢᠴᠠᠭᠠᠨ ᠦᠵᠡᠪᠡ᠃ ᠪᠠᠶᠢᠴᠠᠭᠠᠬᠤ ᠳᠤᠭᠤᠶᠢᠯᠠᠩ ᠤᠨ ᠬᠢᠨ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠬᠦ᠂ ᠡᠬᠡ ᠲᠠᠩᠰᠠ ᠶᠢ ᠪᠠᠶᠢᠴᠠᠭᠠᠨ ᠦᠵᠡᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠪᠥᠬᠦ ᠲᠠᠯᠠᠪᠠᠶ ᠶᠢᠨ ᠨᠢᠭᠡᠳᠦᠭᠡᠷ ᠹᠷᠣᠨᠲ ᠤᠨ ᠦᠢᠯᠡᠳᠪᠦᠷᠢᠯᠡᠯ ᠤᠨ ᠰᠠᠯᠠᠭ᠎ᠠ ᠮᠥᠴᠢᠷ ᠲᠤ ᠭᠦᠨᠵᠡᠭᠡᠢ ᠪᠠᠶᠢᠴᠠᠭᠠᠯᠲᠠ ᠬᠢᠭᠰᠡᠨ ᠪᠥᠭᠡᠳ ᠴᠢᠬᠤᠯᠠᠴᠢᠯᠠᠭᠰᠠᠨ ᠨᠢ᠂ ᠨᠢᠭᠡ ᠳᠤ ᠲᠣᠰ ᠤᠳᠠᠭᠠᠨ ᠤ ᠪᠠᠶᠢᠴᠠᠭᠠᠯᠲᠠ ᠶᠢᠨ ᠳᠤᠮᠳᠠ ᠢᠯᠡᠷᠡᠭᠦᠯᠦᠭᠰᠡᠨ ᠠᠰᠠᠭᠤᠳᠠᠯ ᠢ ᠡᠯ᠎ᠡ ᠰᠠᠯᠠᠭ᠎ᠠ ᠮᠥᠴᠢᠷ ᠤᠨ ᠬᠢᠨ ᠲᠣᠭᠲᠠᠭᠰᠠᠨ ᠬᠤᠭᠤᠴᠠᠭᠠᠨ ᠳᠤ ᠴᠡᠭᠴᠡᠯᠡᠨ ᠰᠠᠶᠢᠵᠢᠷᠠᠭᠤᠯᠵᠤ᠂ ᠠᠮᠤᠷ ᠲᠦᠪᠰᠢᠨ ᠤ ᠳᠠᠯᠳᠠ ᠬᠡᠮ ᠤᠨ ᠠᠰᠠᠭᠤᠳᠠᠯ ᠢ ᠴᠠᠭ ᠲᠤᠬᠠᠢ ᠳᠤᠨᠢ ᠠᠷᠢᠯᠭᠠᠵᠤ᠂ ᠥᠨᠴᠥᠭ ᠪᠤᠯᠤᠩ ᠦᠯᠡᠳᠡᠭᠡᠬᠦ ᠦᠭᠡᠢ ᠪᠠᠶᠢᠵᠤ᠂ ᠤᠷᠢᠳᠴᠢᠯᠠᠨ ᠰᠡᠷᠭᠡᠶᠢᠯᠡᠬᠦ ᠶᠢ ᠦᠨᠡᠨ ᠬᠦ ᠪᠡᠶᠡᠯᠡᠭᠦᠯᠬᠦ ᠬᠡᠷᠡᠭᠲᠡᠢ᠃ ᠬᠤᠶᠠᠷ ᠲᠤ ᠤᠬᠠᠭᠤᠯᠭ᠎ᠠ ᠶᠢᠨ ᠠᠵᠢᠯ ᠢ ᠰᠠᠶᠢᠲᠤᠷ ᠬᠢᠵᠦ᠂ ᠠᠵᠢᠯᠲᠠᠨ ᠠᠵᠢᠯᠴᠢᠳ ᠲᠤ ᠭᠠᠯ ᠤᠨᠲᠠᠷᠠᠭᠠᠬᠤ ᠠᠮᠤᠷ ᠲᠦᠪᠰᠢᠨ᠂ ᠭᠠᠯ ᠴᠠᠬᠢᠯᠭᠠᠨ ᠬᠡᠷᠡᠭᠯᠡᠬᠦ ᠠᠮᠤᠷ ᠲᠦᠪᠰᠢᠨ ᠵᠡᠷᠭᠡ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠵᠦ᠂ ᠠᠶᠤᠯ ᠦᠭᠡᠢ ᠦᠢᠯᠡᠳᠪᠦᠷᠢᠯᠡᠯ ᠤᠨ ᠪᠣᠯᠪᠠᠰᠤᠷᠠᠭᠤᠯᠤᠯ ᠢ ᠲᠣᠭᠲᠠᠮᠠᠯ ᠬᠤᠭᠤᠴᠠᠭ᠎ᠠ ᠲᠠᠢ ᠪᠠᠷ ᠥᠷᠨᠢᠭᠦᠯᠵᠦ᠂ ᠳᠠᠯᠳᠠ ᠬᠡᠮ ᠤᠨ ᠠᠰᠠᠭᠤᠳᠠᠯ ᠢ ᠡᠷᠲᠡ ᠰᠡᠷᠭᠡᠶᠢᠯᠡᠬᠦ᠂ ᠡᠷᠲᠡ ᠢᠯᠡᠷᠡᠭᠦᠯᠬᠦ᠂ ᠡᠷᠲᠡ ᠡᠵᠡᠮᠳᠡᠬᠦ᠂ ᠡᠷᠲᠡ ᠠᠷᠢᠯᠭᠠᠬᠤ ᠶᠢ ᠦᠨᠡᠨᠬᠦ ᠪᠡᠶᠡᠯᠡᠭᠦᠯᠬᠦ ᠬᠡᠷᠡᠭᠲᠡᠢ᠃      ᠳᠠᠷᠠᠭᠠᠴᠢ ᠶᠢᠨ ᠠᠯᠬᠤᠮ ᠳᠤ᠂ ᠸᠧᠶᠣᠸᠠᠨ ᠰᠠᠭᠠᠯᠢ ᠶᠢᠨ ᠦᠨᠢᠶᠡᠨ ᠤ ᠲᠠᠯᠠᠪᠠᠢ ᠶᠢᠨ ᠬᠢᠨ ᠠᠶᠤᠯᠭᠦᠢ ᠦᠢᠯᠡᠳᠪᠦᠷᠢᠯᠡᠯ ᠤᠨ ᠡᠬᠢ ᠡᠭᠦᠰᠦᠯ ᠠᠴᠠ ᠨᠢ ᠬᠠᠮᠢᠶᠠᠷᠤᠨ ᠡᠵᠡᠮᠳᠡᠬᠦ ᠪᠠ ᠭᠡᠮ ᠰᠣᠭᠤᠭ ᠢ ᠵᠠᠰᠠᠬᠤ ᠶᠢ ᠦᠷᠭᠦᠯᠵᠢᠯᠡᠨ ᠴᠢᠩᠭᠠᠳᠬᠠᠵᠤ᠂ ᠭᠤᠣᠯᠳᠠᠯᠭ᠎ᠠ ᠲᠠᠢ ᠭᠤᠭᠴᠤᠭ᠎ᠠ ᠶᠢ ᠴᠢᠩᠭ᠎ᠠ ᠠᠩᠬᠠᠷᠴᠤ ᠵᠢᠭᠰᠠᠭᠠᠨ ᠪᠠᠶᠢᠴᠠᠭᠠᠬᠤ ᠶᠢ ᠠᠳᠬᠤᠵᠤ᠂ ᠠᠰᠠᠭᠤᠳᠠᠯ ᠭᠡᠮ ᠰᠣᠭᠤᠭ ᠲᠠᠢ ᠨᠢᠭᠲᠠ ᠤᠶᠠᠯᠳᠤᠭᠤᠯᠵᠤ ᠴᠡᠭᠴᠡᠯᠡᠨ ᠰᠠᠶᠢᠵᠢᠷᠠᠭᠤᠯᠬᠤ ᠶᠢ ᠠᠳᠬᠤᠵᠤ᠂  ᠰᠢᠰᠲ᠋ᠧᠮᠳᠣ ᠰᠡᠳᠬᠢᠬᠦᠢ ᠶᠢ ᠴᠢᠩᠭᠠᠳᠬᠠᠵᠤ᠂ ᠵᠠᠰᠠᠯᠲᠠ ᠶᠢ ᠠᠳᠬᠤᠬᠤ ᠶᠢᠨ ᠬᠠᠮᠲᠤ ᠤᠬᠠᠭᠤᠯᠭ᠎ᠠ ᠬᠥᠮᠦᠵᠢᠯ ᠢ ᠴᠢᠩᠭᠠᠳᠬᠠᠵᠤ᠂ ᠪᠦᠬᠦ ᠲᠠᠯᠠᠪᠠᠢ ᠶᠢᠨ ᠠᠶᠤᠯᠭᠦᠢ ᠦᠢᠯᠡᠳᠪᠦᠷᠢᠯᠡᠯ ᠤᠨ ᠪᠠᠶᠢᠳᠠᠯ ᠤᠨ ᠲᠣᠭᠲᠠᠭᠤᠨ ᠢᠶᠠᠷ ᠰᠠᠶᠢᠵᠢᠷᠠᠬᠤ ᠶᠢ ᠪᠠᠲᠤᠯᠠᠵᠤ᠂ ᠥᠷᠭᠡᠨ ᠤᠯᠠᠨ ᠠᠵᠢᠯᠲᠠᠨ ᠠᠵᠢᠯᠴᠢᠨ ᠤ ᠠᠮᠢ ᠨᠠᠰᠤᠨ ᠤ ᠠᠮᠤᠷ ᠲᠦᠪᠰᠢᠨ ᠪᠣᠯᠣᠨ ᠠᠵᠤ ᠠᠬᠤᠶᠢᠯᠠᠯ ᠤᠨ ᠡᠳ᠋ ᠬᠥᠷᠥᠩᠭᠡ ᠶᠢᠨ ᠠᠮᠤᠷ ᠲᠦᠪᠰᠢᠨ ᠢ ᠬᠠᠮᠠᠭᠠᠯᠠᠨ᠎ᠠ᠃
 
ᠢᠷᠡᠯᠲᠡ᠄ ᠰᠢᠯᠢ ᠶᠢᠨ ᠬᠤᠲᠠ ᠶᠢᠨ ᠵᠠᠰᠠᠭ ᠤᠨ ᠶᠠᠪᠣᠳᠠᠯ ᠤᠨ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号