ᠪᠤᠯᠠᠭᠠᠨ ᠰᠤᠮᠤ ᠨᠢ ᠣᠷᠤᠨ ᠨᠤᠲᠤᠭ ᠶᠢᠨ ᠴᠢᠳᠠᠪᠤᠷᠢᠲᠠᠨ ᠢ ᠢᠳᠡᠪᠬᠢᠲᠡᠢ ᠬᠥᠮᠦᠵᠢᠭᠦᠯᠪᠡ
ᠨᠡᠶᠢᠲᠡᠯᠡᠭᠰᠡᠨ ᠴᠠᠭ᠄
2024/5/7
     2023 ᠣᠨ ᠳᠤ ᠪᠤᠯᠠᠭᠠᠨ ᠰᠤᠮᠤ ᠨᠢ ᠣᠷᠤᠨ ᠨᠤᠲᠤᠭ ᠶᠢᠨ ᠴᠢᠳᠠᠪᠤᠷᠢᠲᠠᠨ ᠢ ᠢᠳᠡᠪᠬᠢᠲᠡᠢ ᠬᠥᠮᠦᠵᠢᠭᠦᠯᠪᠡ ᠃ ᠨᠠᠮ ᠵᠠᠰᠠᠭ ᠤᠨ ᠦᠢᠯᠡᠴᠢᠯᠡᠭᠡᠨ ᠤ ᠲᠤᠰᠬᠠᠢ ᠮᠡᠷᠭᠡᠵᠢᠯᠲᠡᠨ ᠤ ᠳᠦᠷᠢᠮ ᠢ ᠬᠡᠷᠡᠭᠵᠢᠭᠦᠯᠵᠦ᠂ 120 ᠨᠡᠷ᠎ᠡ ᠮᠠᠯᠴᠢᠳ ᠢ ᠥᠨᠳᠥᠷ ᠬᠡᠪ ᠴᠢᠨᠠᠷ ᠪᠦᠬᠦᠢ ᠮᠠᠯᠴᠢᠨ ᠲᠠᠷᠢᠶᠠᠴᠢᠨ ᠤ ᠪᠣᠯᠪᠠᠰᠤᠷᠠᠭᠤᠯᠤᠯ ᠳᠤ ᠰᠤᠩᠭᠤᠨ ᠲᠣᠮᠢᠯᠠᠨ ᠣᠷᠣᠯᠴᠠᠭᠤᠯᠵᠤ᠂ 4 ᠨᠡᠷ᠎ᠡ ᠮᠠᠯᠴᠢᠨ ᠢ ᠥᠪᠡᠷᠲᠡᠭᠡᠨ ᠵᠠᠰᠠᠬᠤ ᠣᠷᠤᠨ ᠤ ᠬᠦᠳᠡᠭᠡ ᠲᠣᠰᠬᠤᠨ ᠤ ᠠᠵᠤ ᠦᠢᠯᠡᠰ ᠤᠨ ︽ᠲᠦᠷᠦᠭᠦᠴᠢ ᠭᠠᠯᠠᠭᠤ︾᠎ ᠶᠢᠨ ᠲᠦᠷᠦᠯ ᠳᠤ ᠲᠠᠨᠢᠯᠴᠠᠭᠤᠯᠤᠨ᠂ 1 ᠬᠥᠮᠦᠨ ᠢ ︽ᠵᠠᠯᠠᠭᠤᠴᠤᠳ ᠤᠮᠠᠷᠠᠲᠤ ᠬᠢᠵᠠᠭᠠᠷ︾ ᠰᠢᠭᠤᠳ ᠨᠡᠪᠲᠡᠷᠡᠭᠦᠯᠭᠡ ᠶᠢᠨ ᠴᠢᠳᠠᠪᠤᠷᠢᠲᠠᠨ ᠤ ᠬᠥᠮᠥᠷᠭᠡ ᠳᠤ ᠣᠷᠣᠭᠤᠯᠤᠨ᠂ 1 ᠬᠥᠮᠦᠨ ᠢ ᠪᠦᠬᠦ ᠣᠷᠤᠨ ᠤ ᠵᠠᠯᠠᠭᠤ ᠮᠠᠯᠴᠢᠨ ᠲᠠᠷᠢᠶᠠᠴᠢᠳ ᠤᠨ ᠪᠣᠯᠪᠠᠰᠤᠷᠠᠭᠤᠯᠤᠯ ᠶᠢᠨ ᠠᠩᠭᠢ ᠳᠤ ᠣᠷᠣᠯᠴᠠᠭᠤᠯᠬᠤ ᠪᠠᠷ ᠲᠠᠨᠢᠯᠴᠠᠭᠤᠯᠪᠠ᠃ 3 ᠬᠥᠮᠦᠨ ᠪᠦᠬᠦ ᠠᠶᠢᠮᠠᠭ ᠤᠨ ︽ᠬᠦᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠠᠯᠠᠭᠤᠴᠤᠳ ᠤᠨ ᠬᠤᠰᠢᠭᠤᠴᠢ ︾᠎ ᠪᠠᠷ ᠦᠨᠡᠯᠡᠭᠳᠡᠵᠦ᠂ 2 ᠨᠡᠷ᠎ᠡ ᠮᠠᠯᠴᠢᠨ ᠪᠦᠬᠦ ᠣᠷᠤᠨ ᠤ ᠬᠦᠳᠡᠭᠡ ᠲᠣᠰᠬᠤᠨ ᠢ ᠬᠦᠭᠵᠢᠨ ᠮᠠᠨᠳᠤᠭᠤᠯᠬᠤ ᠠᠵᠢᠯ ᠦᠢᠯᠡᠰ ᠤᠨ ᠤᠷ᠎ᠠ ᠴᠢᠳᠠᠪᠤᠷᠢ ᠶᠢᠨ ᠤᠷᠤᠯᠳᠤᠭᠠᠨ ᠳᠤ ᠲᠤᠰ ᠲᠤᠰ ᠨᠢᠭᠡᠳᠦᠭᠡᠷ᠂ ᠬᠤᠶᠠᠳᠤᠭᠠᠷ ᠨᠡᠷ᠎ᠡ ᠶᠢᠨ ᠦᠷ᠎ᠡ ᠪᠦᠲᠦᠮᠵᠢ ᠶᠢ ᠣᠯᠪᠠ᠃ ᠲᠠᠷᠢᠶᠠᠯᠠᠩ ᠦᠢᠯᠡᠰ ᠤᠨ ᠪᠥᠲᠥᠭᠡᠭᠳᠡᠭᠦᠨ ᠢ ᠬᠢᠨᠠᠨ ᠬᠠᠮᠢᠶᠠᠷᠤᠭᠴᠢ᠂ ᠭᠡᠷ ᠪᠦᠯᠢ ᠶᠢᠨ ᠮᠠᠯᠵᠢᠯ ᠤᠨ ᠲᠠᠯᠠᠪᠡᠢ ᠪᠠ ᠲᠠᠷᠢᠶᠠᠯᠠᠩ ᠦᠢᠯᠡᠳᠪᠦᠷᠢᠯᠡᠯ ᠤᠨ ᠲᠣᠮᠤ ᠡᠷᠦᠬᠡ ᠵᠡᠷᠭᠡ 14 ᠬᠥᠮᠦᠨ ᠲᠠᠷᠢᠶᠠᠯᠠᠩ ᠦᠢᠯᠡᠰ ᠤᠨ ᠪᠦᠲᠦᠭᠡᠭᠳᠡᠬᠦᠨ ᠤ ᠠᠮᠤᠷ ᠲᠦᠪᠰᠢᠨ ᠢ ᠬᠢᠨᠠᠨ ᠰᠢᠯᠭᠠᠬᠤ ᠪᠣᠯᠪᠠᠰᠤᠷᠠᠯ ᠤᠨ ᠠᠩᠭᠢ ᠳᠤ ᠵᠣᠬᠢᠶᠠᠨ ᠪᠠᠶᠢᠭᠤᠯᠤᠨ ᠣᠷᠣᠯᠴᠠᠭᠤᠯᠵᠤ᠂ ᠬᠠᠤᠯᠢ ᠰᠤᠷᠴᠤ ᠬᠠᠤᠯᠢ ᠬᠡᠷᠡᠭᠵᠢᠭᠦᠯᠬᠦ ᠵᠢᠱᠢᠶ᠎ᠡ ᠦᠵᠡᠭᠦᠯᠬᠦ 22 ᠡᠷᠦᠬᠡ ᠶᠢ ᠵᠣᠬᠢᠶᠠᠨ ᠪᠠᠶᠢᠭᠤᠯᠵᠤ᠂ ᠲᠠᠷᠢᠶᠠᠯᠠᠩ ᠮᠠᠯᠵᠢᠯ ᠦᠢᠯᠡᠰ ᠤᠨ ᠬᠠᠤᠯᠢ ᠴᠠᠭᠠᠵᠠ ᠬᠠᠤᠯᠢ ᠳᠦᠷᠢᠮ ᠤᠨ ᠪᠣᠯᠪᠠᠰᠤᠷᠠᠯ ᠤᠨ ᠠᠩᠭᠢ ᠳᠤ ᠣᠷᠤᠯᠴᠠᠭᠤᠯᠤᠨ᠂ ᠰᠣᠮᠣ ᠪᠠᠯᠭᠠᠰᠤ ᠶᠢᠨ ᠳᠡᠰ ᠤᠨ ᠬᠦᠳᠡᠭᠡ ᠲᠣᠰᠬᠤᠨ ᠢ ᠬᠦᠭᠵᠢᠨ ᠮᠠᠨᠳᠤᠭᠤᠯᠬᠤ ᠬᠤᠯᠪᠣᠭᠳᠠᠯ ᠪᠥᠬᠦᠶ ᠪᠣᠯᠪᠠᠰᠤᠷᠠᠯ ᠢ 30 ᠭᠠᠷᠤᠢ ᠤᠳᠠᠭ᠎ᠠ ᠥᠷᠨᠢᠭᠦᠯᠵᠦ᠂ 5 ᠤᠳᠠᠭ᠎ᠠ ᠭᠠᠳᠠᠭᠰᠢ ᠭᠠᠷᠴᠤ ᠰᠢᠨᠵᠢᠯᠡᠨ ᠪᠠᠶᠢᠴᠠᠭᠠᠬᠤ ᠶᠢ ᠵᠣᠬᠢᠶᠠᠨ ᠪᠠᠶᠢᠭᠤᠯᠵᠤ᠂ 890 ᠭᠠᠷᠤᠢ ᠬᠥᠮᠦᠨ ᠤᠳᠠᠭ᠎ᠠ ᠶᠢ ᠬᠮᠤᠷᠴᠦ᠂ ᠮᠠᠯᠴᠢᠳ ᠲᠦᠮᠡᠨ ᠤ ᠬᠡᠪ ᠴᠢᠨᠠᠷ ᠬᠡᠪ ᠪᠣᠯᠪᠠᠰᠤᠷᠠᠯ ᠢ ᠤᠯᠠᠮ ᠨᠢᠭᠡ ᠠᠯᠬᠤᠮ ᠳᠡᠭᠡᠭᠰᠢᠯᠡᠭᠦᠯᠪᠡ᠃
 
ᠢᠷᠡᠯᠲᠡ᠄ ᠲᠤᠳᠤᠷᠬᠠᠢ ᠦᠭᠡᠢ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号