ᠰᠤᠷᠬᠤ ᠨᠠᠰᠤᠨ ᠠᠴᠠ ᠡᠮᠦᠨᠡᠬᠢ ᠬᠡᠤᠬᠡᠳ ᠤᠨ ᠡᠷᠡᠭᠦᠯ ᠮᠡᠨᠳᠦ ᠶᠢᠨ ᠬᠠᠮᠢᠶᠠᠷᠤᠯᠲᠠ ᠳᠤ ᠶᠠᠮᠠᠷ ᠶᠠᠮᠠᠷ ᠠᠭᠤᠯᠭ᠎ᠠ ᠪᠠᠶᠢᠬᠤ ᠪᠣᠶ︖
ᠨᠡᠶᠢᠲᠡᠯᠡᠭᠰᠡᠨ ᠴᠠᠭ᠄
2024/5/7
     4 - 6 ᠨᠠᠰᠤᠨ ᠤ ᠰᠤᠷᠬᠤ ᠨᠠᠰᠤᠨ ᠠᠴᠠ ᠡᠮᠦᠨᠡᠬᠢ ᠬᠡᠤᠬᠡᠳ ᠵᠢᠯ ᠪᠦᠷᠢ ᠨᠢᠭᠡ ᠤᠳᠠᠭ᠎ᠠ ᠡᠷᠡᠭᠦᠯ ᠮᠡᠨᠳᠦ ᠶᠢᠨ ᠬᠠᠮᠢᠶᠠᠷᠤᠯᠲᠠ ᠶᠢᠨ ᠦᠢᠯᠡᠴᠢᠯᠡᠭᠡ ᠬᠦᠷᠲᠡᠵᠦ ᠪᠣᠯᠤᠨ᠎ᠠ᠃ ᠲᠠᠷᠠᠬᠠᠶ ᠰᠠᠭᠤᠵᠤ ᠪᠠᠶᠢᠭ᠎ᠠ ᠬᠡᠤᠬᠡᠳ ᠤᠨ ᠡᠷᠡᠭᠦᠯ ᠮᠡᠨᠳᠦ ᠶᠢᠨ ᠬᠠᠮᠢᠶᠠᠷᠤᠯᠲᠠ ᠶᠢᠨ ᠦᠢᠯᠡᠴᠢᠯᠡᠭᠡᠨ ᠢ ᠰᠢᠶᠠᠩ ᠪᠠᠯᠭᠠᠰᠤ ᠶᠢᠨ ᠡᠷᠡᠭᠦᠯ ᠬᠠᠮᠠᠭᠠᠯᠠᠯ ᠤᠨ ᠬᠤᠷᠢᠶ᠎ᠠ ᠪᠤᠶᠤ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ ᠲᠤ ᠶᠠᠪᠤᠭᠳᠠᠭᠤᠯᠵᠤ᠂ ᠲᠥᠪᠯᠡᠷᠡᠨ ᠰᠠᠭᠤᠵᠤ ᠪᠠᠶᠢᠭ᠎ᠠ ᠬᠡᠤᠬᠡᠳ ᠢ ᠬᠡᠤᠬᠡᠳ ᠰᠠᠭᠠᠲᠠᠭᠤᠯᠬᠤ ᠪᠠᠶᠢᠭᠤᠯᠤᠮᠵᠢ ᠳᠤ ᠬᠢᠯᠭᠡᠵᠦ ᠪᠣᠯᠤᠨ᠎ᠠ᠃      ᠡᠭᠦᠨ ᠳᠤ᠄ ① ᠳᠡᠭᠡᠷ᠎ᠡ ᠤᠳᠠᠭ᠎ᠠ ᠠᠴᠠ ᠲᠤᠰ ᠤᠳᠠᠭᠠᠨ ᠤ ᠮᠥᠷᠳᠡᠨ ᠰᠤᠷᠪᠤᠯᠵᠢᠯᠠᠬᠤ ᠪᠣᠯᠲᠠᠯᠠᠬᠢ ᠢᠳᠡᠭᠡᠨ ᠤᠮᠳᠠᠭᠠᠨ᠂ ᠡᠪᠡᠳᠴᠢᠨ ᠡᠮᠭᠡᠭ ᠵᠡᠷᠭᠡ ᠪᠠᠶᠢᠳᠠᠯ ᠢ ᠠᠰᠠᠭᠤᠨ ᠯᠠᠪᠯᠠᠨ᠎ᠠ︔       ② ᠪᠡᠶ᠎ᠡ ᠶᠢᠨ ᠪᠠᠶᠢᠴᠠᠭᠠᠯᠲᠠ ᠪᠠ ᠰᠡᠳᠬᠢᠴᠡ ᠶᠢᠨ ᠦᠢᠯᠡ ᠠᠵᠢᠯᠯᠠᠭ᠎ᠠ ᠶᠢᠨ ᠪᠤᠶᠢᠵᠢᠯᠲᠠ ᠶᠢᠨ ᠦᠨᠡᠯᠡᠯᠲᠡ ᠬᠢᠵᠦ᠂ ᠴᠢᠰᠤᠨ ᠤ ᠵᠣᠷᠰᠢᠯ ᠤᠨ ᠪᠠᠶᠢᠴᠠᠭᠠᠯᠲᠠ ︵ᠪᠤᠶᠤ ᠴᠢᠰᠤᠨ ᠤ ᠤᠯᠠᠭᠠᠨ ᠤᠭᠤᠷᠠᠭ︶ ᠪᠠᠶᠢᠴᠠᠭᠠᠯᠲᠠ ᠪᠠ ᠬᠠᠷᠠᠭᠠᠨ ᠤ ᠪᠠᠶᠢᠴᠠᠭᠠᠯᠲᠠ ᠬᠢᠨ᠎ᠡ᠃       ③ ᠢᠳᠡᠭᠡᠨ ᠤᠮᠳᠠᠭᠠᠨ᠂ ᠥᠰᠥᠯᠲᠡ ᠪᠤᠶᠢᠵᠢᠯᠲᠠ᠂ ᠡᠪᠡᠳᠴᠢᠨ ᠡᠮᠭᠡᠭ ᠢ ᠤᠷᠢᠳᠴᠢᠯᠠᠨ ᠰᠡᠷᠭᠡᠶᠢᠯᠡᠬᠦ᠂ ᠰᠢᠷᠬᠠᠲᠤᠯ ᠢ ᠤᠷᠢᠳᠴᠢᠯᠠᠨ ᠰᠡᠷᠭᠡᠶᠢᠯᠡᠬᠦ᠂ ᠡᠷᠡᠭᠦᠯ ᠮᠡᠨᠳᠦ ᠶᠢ ᠬᠠᠮᠠᠭᠠᠯᠠᠬᠤ᠂ ᠠᠮᠠᠨ ᠬᠦᠨᠳᠡᠢ ᠶᠢᠨ ᠡᠷᠭᠦᠯ ᠮᠡᠨᠳᠦ᠂ ᠬᠢᠲᠠᠳ ᠡᠮᠨᠡᠯᠭᠡ ᠶᠢᠨ ᠡᠷᠡᠭᠦᠯ ᠮᠡᠨᠳᠦ ᠵᠡᠷᠭᠡ ᠡᠷᠡᠭᠦᠯ ᠮᠡᠨᠳᠦ ᠶᠢᠨ ᠵᠢᠯᠣᠭᠤᠳᠣᠯᠭ᠎ᠠ ᠬᠢᠨ᠎ᠡ᠃       ④ ᠤᠳᠠᠭ᠎ᠠ ᠪᠦᠷᠢ ᠰᠡᠷᠭᠡᠶᠢᠯᠡᠬᠦ ᠲᠠᠷᠢᠯᠭ᠎ᠠ ᠬᠢᠬᠦ ᠠᠴᠠ ᠡᠮᠦᠨ᠎ᠡ ᠴᠡᠭᠡᠷᠯᠡᠬᠦ ᠵᠦᠢᠯ ᠪᠠᠶᠢᠬᠤ ᠡᠰᠡᠬᠦ ᠶᠢ ᠪᠠᠶᠢᠴᠠᠭᠠᠬᠤ ᠬᠡᠷᠡᠭᠲᠡᠶ᠂ ᠬᠡᠷᠪᠡ ᠴᠡᠭᠡᠷᠯᠡᠬᠦ ᠵᠦᠢᠯ ᠦᠭᠡᠢ ᠪᠣᠯ ᠪᠡᠶ᠎ᠡ ᠶᠢᠨ ᠪᠠᠶᠢᠴᠠᠭᠠᠯᠲᠠ ᠳᠠᠭᠤᠰᠤᠭᠰᠠᠨ ᠤ ᠳᠠᠷᠠᠭ᠎ᠠ ᠸᠠᠺᠼᠢᠨ ᠤ ᠲᠠᠷᠢᠯᠭ᠎ᠠ ᠬᠢᠬᠦ ᠶᠢ ᠬᠦᠯᠢᠶᠡᠨ᠎ᠡ᠃
 
ᠢᠷᠡᠯᠲᠡ᠄ ᠰᠢᠯᠢ ᠶᠢᠨ ᠬᠤᠲᠠ ᠶᠢᠨ ᠵᠠᠰᠠᠭ ᠤᠨ ᠶᠠᠪᠣᠳᠠᠯ ᠤᠨ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号