ᠪᠡᠶᠢᠰᠡ ᠶᠢᠨ ᠰᠦᠮ᠎ᠡ ᠶᠢᠨ ᠦᠵᠡᠮᠵᠢ ᠶᠢᠨ ᠣᠷᠣᠨ ᠤ ᠲᠣᠪᠴᠢ ᠲᠠᠨᠢᠯᠴᠠᠭᠤᠯᠭ᠎ᠠ
ᠨᠡᠶᠢᠲᠡᠯᠡᠭᠰᠡᠨ ᠴᠠᠭ᠄
2024/5/7
     ᠵᠠᠭᠤᠨ ᠵᠢᠯ ᠤᠨ ᠡᠷᠲᠡᠨ ᠤ ᠰᠦᠮ᠎ᠡ  ᠪᠡᠶᠢᠰᠡ  ᠎ ᠶᠢᠨ ᠰᠦᠮ᠎ᠡ  ᠰᠢᠯᠢ ᠶᠢᠨ ᠬᠤᠲᠠ ᠶᠢᠨ ᠡᠷᠳᠡᠨᠢ ᠣᠪᠣᠭ᠎ᠠ  ᠎ ᠶᠢᠨ ᠡᠮᠦᠨ᠎ᠡ ᠬᠤᠷᠮᠣᠢ ᠳᠤ ᠪᠠᠶᠢᠷᠢᠯᠠᠳᠠᠭ᠂  ᠰᠠᠬᠢᠯ ᠤᠨ ᠨᠡᠷ᠎ᠡ ᠨᠢ ︽ᠠᠷᠣᠶᠠ᠂ ᠵᠠᠩ ᠯᠦᠩ  ᠂᡻ ᠪᠠᠨᠳᠢᠳᠠ᠂᡻ᠭᠡᠭᠡᠨ ᠡᠾᠧᠢ ᠳ᠋ᠧ︾᠂ ᠴᠢᠩ ᠤᠯᠤᠰ ᠤᠨ ᠲᠡᠭᠷᠢ ᠲᠡᠳᠬᠦᠭᠴᠢ ᠶᠢᠨ ᠦᠶ᠎ᠡ ᠳᠤ ᠬᠢᠲᠠᠳ ᠨᠡᠷ᠎ᠡ ᠨᠢ ︽ᠴᠥᠩ ᠱᠠᠨ ᠰᠧ︾  ᠃ ᠲᠡᠦᠬᠡᠨ ᠳᠡᠭᠡᠷᠡᠬᠢ ᠠᠯᠳᠠᠷᠲᠤ ᠪᠣᠷᠬᠠᠨ ᠱᠠᠰᠢᠨ ᠤ ᠰᠤᠷᠭᠠᠭᠤᠯᠢ ᠪᠠ ᠥᠪᠥᠷ ᠮᠣᠩᠭᠤᠯ ᠤᠨ ᠳᠤᠮᠳᠠ ᠪᠠᠷᠠᠭᠤᠨ ᠬᠡᠰᠡᠭ ᠤᠨ ᠳᠦᠷᠪᠡᠨ ᠶᠡᠭᠡ ᠲᠥᠪᠡᠳ ᠠᠴᠠ ᠣᠯᠠᠮᠵᠢᠯᠠᠭᠳᠠᠭᠰᠠᠨ ᠪᠣᠷᠬᠠᠨ ᠤ ᠱᠠᠰᠢᠨ ᠤ ᠰᠦᠮ᠎ᠡ ᠬᠡᠶᠢᠳ ᠤᠨ ᠨᠢᠭᠡ ᠪᠣᠯᠤᠭᠰᠠᠨ ᠤ ᠬᠤᠪᠢ ᠳᠤ᠂ 2006 ᠣᠨ ᠳᠤ ᠲᠦᠷᠦ ᠶᠢᠨ ᠶᠠᠪᠤᠳᠠᠯ ᠤᠨ ᠬᠤᠷᠢᠶ᠎ᠠ ᠳᠤ ᠪᠦᠬᠦ ᠤᠯᠤᠰ ᠤᠨ ᠭᠤᠣᠯᠳᠠᠯᠭ᠎ᠠ ᠲᠠᠢ ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ ᠨᠢᠭᠡᠴᠡ ᠪᠠᠷ ᠵᠢᠭᠰᠠᠭᠠᠭᠳᠠᠵᠤ᠂ 2008 ᠣᠨ ᠳᠤ ᠤᠯᠤᠰ ᠤᠨ ᠵᠢᠭᠤᠯᠴᠢᠯᠠᠯ ᠤᠨ ᠲᠣᠪᠴᠢᠶ᠎ᠠ ᠳᠤ 4A ᠳᠡᠰ ᠤᠨ ᠵᠢᠭᠤᠯᠴᠢᠯᠠᠯ ᠤᠨ  ᠦᠵᠡᠮᠵᠢ  ᠎ ᠶᠢᠨ ᠣᠷᠣᠨ ᠢᠶᠠᠷ ᠵᠥᠪᠰᠢᠶᠡᠷᠡᠭᠳᠡᠪᠡ᠃ ᠪᠡᠶᠢᠰᠡ  ᠎ ᠶᠢᠨ ᠰᠦᠮ᠎ᠡ ᠨᠢ ᠥᠨᠢ ᠤᠳᠠᠭᠠᠨ ᠲᠡᠦᠬᠡ ᠲᠠᠢ᠂  ᠠᠤᠭ᠎ᠠ ᠰᠦᠷᠯᠢᠭ  ᠂ ᠥᠪᠡᠷᠮᠢᠴᠡ ᠪᠠᠷᠢᠯᠭ᠎ᠠ  ᠎ ᠶᠢᠨ ᠪᠦᠲᠦᠴᠡ᠂ ᠨᠠᠷᠢᠯᠢᠭ ᠰᠠᠶᠢᠬᠠᠨ ᠪᠠᠷᠢᠯᠭ᠎ᠠ  ᠎ ᠶᠢᠨ ᠤᠷᠠᠯᠢᠭ ᠪᠠ ᠡᠯᠪᠡᠭ ᠪᠠᠶᠠᠯᠢᠭ ᠦᠨᠳᠦᠰᠦᠲᠡᠨ ᠤ ᠰᠣᠶᠣᠯ  ᠲᠠᠢ ᠪᠠᠶᠢᠳᠠᠭ ᠢᠶᠠᠷ ᠢᠶᠠᠨ ᠲᠠᠯ᠎ᠠ ᠨᠤᠲᠤᠭ ᠲᠤ ᠠᠯᠳᠠᠷᠰᠢᠭᠰᠠᠨ ᠶᠤᠮ᠃ ᠪᠡᠶᠢᠰᠡ ᠶᠢᠨ ᠰᠦᠮ᠎ᠡ ᠪᠣᠯ ᠰᠢᠯᠢ ᠶᠢᠨ ᠬᠤᠲᠠ ᠶᠢᠨ ᠡᠷᠲᠡᠨ ᠤ ᠪᠠᠷᠢᠯᠭ᠎ᠠ ᠶᠢᠨ ᠲᠡᠦᠬᠡᠨ ᠳᠠᠬᠢ ᠨᠢᠭᠡᠨ ᠬᠡᠷᠡᠯᠳᠦ ᠰᠤᠪᠤᠳ ᠮᠥᠨ᠂ ᠦᠨᠳᠦᠰᠦᠲᠡᠨ ᠤ ᠱᠠᠰᠢᠨ ᠰᠤᠷᠲᠠᠬᠤᠨ ᠤ ᠰᠣᠶᠣᠯ ᠤᠨ ᠥᠪ᠂ ᠲᠡᠦᠬᠡ ᠰᠣᠶᠣᠯ ᠤᠨ ᠦᠨ᠎ᠡ ᠴᠡᠨ᠎ᠡ ᠲᠠᠢ ᠠᠮᠢᠳᠤ ᠦᠯᠢᠭᠡᠷ ᠬᠡᠪ ᠮᠥᠨ᠃      ᠪᠡᠶᠢᠰᠡ  ᠎ ᠶᠢᠨ ᠰᠦᠮ᠎ᠡ  ᠎ ᠶᠢ ᠴᠢᠩ ᠤᠯᠤᠰ ᠤᠨ ᠲᠡᠭᠷᠢ ᠲᠡᠳᠬᠦᠭᠴᠢ  ᠎ ᠶᠢᠨ ᠨᠠᠢᠮᠠᠳᠤᠭᠠᠷ ᠣᠨ ︵ᠣᠨ ᠲᠣᠭᠠᠯᠠᠯ ᠤᠨ 1743 ᠣᠨ︶᠎ ᠳᠤ ᠡᠬᠢᠯᠡᠨ ᠪᠠᠶᠢᠭᠤᠯᠵᠤ᠂ ᠳᠣᠯᠣᠭᠠᠨ ᠦᠶ᠎ᠡ  ᠎ ᠶᠢᠨ ᠭᠡᠭᠡᠨ ᠲᠠᠰᠤᠷᠠᠯᠲᠠ ᠦᠭᠡᠢ ᠵᠠᠰᠠᠨ  ᠰᠡᠯᠪᠢᠪᠡ᠃ ᠪᠦᠬᠦ᠋ᠢᠯᠡ ᠪᠠᠷᠢᠯᠭ᠎ᠠ ᠨᠤᠭᠤᠳ ᠨᠢ ᠴᠣᠭᠴᠢᠨ ᠲᠣᠭᠠᠩ ︵ᠵᠠᠰᠠᠭ ᠵᠠᠬᠢᠷᠭᠠᠨ ᠤ ᠬᠢᠴᠢᠶᠡᠯ ᠬᠥᠮᠦᠵᠢᠯ ᠤᠨ ᠬᠡᠯᠲᠡᠰ︶᠂  ᠮᠢᠩᠭᠠᠨ ᠲᠣᠭᠠᠩ ︵ᠣᠷᠴᠢᠭᠤᠯᠭ᠎ᠠ ᠬᠡᠪᠯᠡᠯ ᠤᠨ ᠬᠡᠯᠲᠡᠰ︶᠂ ᠴᠣᠶᠢᠷᠸ᠎ᠠ  ᠎ ᠶᠢᠨ ᠲᠣᠭᠠᠩ ︵ᠰᠢᠶᠠᠨ ᠽᠥᠩ ᠡᠷᠳᠡᠮ ᠰᠢᠨᠵᠢᠯᠡᠭᠡᠨ ᠤ ᠬᠡᠯᠲᠡᠰ︶ ᠵᠡᠷᠭᠡ ᠭᠤᠷᠪᠠᠨ ᠶᠡᠭᠡ ᠰᠦᠮ᠎ᠡ ᠪᠠᠷ ᠲᠥᠪ ᠪᠤᠯᠭᠠᠵᠣ ᠂ ᠡᠭᠦᠨ ᠳᠤ ᠵᠦᠳᠤᠪᠠ ᠲᠣᠭᠠᠩ ︵ᠨᠢᠭᠤᠴᠠ ᠬᠥᠯᠭᠡ ᠶᠢᠨ ᠰᠢᠨᠵᠢᠯᠡᠭᠡᠨ ᠤ ᠬᠡᠯᠲᠡᠰ︶᠂ ᠮᠠᠨᠪᠠ ᠲᠣᠭᠠᠩ ︵ᠠᠨᠠᠭᠠᠬᠤ ᠤᠬᠠᠭᠠᠨ ᠤ ᠬᠡᠯᠲᠡᠰ︶᠂ ᠽᠦᠩᠺᠠᠪᠠ ᠲᠣᠭᠠᠩ᠂ ᠳ᠋ᠢᠩ ᠺᠧ ᠡᠯ ᠲᠣᠭᠠᠩ ︵ᠣᠳᠣᠨ ᠣᠷᠣᠨ ᠤ ᠲᠣᠭᠠᠨ ᠤ ᠤᠬᠠᠭᠠᠨ ᠤ ᠬᠡᠯᠲᠡᠰ︶᠂ ᠰᠢᠨ᠎ᠡ ᠯᠠᠪᠷᠣᠩ ᠲᠣᠭᠠᠩ ︵ᠭᠡᠭᠡᠨ ᠤ ᠣᠷᠳᠣᠨ︶ ᠵᠡᠷᠭᠡ ᠨᠠᠢᠮᠠᠨ ᠲᠣᠮᠣ ᠬᠠᠷᠰᠢ ᠪᠠᠭᠲᠠᠨ᠎ᠠ᠂ ᠮᠠᠰᠢ ᠣᠯᠠᠨ ᠰᠦᠮ᠎ᠡ ᠬᠡᠶᠢᠳ ᠵᠢᠴᠢ ᠵᠢᠷᠭᠤᠭᠠᠨ ᠪᠣᠷᠬᠠᠨ ᠤ ᠰᠤᠪᠤᠷᠭ᠎ᠠ ᠨᠢ 1.2 ᠲᠡᠭᠰᠢ ᠳᠥᠷᠪᠡᠯᠵᠢᠨ ᠺᠢᠯᠣᠮᠧᠲᠷ ᠲᠠᠯᠠᠪᠠᠶ ᠪᠦᠬᠦᠢ ᠠᠪᠤᠷᠭᠤ ᠲᠣᠮᠣ ᠪᠠᠷᠢᠯᠭ᠎ᠠ ᠶᠢᠨ ᠴᠣᠭᠯᠠᠷᠠᠯ ᠢ ᠪᠣᠶ ᠪᠣᠯᠭᠠᠵᠤ᠂ ᠪᠠᠳᠠᠷᠠᠨ ᠬᠥᠭᠵᠢᠭᠰᠡᠨ ᠦᠶ᠎ᠡ ᠳᠤ ᠯᠠᠮᠠ ᠬᠤᠸᠠᠷᠠᠭ 1200 ᠭᠠᠷᠤᠢ ᠬᠥᠮᠥᠨ ᠪᠠᠶᠢᠪᠠ᠃      ᠪᠡᠶᠢᠰᠡ  ᠎ ᠶᠢᠨ ᠰᠦᠮ᠎ᠡ  ᠎ ᠶᠢᠨ ᠪᠤᠷᠬᠠᠨ ᠤ ᠱᠠᠰᠢᠨ ᠤ ᠡᠳ᠋ᠯᠡᠯ ᠬᠡᠷᠡᠭᠰᠡᠯ ᠨᠢ ᠣᠯᠠᠨ ᠪᠦᠭᠡᠳ ᠰᠡᠳᠦᠪᠯᠡᠬᠦᠨ ᠪᠠᠶᠠᠯᠢᠭ᠂  ᠂ ᠡᠯ᠎ᠡ ᠰᠤᠳᠤᠷ ᠤᠨ ᠲᠠᠩᠬᠢᠮ ᠳᠤ ᠣᠯᠠᠨ ᠶᠠᠩᠵᠤ  ᠎ ᠶᠢᠨ ᠪᠤᠷᠬᠠᠨ ᠤ ᠬᠥᠷᠥᠭ  ᠎ ᠢ ᠱᠤᠭᠤᠵᠤ᠂ ᠲᠤᠭ᠎ᠠ ᠲᠣᠮᠰᠢ ᠦᠭᠡᠢ ᠣᠯᠠᠨ ᠲᠥᠷᠥᠯ ᠵᠦᠢᠯ ᠪᠠᠶᠢᠳᠠᠭ᠃ ᠱᠠᠭᠵᠠ  ᠎ ᠶᠢᠨ ᠬᠥᠷᠥᠭ  ᠎ ᠢᠶᠠᠷ ᠭᠤᠣᠯ ᠪᠣᠯᠭᠠᠭᠰᠠᠨ ᠵᠢᠷᠤᠭ ᠤᠨ ᠱᠤᠭᠤᠮᠠᠯ᠂ ᠰᠢᠪᠠᠷ ᠱᠤᠭᠤᠮᠠᠯ᠂ ᠵᠡᠰ ᠮᠣᠳᠣᠨ ᠤ ᠪᠤᠷᠬᠠᠨ ᠤ ᠬᠥᠷᠥᠭ ᠬᠡᠳᠦᠨ ᠮᠢᠩᠭ᠎ᠠ ᠪᠠᠶᠢᠵᠣ᠂ ᠴᠥᠭᠡᠨ ᠪᠤᠰᠤ ᠴᠤᠯᠤ ᠠᠯᠲᠠ ᠮᠥᠩᠭᠦ ᠪᠠ ᠠᠯᠲᠠ ᠮᠥᠩᠭᠦ ᠪᠠᠷ ᠴᠢᠮᠡᠭᠯᠡᠭᠰᠡᠨ ᠪᠤᠷᠬᠠᠨ ᠤ ᠬᠥᠷᠥᠭ ᠪᠠᠶᠢᠵᠣ᠂ ᠣᠯᠠᠩᠬᠢ ᠨᠢ ᠵᠡᠰ ᠪᠤᠷᠬᠠᠨ ᠤ ᠬᠥᠷᠥᠭ ᠪᠣᠯᠣᠨ᠎ᠠ᠃ ᠲᠤᠰ ᠰᠦᠮ᠎ᠡ ᠶᠢᠨ ᠡᠯ᠎ᠡ ᠡᠷᠳᠡᠮ ᠰᠢᠨᠵᠢᠯᠡᠭᠡᠨ ᠤ ᠬᠡᠯᠲᠡᠰ ᠲᠤ ᠡᠯᠪᠡᠭ ᠪᠠᠶᠠᠯᠢᠭ ᠨᠣᠮ ᠰᠤᠳᠤᠷ ᠲᠠᠢ᠃ ᠲᠡᠭᠦᠨ ᠤ ᠡᠷᠬᠢᠮ ᠨᠠᠨᠳᠢᠨ ᠨᠣᠮ ᠰᠤᠳᠤᠷ ᠲᠤ ︽ᠭᠠᠨᠵᠤᠤᠷ︾᠂ ︽ᠳ᠋ᠠᠨᠵᠤᠤᠷ ︾᠎ ᠤᠨ ᠬᠤᠶᠠᠳᠤᠭᠠᠷ ᠢᠵᠢ ᠵᠢᠴᠢ ︽ᠽᠦᠩᠺᠠᠪᠠ ᠶᠢᠨ ᠪᠦᠷᠢᠨ ᠵᠣᠬᠢᠶᠠᠯ︾᠂ ︽ᠪᠤᠷᠬᠠᠨ ᠤ ᠰᠤᠷᠭᠠᠯ ᠤᠨ ᠴᠢᠬᠤᠯᠠ ᠤᠳᠬ᠎ᠠ︾᠂ ︽ᠰᠤᠳᠤᠷ ᠲᠠᠷᠨᠢ︾ ᠵᠡᠷᠭᠡ ᠪᠤᠢ᠂ ᠪᠠᠰᠠ ᠲᠥᠪᠡᠳ ᠬᠡᠯᠡᠨ ᠠᠴᠠ ᠣᠷᠴᠢᠭᠤᠯᠣᠭᠰᠠᠨ ᠮᠣᠩᠭᠤᠯ ᠬᠡᠯᠡᠨ ᠤ ᠨᠣᠮ ᠰᠤᠳᠤᠷ ᠤᠳ ᠪᠤᠢ᠂ ᠨᠡᠶᠢᠳᠠ ᠲᠦᠷᠪᠡᠨ ᠮᠢᠩᠭ᠎ᠠ ᠭᠠᠷᠤᠢ ᠪᠣᠳᠢ  ᠪᠠᠶᠢᠳᠠᠭ᠃      ᠲᠤᠬᠠᠢ ᠶᠢᠨ ᠭᠠᠵᠠᠷ ᠤᠨ ᠨᠡᠶᠢᠭᠡᠮ ᠤᠯᠤᠰ ᠲᠥᠷᠥ᠂ ᠬᠤᠳᠠᠯᠳᠤᠭ᠎ᠠ ᠠᠵᠤ ᠠᠬᠤᠢ᠂ ᠱᠠᠰᠢᠨ ᠰᠤᠷᠲᠠᠬᠤᠨ ᠰᠣᠶᠣᠯ᠂ ᠮᠣᠩᠭᠤᠯ ᠲᠥᠪᠡᠳ ᠤᠨ ᠠᠨᠠᠭᠠᠬᠤ ᠤᠬᠠᠭᠠᠨ ᠤ ᠰᠤᠳᠤᠯᠭᠠᠨ ᠵᠡᠷᠭᠡ ᠠᠵᠢᠯᠯᠠᠭ᠎ᠠ ᠨᠢ ᠴᠥᠮ ᠪᠡᠶᠢᠰᠡ ᠶᠢᠨ ᠰᠦᠮ᠎ᠡ ᠪᠠᠷ ᠲᠡᠦᠬᠡ ᠶᠢᠨ ᠡᠬᠢ ᠰᠤᠷᠪᠤᠯᠵᠢ ᠪᠣᠯᠭᠠᠵᠤ᠂ ᠪᠡᠶᠢᠰᠡ ᠶᠢᠨ ᠰᠦᠮ᠎ᠡ ᠨᠢ ᠨᠢᠭᠡᠨᠲᠡ ᠰᠢᠯᠢ ᠶᠢᠨ ᠬᠤᠲᠠ ᠵᠢᠴᠢ ᠡᠷᠬᠢᠨ ᠲᠣᠭᠤᠷᠢᠨ ᠤ ᠭᠠᠵᠠᠷ ᠣᠷᠣᠨ ᠤ ᠲᠡᠦᠬᠡ ᠰᠣᠶᠣᠯ ᠤᠨ ᠰᠤᠳᠠᠰᠤ ᠶᠢ ᠤᠯᠠᠮᠵᠢᠯᠠᠨ ᠵᠠᠯᠭᠠᠮᠵᠢᠯᠠᠬᠤ ᠭᠤᠣᠯ ᠠᠴᠢᠶᠠᠯᠠᠪᠤᠷᠢ ᠪᠣᠯᠤᠭᠰᠠᠨ ᠪᠠᠶᠢᠨ᠎ᠠ᠃
 
ᠢᠷᠡᠯᠲᠡ᠄ ᠰᠢᠯᠢ ᠶᠢᠨ ᠬᠤᠲᠠ ᠶᠢᠨ ᠵᠠᠰᠠᠭ ᠤᠨ ᠶᠠᠪᠣᠳᠠᠯ ᠤᠨ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号