ᠱᠧᠦ ᠹᠠᠩ ᠰᠢᠯᠢ ᠶᠢᠨ ᠭᠤᠣᠯ ᠤᠨ ᠪᠢᠰᠢᠯᠠᠭ ᠤᠨ ᠰᠣᠶᠣᠯ ᠤᠨ ᠠᠵᠤ ᠦᠢᠯᠡᠰ ᠤᠨ ᠬᠦᠷᠢᠶᠡᠯᠡᠩ ᠤᠨ ᠵᠢᠭᠤᠯᠴᠢᠯᠠᠯ ᠤᠨ ᠣᠷᠣᠨ ᠤ ᠲᠣᠪᠴᠢ ᠲᠠᠨᠢᠯᠴᠠᠭᠤᠯᠭ᠎ᠠ
ᠨᠡᠶᠢᠲᠡᠯᠡᠭᠰᠡᠨ ᠴᠠᠭ᠄
2024/5/7
     ᠱᠧᠦ ᠹᠠᠩ · ᠰᠢᠯᠢ ᠶᠢᠨ ᠭᠤᠣᠯ ᠤᠨ ᠪᠢᠰᠢᠯᠠᠭ ᠤᠨ ᠰᠣᠶᠣᠯ ᠤᠨ ᠠᠵᠤ ᠦᠢᠯᠡᠰ ᠤᠨ ᠬᠦᠷᠢᠶᠡᠯᠡᠩ ᠨᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠯᠢ ᠶᠢᠨ ᠬᠤᠲᠠ ᠶᠢᠨ ᠵᠡᠭᠦᠨ ᠬᠡᠰᠡᠭ ᠲᠤ ᠪᠠᠶᠢᠷᠢᠯᠠᠵᠤ᠂ ᠪᠦᠬᠦ᠋ᠢᠯᠡ ᠬᠦᠷᠢᠶᠡᠯᠡᠩ ᠲᠣᠭᠤᠷᠢᠭ ᠨᠢ ᠰᠢᠯᠢ ᠶᠢᠨ ᠭᠤᠣᠯ ᠠᠶᠢᠮᠠᠭ ᠤᠨ ᠨᠠᠮ ᠤᠨ ᠬᠤᠷᠢᠶ᠎ᠠ ᠵᠠᠬᠢᠷᠭ᠎ᠠ ᠪᠠ ᠰᠢᠯᠢ ᠶᠢᠨ ᠬᠤᠲᠠ ᠶᠢᠨ ᠨᠠᠮ ᠤᠨ ᠬᠤᠷᠢᠶ᠎ᠠ ᠵᠠᠰᠠᠭ ᠤᠨ ᠣᠷᠳᠣᠨ ᠤ ᠬᠦᠴᠦᠲᠡᠢ ᠳᠡᠮᠵᠢᠯᠭᠡ ᠪᠠ ᠵᠢᠯᠣᠭᠤᠳᠤᠯᠭ᠎ᠠ ᠳᠣᠣᠷ᠎ᠠ᠂ ᠳᠤᠮᠳᠠᠳᠤ ᠤᠯᠤᠰ ᠤᠨ ᠤᠯᠠᠮᠵᠢᠯᠠᠯᠲᠤ ᠪᠢᠰᠢᠯᠠᠭ ᠤᠨ ᠰᠣᠶᠣᠯ ᠢᠶᠠᠷ ᠭᠤᠣᠯ ᠰᠡᠳᠦᠪ ᠪᠣᠯᠭᠠᠨ ᠪᠠᠶᠢᠭᠤᠯᠤᠭᠰᠠᠨ ᠶᠡᠷᠦᠩᠬᠡᠶᠢᠯᠡᠭᠰᠡᠨ ᠴᠢᠨᠠᠷᠲᠠᠢ ᠰᠣᠶᠣᠯ ᠵᠢᠭᠤᠯᠴᠢᠯᠠᠯ ᠤᠨ ᠣᠷᠣᠨ ᠪᠣᠯᠣᠨ᠎ᠠ᠃ ᠦᠵᠡᠮᠵᠢ ᠶᠢᠨ ᠣᠷᠣᠨ ᠢ 2016 ᠣᠨ ᠳᠤ ᠡᠬᠢᠯᠡᠨ ᠪᠠᠶᠢᠭᠤᠯᠵᠤ᠂ 60 ᠮᠦ ᠭᠠᠵᠠᠷ  ᠂ 2022 ᠣᠨ ᠳᠤ ᠤᠯᠤᠰ ᠤᠨ 3A ᠲᠠᠰ ᠤᠨ ᠵᠢᠭᠤᠯᠴᠢᠯᠠᠯ ᠤᠨ ᠦᠵᠡᠮᠵᠢ ᠶᠢᠨ ᠣᠷᠣᠨ ᠢᠶᠠᠷ ᠵᠥᠪᠰᠢᠶᠡᠷᠡᠭᠳᠡᠪᠡ᠃      ᠪᠦᠬᠦ᠋ᠢᠯᠡ ᠬᠦᠷᠢᠶᠡᠯᠡᠩ ᠲᠣᠭᠤᠷᠢᠭ ᠨᠢ ︽ᠰᠢᠯᠢ ᠶᠢᠨ ᠭᠤᠣᠯ ᠤᠨ ᠪᠢᠰᠢᠯᠠᠭ︾᠎ ᠤᠨ ᠭᠠᠵᠠᠷ ᠵᠦᠢ ᠶᠢᠨ ᠪᠡᠯᠭᠡ ᠲᠡᠮᠳᠡᠭ ᠤᠨ ᠪᠦᠲᠦᠭᠡᠭᠳᠡᠬᠦᠨ ᠢᠶᠠᠷ ᠲᠦᠰᠢᠭ ᠪᠣᠯᠭᠠᠵᠤ᠂ ᠰᠢᠨ᠎ᠡ ᠡᠭᠦᠳᠦᠯᠲᠡ ᠲᠠᠢ ᠪᠠᠷ ᠪᠢᠰᠢᠯᠠᠭ ᠤᠨ ᠦᠢᠯᠡᠳᠪᠦᠷᠢᠯᠡᠯ ᠡᠳ᠋ᠰᠢᠭᠦᠯᠦᠯᠲᠡ ᠶᠢ ᠰᠣᠶᠣᠯ ᠵᠢᠭᠤᠯᠴᠢᠯᠠᠯ ᠲᠠᠢ ᠠᠭᠤᠰᠤᠯᠴᠠᠭᠤᠯᠵᠤ᠂ ︽ᠨᠢᠭᠡ ᠬᠤᠩᠭᠢᠯ ᠨᠢᠭᠡ ᠣᠷᠳᠣᠨ ᠬᠤᠶᠠᠷ ᠲᠥᠪ᠂ ᠲᠠᠪᠤᠨ ᠲᠣᠭᠤᠷᠢᠭ ᠭᠤᠷᠪᠠᠨ ᠪᠦᠰᠡ ᠬᠤᠶᠠᠷ ᠰᠠᠨᠠᠭ᠎ᠠ ᠠᠮᠤᠷ ᠪᠠᠶᠢᠬᠤ︾ ᠨᠠᠷᠢᠨ ᠨᠢᠮᠪᠠᠢ ᠪᠠᠶᠢᠷᠢᠯᠠᠭᠤᠯᠤᠯᠲᠠ ᠶᠣᠰᠣᠭᠠᠷ᠂ ᠪᠦᠬᠦ᠋ᠢᠯᠡ ᠬᠦᠷᠢᠶᠡᠯᠡᠩ ᠲᠣᠭᠤᠷᠢᠭ ᠢ ᠥᠨᠳᠥᠷ ᠶᠠᠰᠤ ᠴᠢᠨᠠᠷ ᠲᠠᠢ ᠠᠵᠤ ᠦᠢᠯᠡᠳᠪᠦᠷᠢ  ᠵᠢᠭᠤᠯᠴᠢᠯᠠᠯ ᠢ ᠤᠶᠠᠯᠳᠤᠭᠤᠯᠤᠭᠰᠠᠨ ᠵᠢᠱᠢᠶ᠎ᠡ ᠦᠵᠡᠭᠦᠯᠬᠦ ᠣᠷᠣᠨ ᠪᠣᠯᠭᠠᠨ ᠪᠦᠲᠦᠭᠡᠨ ᠪᠠᠶᠢᠭᠤᠯᠪᠠ᠃      ᠨᠢᠭᠡ ᠬᠤᠩᠭᠢᠯ ᠨᠢᠭᠡ ᠣᠷᠳᠣᠨ ᠬᠤᠶᠠᠷ ᠲᠥᠪ ᠨᠢ᠄ ᠪᠠᠷᠢᠮᠵᠢᠶᠠᠵᠢᠭᠤᠯᠤᠭᠰᠠᠨ ᠢᠳᠡᠭᠡᠨ ᠤ ᠵᠦᠢᠯ ᠤᠨ ᠦᠢᠯᠡᠳᠪᠦᠷᠢᠯᠡᠯ ᠤᠨ ᠲᠣᠭᠤᠷᠢᠨ ᠦᠵᠡᠬᠦ ᠬᠤᠩᠭᠢᠯ᠂ ᠳᠤᠮᠳᠠᠳᠤ ᠤᠯᠤᠰ ᠤᠨ ᠪᠢᠰᠢᠯᠠᠭ ᠤᠨ ᠰᠣᠶᠣᠯ ᠤᠨ ᠣᠷᠳᠣᠨ ᠪᠠ ᠵᠢᠭᠤᠯᠴᠢᠯᠠᠭᠴᠢᠳ ᠤᠨ ᠶᠡᠷᠦᠩᠬᠡᠶᠢᠯᠡᠭᠰᠡᠨ ᠦᠢᠯᠡᠴᠢᠯᠡᠭᠡᠨ ᠤ ᠲᠥᠪ᠂ ᠵᠢᠭᠤᠯᠴᠢᠯᠠᠯ ᠤᠨ ᠲᠠᠸᠠᠷ ᠬᠢᠭᠡᠳ ᠰᠣᠶᠣᠯ ᠤᠨ ᠡᠭᠦᠳᠦᠯᠲᠡ ᠶᠢᠨ ᠦᠢᠯᠡᠳᠬᠦᠨ ᠤ ᠰᠤᠳᠤᠯᠤᠨ ᠨᠡᠭᠡᠭᠡᠬᠦ ᠲᠥᠪ ᠪᠣᠯᠣᠨ᠎ᠠ᠃      ᠲᠠᠪᠤᠨ ᠲᠣᠭᠤᠷᠢᠭ ᠭᠡᠳᠡᠭ ᠨᠢ ᠪᠦᠬᠦ᠋ᠢᠯᠡ ᠬᠦᠷᠢᠶᠡᠯᠡᠩ ᠲᠣᠭᠤᠷᠢᠭ ᠲᠤ ᠲᠣᠰ ᠲᠣᠰ ᠲᠣᠬᠢᠷᠠᠭᠤᠯᠤᠭᠰᠠᠨ ᠭᠤᠣᠯ ᠰᠡᠳᠦᠪᠲᠦ ᠰᠤᠳᠤᠯᠤᠨ ᠰᠤᠷᠤᠯᠴᠠᠬᠤ ᠲᠣᠭᠤᠷᠢᠭ᠂ ᠪᠢᠰᠢᠯᠠᠭ ᠦᠢᠯᠡᠳᠬᠦ DIY ᠪᠡᠶᠡᠴᠢᠯᠡᠨ ᠣᠶᠢᠯᠠᠭᠠᠬᠤ ᠲᠣᠭᠤᠷᠢᠭ᠂ Hi ᠣᠷᠣᠨ ᠵᠠᠢ ᠶᠢᠨ ᠰᠡᠯᠡᠭᠦᠴᠡᠯ ᠤᠨ ᠲᠣᠭᠤᠷᠢᠭ᠂ ᠪᠢᠰᠢᠯᠠᠭ ᠤᠨ ᠳᠡᠯᠡᠬᠡᠢ ᠶᠢᠨ ᠠᠮᠲᠠᠲᠤ ᠢᠳᠡᠭᠡᠨ ᠤ ᠰᠢᠯᠭᠠᠨ ᠬᠢᠨᠠᠬᠤ ᠲᠣᠭᠤᠷᠢᠭ᠂ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠲᠣᠭᠤᠷᠢᠭ ᠵᠡᠷᠭᠡ ᠲᠠᠪᠤᠨ ᠣᠷᠣᠨ ᠢᠶᠠᠷ  ᠪᠦᠷᠢᠯᠳᠦᠪᠡ᠃      ᠭᠤᠷᠪᠠᠨ ᠪᠦᠰᠡ ᠭᠡᠳᠡᠭ ᠨᠢ ᠱᠧᠦ ᠹᠠᠩ · ᠰᠢᠯᠢ ᠶᠢᠨ ᠭᠤᠣᠯ ᠤᠨ ᠪᠢᠰᠢᠯᠠᠭ ᠤᠨ ᠰᠣᠶᠣᠯ ᠤᠨ ᠠᠵᠤ ᠦᠢᠯᠡᠰ ᠤᠨ ᠬᠦᠷᠢᠶᠡᠯᠡᠩ ᠤᠨ ᠲᠥᠷᠥᠯ ᠵᠦᠢᠯ ᠢᠶᠠᠷ ᠠᠵᠤ ᠦᠢᠯᠡᠰ ᠢ ᠳᠠᠶᠢᠴᠢᠯᠠᠬᠤ᠂ ᠠᠵᠤ ᠦᠢᠯᠡᠰ ᠢᠶᠠᠷ ᠠᠵᠢᠯ ᠣᠯᠭᠤᠯᠲᠠ ᠶᠢ ᠳᠠᠶᠢᠴᠢᠯᠠᠬᠤ᠂ ᠠᠵᠢᠯ ᠣᠯᠭᠤᠯᠲᠠ ᠪᠠᠷ ᠬᠥᠭᠵᠢᠯᠲᠡ ᠶᠢ ᠳᠠᠶᠢᠴᠢᠯᠠᠬᠤ ᠡᠵᠡᠩᠨᠡᠯᠲᠡ ᠶᠢᠨ ᠣᠨᠣᠯᠵᠢᠬᠤᠨ ᠪᠠ ᠵᠠᠭᠪᠤᠷ ᠢ ᠵᠢᠭᠠᠵᠤ ᠪᠣᠶ᠃      ᠬᠤᠶᠠᠷ ᠰᠠᠨᠠᠭ᠎ᠠ ᠠᠮᠤᠷ ᠪᠠᠶᠢᠬᠤ ᠭᠡᠳᠡᠭ ᠨᠢ ᠡᠩ ᠲᠡᠷᠢᠭᠦᠨ ᠳᠤ ᠵᠠᠰᠠᠭ ᠤᠨ ᠣᠷᠳᠣᠨ ᠤ ᠢᠳᠡᠭᠡᠨ ᠤ ᠵᠦᠢᠯ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠢ ᠬᠦᠷᠢᠶᠡᠯᠡᠩ ᠲᠣᠭᠤᠷᠢᠭ ᠤᠨ ᠳᠣᠲᠣᠷᠠᠬᠢ ᠦᠢᠯᠡᠳᠪᠦᠷᠢᠯᠡᠵᠦ ᠡᠳ᠋ᠰᠢᠭᠦᠯᠬᠦ ᠠᠵᠤ ᠠᠬᠤᠶᠢᠯᠠᠯ ᠤᠨ ᠪᠠᠷᠢᠮᠵᠢᠶᠠᠵᠢᠭᠤᠯᠤᠭᠰᠠᠨ ᠠᠵᠢᠯᠯᠠᠭᠠᠨ ᠳᠤ ᠰᠠᠨᠠᠭ᠎ᠠ ᠠᠮᠤᠷ ᠪᠠᠶᠢᠬᠤ ᠶᠢᠨ ᠬᠠᠮᠲᠤ ᠬᠡᠷᠡᠭᠯᠡᠭᠴᠢᠳ ᠤᠨ ᠬᠤᠳᠠᠯᠳᠤᠨ ᠠᠪᠬᠤ ᠪᠠ ᠢᠳᠡᠬᠦ ᠳᠤ ᠰᠠᠨᠠᠭ᠎ᠠ ᠠᠮᠤᠷ  ᠪᠠᠶᠢᠬᠤ᠂ ᠵᠢᠭᠤᠯᠴᠢᠯᠠᠭᠴᠢᠳ ᠲᠤ ᠰᠢᠯᠢ ᠶᠢᠨ ᠭᠤᠣᠯ ᠤᠨ ᠪᠢᠰᠢᠯᠠᠭ ᠢ ᠨᠠᠩ ᠰᠢᠭᠤᠳ ᠣᠶᠢᠯᠠᠭᠠᠭᠤᠯᠵᠤ᠂ ᠰᠢᠯᠢ ᠶᠢᠨ ᠭᠤᠣᠯ ᠤᠨ ᠪᠢᠰᠢᠯᠠᠭ ᠤᠨ ᠰᠣᠶᠣᠯ ᠢ ᠮᠡᠳᠡᠷᠡᠭᠦᠯᠦᠨ᠎ᠡ᠃      ᠱᠧᠦ ᠹᠠᠩ · ᠰᠢᠯᠢ ᠶᠢᠨ ᠭᠤᠣᠯ ᠤᠨ ᠪᠢᠰᠢᠯᠠᠭ ᠤᠨ ᠰᠣᠶᠣᠯ ᠤᠨ ᠠᠵᠤ ᠦᠢᠯᠡᠰ ᠤᠨ ᠬᠦᠷᠢᠶᠡᠯᠡᠩ ᠨᠢ ᠪᠢᠰᠢᠯᠠᠭ ᠤᠨ ᠠᠵᠤ ᠦᠢᠯᠡᠰ ᠪᠣᠯᠣᠨ ᠰᠣᠶᠣᠯ ᠵᠢᠭᠤᠯᠴᠢᠯᠠᠯ ᠤᠨ ᠠᠵᠤ ᠦᠢᠯᠡᠰ ᠢ ᠰᠢᠨ᠎ᠡ ᠪᠠᠷ ᠠᠭᠤᠰᠤᠯᠴᠠᠭᠤᠯᠵᠤ᠂ ᠪᠢᠰᠢᠯᠠᠭ ᠤᠨ  ᠦᠢᠯᠡᠳᠪᠦᠷᠢᠯᠡᠵᠦ ᠡᠳ᠋ᠰᠢᠭᠦᠯᠬᠦ᠂ ᠣᠨᠴᠠ ᠪᠦᠲᠦᠭᠡᠭᠳᠡᠬᠦᠨ ᠤ ᠳᠡᠯᠭᠡᠨ ᠪᠣᠷᠣᠯᠠᠭᠤᠯᠤᠯᠲᠠ᠂  ᠦᠵᠡᠭᠦᠯᠦᠯᠭᠡ ᠠᠷᠠᠯᠵᠢᠶ᠎ᠠ᠂ ᠰᠣᠶᠣᠯ ᠤᠨ ᠪᠦᠲᠦᠭᠡᠯᠴᠢ ᠰᠡᠳᠬᠢᠮᠵᠢ᠂ ᠰᠤᠳᠤᠯᠤᠨ ᠰᠤᠷᠤᠯᠴᠠᠬᠤ ᠰᠤᠷᠭᠠᠨ ᠬᠥᠮᠦᠵᠢᠯ᠂ ᠵᠢᠭᠤᠯᠴᠢᠯᠠᠯ ᠰᠡᠯᠡᠭᠦᠴᠡᠯ ᠢ ᠨᠢᠭᠡ ᠴᠣᠭᠴᠠᠵᠢᠭᠤᠯᠤᠭᠰᠠᠨ ᠪᠢᠰᠢᠯᠠᠭ ᠤᠨ ᠰᠣᠶᠣᠯ ᠤᠨ ᠠᠵᠤ ᠦᠢᠯᠡᠰ ᠤᠨ ᠬᠦᠷᠢᠶᠡᠯᠡᠩ ᠢ ᠪᠣᠶ ᠪᠣᠯᠭᠠᠪᠠ᠃ ᠪᠦᠬᠦ ᠤᠯᠤᠰ ᠤᠨ ᠠᠩᠬᠠᠳᠠᠭᠴᠢ ᠪᠢᠰᠢᠯᠠᠭ ᠤᠨ ᠭᠤᠣᠯ ᠰᠡᠳᠦᠪᠲᠦ 4A ᠳᠡᠰ ᠤᠨ ᠦᠵᠡᠮᠵᠢ ᠶᠢᠨ ᠣᠷᠣᠨ ᠪᠣᠯᠣᠨ ᠪᠦᠬᠦ ᠤᠯᠤᠰ ᠤᠨ ᠠᠵᠤ ᠦᠢᠯᠡᠳᠪᠦᠷᠢ ᠶᠢᠨ ᠵᠤᠭᠠᠴᠠᠯ ᠤᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠢᠶᠠᠷ ᠬᠥᠭᠵᠢᠯᠲᠡ ᠶᠢᠨ ᠬᠠᠷᠠᠯᠲᠠ ᠪᠣᠯᠭᠠᠵᠤ᠂ ︽ᠠᠵᠤ ᠦᠢᠯᠡᠰ ᠨᠢ ᠬᠡᠪᠴᠢᠶ᠎ᠡ ᠲᠠᠢ᠂ ᠦᠢᠯᠡᠳᠬᠦᠨ ᠨᠢ ᠣᠨᠴᠠᠯᠢᠭ ᠲᠠᠢ᠂ ᠠᠵᠤ ᠠᠬᠤᠶᠢᠯᠠᠯ ᠨᠢ ᠠᠰᠢᠭ ᠣᠷᠣᠯᠭ᠎ᠠ ᠲᠠᠢ᠂ ᠵᠠᠬ᠎ᠠ ᠳᠡᠯᠭᠡᠭᠦᠷ ᠨᠢ ᠨᠥᠯᠥᠭᠡ ᠲᠠᠢ᠂ ᠠᠷᠠᠳ ᠢᠷᠭᠡᠳ ᠨᠢ ᠠᠮᠤᠷ ᠲᠦᠪᠰᠢᠨ ᠤ ᠲᠥᠷᠥᠭᠳᠡᠯ ᠲᠠᠢ︾ ᠪᠠᠶᠢᠬᠤ ᠵᠠᠷᠴᠢᠮ ᠶᠣᠰᠣᠭᠠᠷ᠂  ᠰᠦ ᠶᠢᠨ ᠢᠷᠡᠯᠲᠡ ᠶᠢ ᠮᠥᠷᠳᠡᠬᠦ᠂ ᠲᠦᠭᠦᠬᠡᠢ ᠮᠠᠲ᠋ᠧᠷᠢᠶᠠᠯ  ᠣᠷᠣᠭᠤᠯᠬᠤ᠂ ᠲᠦᠷᠢᠮᠵᠢᠭᠦᠨ ᠡᠳ᠋ᠰᠢᠭᠦᠯᠦᠨ ᠪᠣᠯᠪᠠᠰᠤᠷᠠᠭᠤᠯᠬᠤ᠂ ᠬᠡᠷᠡᠭᠯᠡᠭᠴᠢᠳ ᠢ ᠪᠡᠶᠡᠴᠢᠯᠡᠨ ᠣᠶᠢᠯᠠᠭᠠᠬᠤ᠂ ᠵᠠᠬ᠎ᠠ ᠳᠡᠯᠭᠡᠭᠦᠷ ᠲᠤ ᠪᠣᠷᠣᠯᠠᠭᠤᠯᠬᠤ᠂ ᠬᠦᠢᠲᠡᠨ ᠬᠡᠯᠬᠢᠶᠡᠵᠢᠯ ᠢᠶᠠᠷ ᠠᠷᠠᠳ ᠢᠷᠭᠡᠳ ᠤᠨ ᠬᠤᠭᠤᠯᠠᠨ ᠰᠢᠷᠡᠭᠡᠨ ᠳᠤ ᠲᠣᠬᠢᠷᠠᠭᠤᠯᠤᠨ ᠬᠦᠷᠭᠡᠬᠦ ᠪᠥᠬᠦ ᠠᠵᠤ ᠦᠢᠯᠡᠰ ᠤᠨ ᠬᠡᠯᠬᠢᠶᠡᠰᠦ ᠶᠢᠨ ᠦᠢᠯᠡᠴᠢᠯᠡᠭᠡᠨ ᠤ ᠰᠢᠰᠲ᠋ᠧᠮᠵᠢ ᠶᠢ ᠪᠠᠶᠢᠭᠤᠯᠪᠠ᠃ ᠬᠦᠷᠢᠶᠡᠯᠡᠩ ᠲᠣᠭᠤᠷᠢᠭ ᠨᠢ ᠣᠷᠣᠵᠤ ᠰᠠᠭᠤᠭᠰᠠᠨ ᠬᠤᠳᠠᠯᠳᠤᠭᠠᠴᠢᠨ ᠳᠤ ᠦᠢᠯᠡᠳᠪᠦᠷᠢᠯᠡᠵᠦ ᠡᠳ᠋ᠰᠢᠭᠦᠯᠬᠦ ᠲᠠᠯᠠᠪᠤᠷ ᠬᠠᠩᠭᠠᠵᠤ᠂ ᠴᠡᠴᠡᠷᠯᠢᠭ ᠮᠠᠶ᠋ᠢᠭ ᠤᠨ ᠭᠤᠶᠢᠳᠠ ᠰᠠᠶᠢᠬᠠᠨ ᠦᠢᠯᠡᠳᠪᠦᠷᠢᠯᠡᠯ ᠠᠮᠢᠳᠤᠷᠠᠯ ᠤᠨ ᠣᠷᠴᠢᠨ ᠲᠣᠭᠤᠷᠢᠨ ᠢ ᠪᠣᠶ ᠪᠣᠯᠭᠠᠬᠤ ᠪᠠᠷ ᠪᠠᠷᠠᠬᠤ ᠦᠭᠡᠢ᠂ ᠰᠠᠷ᠎ᠠ ᠪᠦᠷᠢ ᠬᠤᠳᠠᠯᠳᠤᠭᠠᠴᠢᠨ ᠳᠤ ᠦᠢᠯᠡᠳᠬᠦᠨ ᠨᠡᠶᠢᠲᠡᠯᠡᠬᠦ ᠬᠤᠷᠠᠯ᠂ ᠪᠢᠰᠢᠯᠠᠭ ᠤᠨ ᠰᠣᠶᠣᠯ ᠤᠨ ᠰᠣᠯᠢᠯᠴᠠᠭᠠᠨ ᠤ ᠴᠤᠭᠯᠠᠭᠠᠨ᠂ ᠦᠢᠯᠡᠳᠬᠦᠨ ᠦᠢᠯᠡᠳᠪᠦᠷᠢᠯᠡᠬᠦ ᠤᠷ᠎ᠠ ᠮᠡᠷᠭᠡᠵᠢᠯ ᠤᠨ ᠰᠤᠳᠤᠯᠭᠠᠨ᠂ ᠪᠣᠭᠤᠳᠠᠯ ᠪᠠᠭᠯᠠᠭ᠎ᠠ ᠶᠢᠨ ᠵᠢᠷᠤᠭ ᠲᠥᠯᠥᠪᠯᠡᠭᠡ᠂ ᠡᠵᠡᠩᠨᠡᠨ ᠪᠣᠷᠣᠯᠠᠭᠤᠯᠬᠤ ᠤᠬᠠᠭᠠᠯᠠᠭ᠎ᠠ᠂ IP ᠴᠣᠭᠴᠠᠯᠠᠯᠲᠠ ᠵᠡᠷᠭᠡ ᠶᠡᠷᠦᠩᠬᠡᠶᠢᠯᠡᠭᠰᠡᠨ ᠦᠢᠯᠡᠴᠢᠯᠡᠭᠡᠨ ᠤ ᠪᠠᠲᠤᠯᠠᠭ᠎ᠠ ᠶᠢ ᠡᠷᠭᠢᠯᠡᠨ᠎ᠡ᠃      ᠱᠧᠦ ᠹᠠᠩ · ᠰᠢᠯᠢ  ᠎ ᠶᠢᠨ ᠭᠤᠣᠯ ᠤᠨ ᠪᠢᠰᠢᠯᠠᠭ ᠤᠨ ᠰᠣᠶᠣᠯ ᠤᠨ ᠠᠵᠤ ᠦᠢᠯᠡᠰ ᠤᠨ ᠬᠦᠷᠢᠶᠡᠯᠡᠩ ᠨᠢ ᠰᠢᠯᠢ  ᠎ ᠶᠢᠨ ᠭᠤᠣᠯ ᠠᠶᠢᠮᠠᠭ ᠤᠨ ᠴᠠᠭᠠᠨ ᠢᠳᠡᠭᠡᠨ ᠤ ᠠᠵᠤ ᠦᠢᠯᠡᠰ  ᠎ ᠢ ᠴᠢᠨᠠᠷ ᠰᠠᠶᠢᠲᠠᠢ ᠬᠥᠭᠵᠢᠭᠦᠯᠬᠦ ᠰᠢᠨ᠎ᠡ ᠡᠬᠢᠯᠡᠯᠲᠡ᠂ ᠰᠢᠨ᠎ᠡ ᠠᠶᠠᠨ ᠢᠶᠠᠨ ᠡᠬᠢᠯᠡᠭᠦᠯᠬᠦ ᠪᠣᠯᠣᠨ᠎ᠠ᠃ ᠰᠢᠯᠢ ᠶᠢᠨ ᠭᠤᠣᠯ ᠠᠶᠢᠮᠠᠭ ᠴᠢᠨᠠᠭᠰᠢᠯᠠᠪᠠᠯ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ᠂ ᠪᠥᠬᠦ ᠤᠯᠤᠰ ᠤᠨ ᠴᠠᠭᠠᠨ ᠢᠳᠡᠭᠡᠨ ᠤ ᠠᠵᠤ ᠦᠢᠯᠡᠰ ᠤᠨ IP᠎ ᠶᠢ ᠪᠠᠶᠢᠭᠤᠯᠤᠨ᠎ᠠ᠃
 
ᠢᠷᠡᠯᠲᠡ᠄ ᠰᠢᠯᠢ ᠶᠢᠨ ᠬᠤᠲᠠ ᠶᠢᠨ ᠵᠠᠰᠠᠭ ᠤᠨ ᠶᠠᠪᠣᠳᠠᠯ ᠤᠨ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号