ᠳᠡᠭᠦᠯᠢᠨ ᠳᠣᠪᠲᠣᠯᠭ᠎ᠠ ᠮᠣᠩᠭᠤᠯ ᠮᠣᠷᠢ ᠮᠢᠨᠢ ᠲᠠᠯ᠎ᠠ ᠨᠤᠲᠤᠭ ᠤᠨ ᠦᠨᠢᠲᠡ ᠶᠢᠨ ᠰᠦᠯᠳᠡ
ᠨᠡᠶᠢᠲᠡᠯᠡᠭᠰᠡᠨ ᠴᠠᠭ᠄
2024/5/7
     ᠮᠣᠩᠭᠤᠯᠴᠤᠳ ᠠᠳᠤᠭᠤ ᠪᠠᠨ ᠡᠭᠡᠯᠢᠲᠦ ᠲᠠᠪᠤᠨ ᠬᠤᠰᠢᠭᠤ ᠮᠠᠯ ᠤᠨ ᠦᠵᠦᠭᠦᠷ ᠢᠶᠠᠷ ᠦᠵᠡᠳᠡᠭ᠃ ᠮᠣᠩᠭᠤᠯᠴᠤᠳ ᠥᠷᠭᠡᠨ ᠠᠭᠤᠵᠢᠮ ᠲᠠᠯ᠎ᠠ ᠨᠤᠲᠤᠭ ᠲᠤ ᠪᠠᠨ ᠨᠡᠭᠦᠳᠡᠯᠡᠨ ᠮᠠᠯᠵᠢᠬᠤ ᠳᠤ ᠪᠠᠨ ᠠᠳᠤᠭᠤ ᠪᠠᠨ ᠬᠠᠮᠤᠭ ᠤᠨ ᠰᠢᠳᠤᠷᠭᠤ ᠠᠨᠳᠠ ᠢᠶᠠᠨ ᠭᠡᠵᠤ ᠰᠠᠨᠠᠳᠠᠭ᠃      ᠮᠣᠩᠭᠤᠯ ᠤᠨ ᠥᠨᠳᠥᠷᠯᠡᠭ ᠳᠤ ᠬᠢ ᠵᠡᠷᠯᠢᠭ ᠠᠳᠤᠭᠤ ᠬᠡᠳᠦᠨ ᠮᠢᠩᠭᠠᠨ ᠵᠢᠯ ᠤᠨ ᠤᠯᠠᠷᠢᠯ ᠬᠤᠪᠢᠷᠠᠯ ᠢᠶᠠᠷ ᠳᠠᠮᠵᠢᠨ ᠠᠶᠠᠨᠳᠠᠭᠠᠨ ᠮᠣᠩᠭᠤᠯ ᠮᠣᠷᠢ ᠪᠣᠯᠵᠤ ᠪᠥᠷᠢᠯᠳᠦᠨ ᠲᠣᠭᠲᠠᠭᠰᠠᠨ ᠶᠤᠮ᠃ ᠥᠪᠥᠷ ᠮᠣᠩᠭᠤᠯ ᠤᠨ ᠬᠡᠪᠴᠢᠶᠡᠨ ᠳᠤ ᠦᠵᠦᠮᠦᠴᠢᠨ᠂ ᠦᠦᠰᠢᠨ᠂ ᠬᠡᠰᠢᠭᠲᠡᠨ᠂ ᠪᠠᠷᠭᠤ ᠲᠥᠷᠪᠡᠨ ᠲᠥᠷᠥᠯ ᠤᠨ ᠠᠳᠤᠭᠤᠨ ᠰᠦᠷᠦᠭ ᠢᠶᠠᠷ ᠪᠦᠷᠢᠯᠳᠦᠵᠦ᠂ ᠰᠢᠯᠢ ᠶᠢᠨ ᠭᠤᠣᠯ᠂ ᠣᠷᠳᠣᠰ᠂ ᠤᠯᠠᠭᠠᠨᠬᠠᠳᠠ᠂ ᠬᠥᠯᠥᠨ ᠪᠤᠶᠢᠷ ᠢᠶᠠᠷ ᠲᠠᠷᠬᠠᠳᠠᠭ᠃      ᠮᠣᠩᠭᠤᠯ ᠮᠣᠷᠢᠨ ᠤ ᠶᠠᠰᠤ ᠵᠤᠵᠠᠭᠠᠨ ᠪᠡᠶ᠎ᠡ ᠢᠳᠡᠷᠡᠭᠦᠨ᠂ ᠲᠦᠷᠦᠭᠦᠦ ᠪᠦᠳᠦᠭᠦᠨ ᠴᠡᠭᠡᠵᠢ ᠥᠷᠭᠡᠨ᠂ ᠬᠥᠯ ᠣᠬᠤᠷ ᠪᠣᠯᠴᠢᠩ ᠴᠢᠩᠭ᠎ᠠ᠂ ᠬᠦᠴᠦ ᠳᠣᠷᠪᠢ ᠲᠠᠢ᠂ ᠥᠯᠴᠢᠷ ᠲᠡᠰᠪᠦᠷᠢ ᠲᠠᠢ᠂ ᠬᠠᠬᠢᠷ ᠬᠦᠢᠲᠡᠨ ᠬᠠᠷᠭᠢᠰ ᠳᠠᠶᠢᠰᠤᠨ ᠠᠴᠠ ᠴᠤᠴᠠᠯ ᠦᠭᠡᠢ ᠬᠠᠳᠠᠨ ᠵᠣᠷᠢᠭ ᠢᠶᠠᠷ ᠬᠤᠷᠸ᠎ᠠ ᠶᠢ ᠳᠣᠪᠲᠤᠯᠤᠨ ᠭᠠᠶᠢᠬᠠᠮᠰᠢᠭᠲᠤ ᠦᠢᠯᠡᠰ ᠢ ᠪᠦᠲᠦᠭᠡᠭᠰᠡᠨ ᠶᠤᠮ᠃      ᠮᠣᠩᠭᠤᠯ ᠮᠣᠷᠢᠨ ᠤ ᠠᠭᠠᠰᠢ ᠵᠠᠩ ᠢᠷᠮᠡᠭᠦᠨ ᠰᠢᠭᠤᠷᠬᠠᠢ᠂ ᠡᠵᠡᠨ ᠳᠤ ᠪᠠᠨ ᠡᠯᠢᠭᠡᠰᠡᠭ ᠰᠢᠳᠤᠷᠭᠤ᠂ ᠮᠣᠩᠭᠤᠯᠴᠤᠳ ᠤᠨ ᠠᠵᠤ ᠠᠮᠢᠳᠤᠷᠠᠯ ᠤᠨ ᠠᠮᠢᠨ ᠲᠦᠰᠢᠭ᠂ ᠢᠷᠠᠭᠤ ᠠᠯᠳᠠᠷ ᠤᠨ ᠵᠣᠷᠢᠭ ᠰᠢᠳᠦᠭᠡᠨ ᠪᠣᠯᠳᠠᠭ᠃      ᠮᠠᠯᠴᠢᠳ ᠠᠳᠤᠭᠤᠨ ᠤ ᠭᠢᠰᠬᠢᠵᠦ ᠬᠥᠷᠪᠡᠭᠰᠡᠨ ᠭᠠᠵᠠᠷ ᠢ ᠬᠡᠰᠢᠭ ᠪᠤᠶᠠᠨᠲᠤ ᠭᠠᠵᠠᠷ ᠬᠡᠮᠡᠨ ᠮᠣᠩᠭᠤᠯ ᠭᠡᠷ ᠢᠶᠠᠨ ᠪᠣᠰᠬᠠᠨ ᠠᠵᠤ ᠲᠥᠷᠥᠨ ᠠᠮᠢᠳᠤᠷᠠᠳᠠᠭ᠃      ᠵᠠᠭᠤ ᠮᠢᠩᠭᠠᠨ ᠵᠢᠯ ᠢᠶᠠᠷ᠂ ᠮᠠᠯᠴᠢᠳ ᠮᠢᠨᠢ ᠠᠭᠲᠠ ᠬᠥᠯᠥᠭ ᠲᠠᠢ ᠪᠠᠨ ᠤᠶᠠᠯᠳᠤᠨ ᠳᠠᠰᠤᠯᠴᠠᠵᠤ᠂ ᠲᠠᠯ᠎ᠠ ᠳᠦᠭᠦᠷᠡᠩ ᠠᠳᠤᠭᠤᠨ ᠰᠦᠷᠦᠭ ᠢᠶᠠᠨ ᠪᠡᠯᠴᠢᠭᠡᠵᠦ᠂ ᠴᠡᠭᠡ ᠪᠠᠨ ᠤᠮᠳᠠᠯᠠᠵᠤ᠂ ᠳᠥᠷᠥᠭᠡ ᠪᠠᠨ ᠢᠰᠬᠦᠯᠦᠨ᠂ ᠤᠶᠠᠭ᠎ᠠ ᠮᠣᠷᠢ ᠰᠣᠶᠢᠵᠤ᠂ ᠤᠷᠤᠯᠳᠤᠭᠠᠨ ᠮᠣᠷᠢ ᠲᠠᠯᠪᠢᠭᠤᠯᠳᠠᠭ᠃      ᠳᠠᠯᠠ ᠭᠠᠷᠥᠢ ᠵᠢᠯ ᠤᠨ ᠬᠤᠷᠠᠮᠳᠤᠯ ᠪᠣᠶᠢᠵᠢᠭᠤᠯᠤᠯᠲᠠ ᠪᠠᠷ᠂ ᠥᠪᠥᠷ ᠮᠣᠩᠭᠤᠯ ᠤᠨ ᠠᠳᠤᠭᠤᠨ ᠰᠣᠶᠣᠯ᠂ ᠠᠳᠤᠭᠤᠨ ᠤ ᠰᠢᠨᠵᠢᠯᠡᠬᠦ ᠤᠬᠠᠭᠠᠨ᠂ ᠠᠳᠤᠭᠤᠨ ᠤ ᠠᠵᠤ ᠦᠢᠯᠡᠰ ᠥᠳᠲᠡᠷ ᠲᠦᠷᠭᠡᠨ ᠥᠭᠡᠳᠡᠯᠡᠨ ᠳᠠᠪᠰᠢᠵᠤ᠂ ᠠᠳᠤᠭᠤᠨ ᠤ ᠲᠤᠭ᠎ᠠ 93.5 ᠲᠦᠮᠡ ᠬᠦᠷᠴᠦ᠂ ᠪᠥᠬᠦ ᠤᠯᠤᠰ ᠤᠨ 15.6% ᠶᠢ ᠡᠵᠡᠯᠡᠵᠦ᠂  ᠨᠢᠭᠡᠨᠲᠡ ᠳᠤᠮᠳᠠᠳᠤ ᠤᠯᠤᠰ ᠤᠨ ᠠᠳᠤᠭᠤᠨ ᠤ ᠦᠢᠯᠡᠰ ᠢ ᠪᠣᠶᠢᠵᠢᠭᠤᠯᠬᠤ ᠰᠠᠭᠤᠷᠢᠨ ᠪᠣᠯᠵᠠᠢ᠃      ᠰᠢᠯᠢ ᠶᠢᠨ ᠭᠤᠣᠯ ᠤᠨ ᠲᠠᠯ᠎ᠠ ᠨᠤᠲᠤᠭ ᠪᠣᠯ ᠮᠣᠩᠭᠤᠯ ᠠᠳᠤᠭᠤᠨ ᠤ ᠴᠢᠬᠤᠯᠠ ᠤᠭ ᠭᠠᠷᠤᠯᠲᠠ ᠶᠢᠨ ᠣᠷᠣᠨ᠂ ᠭᠦᠨ ᠵᠤᠵᠠᠭᠠᠨ ᠠᠳᠤᠭᠤᠨ ᠰᠣᠶᠣᠯ ᠢ ᠬᠤᠷᠠᠮᠳᠤᠭᠤᠯᠤᠨ ᠲᠤᠩᠭᠠᠵᠤ᠂ ᠦᠵᠦᠮᠦᠴᠢᠨ ᠰᠠᠭᠠᠷᠠᠯ᠂ ᠠᠪᠠᠭ᠎ᠠ ᠬᠠᠷ᠎ᠠ᠂ ᠰᠥᠨᠢᠳ ᠠᠳᠤᠭᠤ᠂ ᠱᠠᠩᠳᠤ ᠶᠢᠨ ᠭᠤᠣᠯ ᠤᠨ ᠠᠳᠤᠭᠤ ᠵᠡᠷᠭᠡ ᠰᠦᠷᠦᠭ ᠤᠳ ᠪᠠᠳᠠᠷᠠᠨ ᠦᠷᠡᠵᠢᠵᠠᠢ᠃      2010 ᠣᠨ ᠳᠤ᠂ ᠳᠤᠮᠳᠠᠳᠤ ᠤᠯᠤᠰ ᠤᠨ ᠠᠳᠤᠭᠤᠨ ᠤ ᠦᠢᠯᠡᠰ ᠤᠨ ᠨᠡᠶᠢᠭᠡᠮᠯᠢᠭ ᠠᠴᠠ ᠰᠢᠯᠢ ᠶᠢᠨ ᠭᠤᠣᠯ ᠠᠶᠢᠮᠠᠭ ᠢ ︿︿ ᠳᠤᠮᠳᠠᠳᠤ ᠤᠯᠤᠰ ᠤᠨ ᠠᠳᠤᠭᠤᠨ ᠰᠣᠶᠣᠯ ᠤᠨ ᠲᠥᠪ﹀﹀ ᠬᠡᠮᠡᠨ ᠨᠡᠷᠡᠶᠢᠳᠪᠡ᠃ ᠲᠡᠭᠦᠨ ᠤ ᠭᠤᠣᠯᠯᠠᠭᠴᠢ ᠣᠷᠣᠨ ᠪᠣᠯᠣᠭᠰᠠᠨ ᠰᠢᠯᠢ ᠶᠢᠨ ᠬᠤᠲᠠ ᠶᠢᠨ ᠠᠳᠤᠭᠤᠨ ᠤ ᠦᠢᠯᠡᠰ ᠤᠨ ᠬᠥᠭᠵᠢᠭᠦᠯᠦᠯᠲᠡ ᠨᠢ ᠦᠢᠯᠡᠳᠪᠦᠷᠢᠯᠡᠯ ᠠᠮᠢᠳᠤᠷᠠᠯ᠂ ᠵᠠᠩ ᠳᠠᠳᠬᠠᠯ᠂ ᠤᠳᠬ᠎ᠠ ᠤᠷᠠᠯᠢᠭ᠂ ᠰᠣᠶᠣᠯ ᠵᠢᠭᠤᠯᠴᠢᠯᠠᠯ᠂ ᠤᠷ᠎ᠠ ᠲᠠᠮᠢᠷ᠂ ᠣᠷᠣᠯᠭ᠎ᠠ ᠨᠡᠮᠡᠭᠳᠡᠯ ᠵᠡᠷᠭᠡ ᠲᠠᠯ᠎ᠠ ᠪᠠᠷ ᠬᠢ ᠦᠢᠯᠡᠳᠦᠯ ᠢ ᠤᠯᠠᠮ ᠠᠴᠠ ᠳᠣᠪᠣᠶᠢᠯᠭᠠᠵᠤ᠂ ᠳᠤᠮᠳᠠᠳᠤ ᠤᠯᠤᠰ ᠤᠨ ᠠᠳᠤᠭᠤᠨ ᠰᠣᠶᠣᠯ ᠤᠨ ᠵᠢᠭᠤᠯᠴᠢᠯᠠᠯ ᠴᠡᠩᠭᠡᠯ ᠰᠡᠯᠡᠭᠦᠴᠡᠯ ᠤᠨ ᠰᠠᠭᠤᠷᠢᠨ ᠪᠠ ᠵᠢᠱᠢᠶᠡᠴᠢ ᠣᠷᠣᠨ ᠢ ᠴᠢᠭᠯᠡᠨ ᠤᠷᠤᠭᠰᠢᠯᠠᠨᠠᠮ᠃      2014 ᠣᠨ ᠤ 1 ᠰᠠᠷ᠎ᠠ ᠳᠤ᠂ ᠰᠢ ᠵᠢᠩ ᠫᠢᠩ ᠶᠡᠷᠦᠩᠬᠡᠢ ᠱᠦᠵᠢ ᠰᠢᠯᠢ ᠶᠢᠨ ᠬᠤᠲᠠ ᠶᠢᠨ ᠪᠣᠯᠭᠠᠨ ᠰᠤᠮᠤᠨ ᠤ ᠮᠠᠯᠴᠢᠳ ᠤᠨ ᠨᠠᠭᠠᠳᠤᠮ ᠳᠤ ᠣᠷᠣᠯᠴᠠᠬᠤ ᠦᠶ᠎ᠡ᠂ ᠲᠡᠰᠪᠦᠷᠢ ᠬᠠᠲᠠᠭᠤᠵᠢᠯᠲᠠᠢ ᠴᠤᠴᠠᠯᠲᠠ ᠦᠭᠡᠢ ᠤᠷᠤᠭᠰᠢᠯᠠᠵᠤ᠂ ᠵᠣᠷᠢᠭᠰᠠᠨ ᠳᠤ ᠪᠠᠨ ᠬᠦᠷᠬᠦ ᠦᠭᠡᠢ ᠪᠣᠯ ᠪᠤᠴᠠᠬᠤ ᠦᠭᠡᠢ  ︿︿ᠮᠣᠩᠭᠤᠯ ᠮᠣᠷᠢᠨ ᠤ ᠵᠣᠷᠢᠭ ᠰᠠᠨᠠᠭ᠎ᠠ﹀﹀ ᠶᠢ ᠠᠩᠬ᠎ᠠ ᠳᠤᠷᠠᠳᠴᠤ᠂ ᠡᠭᠦᠨ ᠠᠴᠠ ᠰᠢᠯᠢ ᠶᠢᠨ ᠬᠤᠲᠠ ᠨᠢ ᠮᠣᠩᠭᠤᠯ ᠮᠣᠷᠢᠨ ᠤ ᠵᠣᠷᠢᠭ ᠰᠠᠨᠠᠭᠠᠨ ᠤ ᠡᠬᠢ ᠰᠡᠳᠦᠯᠭᠡ ᠶᠢᠨ ᠭᠠᠵᠠᠷ ᠪᠣᠯᠵᠠᠢ᠃      ᠰᠢᠯᠢ ᠶᠢᠨ ᠬᠤᠲᠠ ᠶᠢᠨ ᠵᠣᠴᠢᠳ ᠤᠨ ᠲᠢᠩᠬᠢᠮ ᠤᠨ ᠳᠤᠮᠳᠠᠳᠤ ᠤᠯᠤᠰ ᠤᠨ ᠮᠣᠩᠭᠤᠯ ᠠᠳᠤᠭᠤᠨ ᠤ ᠤᠷᠠᠯᠢᠭ ᠤᠨ ᠣᠷᠳᠣᠨ ᠪᠣᠯ ᠤᠷᠠᠨ ᠪᠦᠳᠦᠭᠡᠯ ᠲᠣᠯᠢᠯᠠᠨ ᠰᠣᠨᠢᠷᠬᠠᠬᠤ ᠲᠥᠪ᠂ ᠮᠣᠩᠭᠤᠯ ᠠᠳᠤᠭᠤᠨ ᠰᠣᠶᠣᠯ ᠤᠨ ᠬᠠᠮᠢᠶ᠎ᠠ ᠪᠥᠬᠦᠢ ᠳᠠᠭᠤᠤ ᠬᠥᠭᠵᠢᠮ᠂ ᠨᠣᠮ ᠪᠢᠴᠢᠭ᠂ ᠤᠷᠠᠨ ᠵᠢᠷᠤᠭ᠂ ᠱᠤᠭᠤᠮᠠᠯ᠂ ᠱᠠᠵᠠᠩ᠂ ᠤᠷᠠᠨ ᠪᠢᠴᠢᠯᠭᠡ᠂ ᠦᠰᠦᠭ ᠰᠡᠶᠢᠯᠦᠮᠡᠯ᠂ ᠭᠠᠷ ᠤᠷᠠᠯᠠᠯ᠂ ᠵᠢᠷᠤᠭ ᠰᠡᠭᠦᠳᠡᠷ᠂ ᠤᠳᠬ᠎ᠠ ᠤᠷᠠᠯᠢᠭ᠂ ᠺᠢᠨᠣ᠋ ᠵᠦᠴᠦᠭᠡ᠂ ᠬᠠᠭᠤᠴᠢᠨ ᠡᠳ᠋ᠯᠡᠯ ᠬᠡᠷᠡᠭᠰᠡᠯ ᠤᠨ ᠵᠦᠢᠯᠡᠰ ᠢ ᠬᠤᠷᠠᠮᠳᠤᠭᠤᠯᠤᠨ ᠴᠤᠭᠯᠠᠭᠤᠯᠵᠤ᠂ ᠤᠵᠢᠭᠤᠷ ᠰᠣᠷᠪᠤᠯᠵᠢᠳᠦ ᠦᠨᠢᠷ ᠪᠠᠶᠠᠯᠢᠭ ᠮᠣᠩᠭᠤᠯ ᠠᠳᠤᠭᠤᠨ ᠰᠣᠶᠣᠯ ᠤᠷᠠᠯᠢᠭ ᠢ ᠳᠡᠯᠭᠡᠨ ᠦᠵᠡᠭᠦᠯᠵᠦ᠂ ︿︿ ᠮᠣᠩᠭᠤᠯ ᠮᠣᠷᠢᠨ ᠤ ᠵᠣᠷᠢᠭ ᠰᠠᠨᠠᠭ᠎ᠠ﹀﹀ ᠶᠢ ᠪᠥᠷᠢᠨ ᠭᠦᠨᠵᠡᠭᠡᠢ ᠲᠣᠳᠣ ᠲᠠᠶᠢᠯᠪᠤᠷᠢᠯᠠᠬᠤ ᠶᠢ ᠵᠣᠷᠢᠵᠠᠢ᠃      ᠠᠵᠢᠨᠠᠢ ᠬᠥᠯᠥᠭ ᠤᠨ ᠳᠣᠪᠲᠤᠯᠤᠯ᠂ ᠠᠭᠤᠤ ᠨᠤᠲᠤᠭ ᠤᠨ ᠳᠠᠭᠤᠷᠢᠰᠤᠯ᠃ ᠡᠷᠲᠡ ᠤᠷᠢᠳ ᠠᠴᠠ᠂ ᠳᠡᠭᠦᠯᠢᠨ ᠳᠣᠪᠲᠣᠯᠭ᠎ᠠ ᠮᠣᠩᠭᠤᠯ ᠮᠣᠷᠢ ᠮᠢᠨᠢ ᠲᠠᠯ᠎ᠠ ᠨᠤᠲᠤᠭ ᠤᠨ ᠦᠨᠢᠲᠡ ᠶᠢᠨ ᠰᠦᠯᠳᠡ ᠪᠣᠯᠵᠤ᠂ ᠨᠢᠭᠡᠨᠲᠡ ᠨᠡᠭᠦᠳᠡᠯ ᠰᠣᠶᠣᠯ ᠤᠨ ᠭᠧᠨ ᠳᠤ ᠭᠦᠨ ᠠᠭᠤᠰᠤᠯᠴᠠᠨ ᠰᠢᠭᠢᠳᠴᠡᠢ᠃      ᠮᠣᠩᠭᠤᠯ ᠮᠣᠷᠢ᠂ ᠰᠢᠯᠢ ᠶᠢᠨ ᠬᠤᠲᠠ ᠶᠢᠨ ᠡᠭᠦᠷᠢᠳᠡ ᠶᠢᠨ ᠬᠠᠮᠤᠭ ᠭᠡᠭᠡᠨ ᠰᠦᠷ ᠰᠦᠯᠳᠡ᠃
 
ᠢᠷᠡᠯᠲᠡ᠄ ᠰᠢᠯᠢ ᠶᠢᠨ ᠬᠤᠲᠠ ᠶᠢᠨ ᠵᠠᠰᠠᠭ ᠤᠨ ᠶᠠᠪᠣᠳᠠᠯ ᠤᠨ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号