ᠬᠦᠰᠡᠯ ᠨᠠᠶᠢᠳᠠᠯᠭ᠎ᠠ ᠶᠢ ᠪᠠᠲᠤ ᠴᠡᠭᠡᠵᠢᠯᠡᠵᠦ ᠠᠴᠢ  ᠬᠠᠷᠢᠭᠤᠯᠵᠣ ᠡᠷᠡᠯᠬᠡᠭᠯᠡᠨ ᠤᠷᠤᠭᠰᠢᠯᠠᠵᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠵᠢᠱᠢᠶ᠎ᠡ ᠦᠵᠡᠭᠦᠯᠬᠦ ᠣᠷᠣᠨ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠵᠤ ᠪᠠᠲᠤ ᠴᠣᠭᠴᠠᠯᠠᠶ᠎ᠠ ︱ ᠷᠠᠰᠢᠶᠠᠨᠪᠣᠯᠠᠭ ᠪᠠᠯᠭᠠᠰᠤ 2024 ᠣᠨ ᠤ︽ᠦᠨᠳᠦᠰᠦᠲᠡᠨ ᠤ ᠲᠦᠷᠦ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠰᠠᠷ᠎ᠠ︾᠂︽ᠦᠨᠳᠦᠰᠦᠲᠡᠨ ᠤ ᠬᠠᠤᠯᠢᠵᠢᠯ ᠤᠨ ᠤᠬᠠᠭᠤᠯᠭ᠎ᠠ ᠶᠢᠨ ᠭᠠᠷᠠᠭ︾᠎ ᠤᠨ ᠠᠵᠢᠯ ᠢ ᠪᠠᠶᠢᠷᠢᠯᠠᠭᠤᠯᠪᠠ
ᠨᠡᠶᠢᠲᠡᠯᠡᠭᠰᠡᠨ ᠴᠠᠭ᠄
2024/5/9
         5 ᠰᠠᠷ᠎ᠠ ᠶᠢᠨ 6᠎ ᠤ ᠡᠳᠦᠷ᠂ ᠪᠠᠯᠭᠠᠰᠤᠨ ᠤ ᠨᠠᠮ ᠤᠨ ᠬᠤᠷᠢᠶ᠎ᠠ ᠶᠢᠨ ᠱᠦᠵᠢ ᠡᠷᠳᠡᠨᠢ ᠬᠤᠷᠠᠯ ᠡᠷᠭᠢᠯᠡᠨ ᠬᠤᠷᠠᠯᠳᠤᠭᠤᠯᠵᠤ᠂ 2024 ᠣᠨ ᠤ ︽ᠦᠨᠳᠦᠰᠦᠲᠡᠨ ᠤ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠰᠠᠷ᠎ᠠ︾᠂ ︽ᠦᠨᠳᠦᠰᠦᠲᠡᠨ ᠤ ᠬᠠᠤᠯᠢ ᠪᠠᠷ ᠵᠠᠰᠠᠬᠤ ᠤᠬᠠᠭᠤᠯᠭ᠎ᠠ ᠶᠢᠨ ᠭᠠᠷᠠᠭ︾᠎ ᠤᠨ ᠰᠢᠷᠢᠰ ᠠᠵᠢᠯ ᠢ ᠲᠣᠬᠢᠷᠠᠭᠤᠯᠤᠨ ᠪᠠᠶᠢᠷᠢᠯᠠᠭᠤᠯᠵᠤ᠂ ᠪᠠᠯᠭᠠᠰᠤᠨ ᠤ ᠨᠠᠮ ᠤᠨ ᠬᠤᠷᠢᠶ᠎ᠠ ᠶᠢᠨ ᠭᠡᠰᠢᠭᠦᠨ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠡᠷᠢᠭᠦᠯᠡᠭᠴᠢ  ᠪᠣᠶᠠᠨᠨᠡᠮᠡᠬᠦ᠂ ᠪᠠᠯᠭᠠᠰᠤᠨ ᠤ ᠨᠠᠮ ᠵᠠᠰᠠᠭ ᠤᠨ ᠪᠠᠭ ᠤᠨ  ᠪᠦᠷᠢᠯᠳᠦᠭᠦᠨ ᠵᠢᠴᠢ ᠬᠠᠷᠢᠶ᠎ᠠ ᠠᠵᠢᠯ ᠦᠢᠯᠡᠰ ᠤᠨ ᠨᠢᠭᠡᠴᠡ ᠶᠢᠨ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠢ᠃         ᠬᠤᠷᠠᠯ ᠠᠴᠠ᠂ ᠨᠢᠭᠡ ᠳᠤ᠂ ᠤᠯᠤᠰ ᠲᠦᠷᠦ ᠶᠢᠨ ᠵᠣᠭᠰᠣᠴᠠ ᠪᠠᠨ ᠦᠨᠡᠨᠬᠦ ᠳᠡᠭᠡᠭᠰᠢᠯᠡᠭᠦᠯᠬᠦ ᠬᠡᠷᠡᠭᠲᠡᠢ᠃ ᠰᠢ ᠶᠢᠨ ᠫᠢᠩ ᠶᠡᠷᠦᠩᠬᠡᠢ ᠱᠦᠵᠢ ᠶᠢᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠶᠢ ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ︽ᠬᠦᠰᠡᠯ ᠨᠠᠶᠢᠳᠠᠯᠭ᠎ᠠ ᠶᠢ ᠪᠠᠲᠤ ᠴᠡᠭᠡᠵᠢᠯᠡᠵᠦ᠂ ᠠᠴᠢ ᠬᠠᠷᠢᠭᠤᠯᠵᠣ ᠡᠷᠡᠯᠬᠡᠭᠯᠡᠨ ᠤᠷᠤᠭᠰᠢᠯᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠵᠢᠱᠢᠶ᠎ᠡ ᠦᠵᠡᠭᠦᠯᠬᠦ ᠣᠷᠣᠨ ᠢ ᠪᠥᠬᠦ ᠲᠠᠯ᠎ᠠ ᠪᠠᠷ ᠪᠠᠶᠢᠭᠤᠯᠤᠨ ᠪᠠᠲᠤ ᠪᠠᠬᠢ ᠴᠣᠭᠴᠠᠯᠠᠶ᠎ᠠ︾ ᠭᠡᠬᠦ ᠭᠤᠣᠯ ᠰᠡᠳᠦᠪ ᠲᠠᠢ ᠨᠢᠭᠲᠠ ᠤᠶᠠᠯᠳᠤᠭᠤᠯᠤᠨ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠴᠣᠭᠴᠠᠯᠠᠬᠤ ᠶᠢ ᠡᠯ᠎ᠡ ᠵᠦᠢᠯ ᠤᠨ ᠠᠵᠢᠯ ᠤᠨ ᠳᠤᠮᠳᠠ ᠪᠠᠨ ᠠᠭᠤᠰᠬᠠᠨ ᠣᠷᠣᠭᠤᠯᠵᠤ᠂ ᠦᠨᠳᠦᠰᠦᠲᠡᠨ ᠤ ᠪᠦᠯᠬᠦᠮᠳᠡᠯ ᠤᠨ ᠭᠤᠣᠯ ᠬᠥᠭ ᠠᠶᠠᠰ ᠢ ᠢᠳᠡᠪᠬᠢᠲᠡᠢ ᠪᠠᠳᠠᠷᠠᠭᠤᠯᠤᠨ᠂ ᠤᠬᠠᠭᠤᠯᠭ᠎ᠠ ᠶᠢᠨ ᠰᠠᠷ᠎ᠠ ᠶᠢᠨ ᠡᠯ᠎ᠡ ᠵᠦᠢᠯ ᠤᠨ ᠡᠭᠦᠷᠭᠡ ᠶᠢ ᠨᠠᠶᠢᠳᠠᠪᠤᠷᠢᠵᠢᠭᠤᠯᠤᠨ ᠨᠠᠷᠢᠯᠢᠭᠵᠢᠭᠤᠯᠬᠤ ᠶᠢ ᠬᠦᠴᠦᠲᠡᠢ ᠲᠦᠯᠬᠢᠨ ᠠᠬᠢᠭᠤᠯᠬᠤ ᠬᠡᠷᠡᠭᠲᠡᠢ᠃ ᠬᠤᠶᠠᠷ ᠲᠤ ᠠᠵᠢᠯ ᠤᠨ ᠪᠠᠶᠢᠷᠢᠯᠠᠭᠤᠯᠤᠯᠲᠠ ᠶᠢ ᠲᠤᠤᠱᠯᠠᠭᠤᠯᠤᠨ ᠨᠠᠶᠢᠳᠠᠪᠤᠷᠢᠵᠢᠭᠤᠯᠤᠨ᠎ᠠ᠃ ᠰᠢᠷᠢᠰ ᠲᠤᠰᠬᠠᠢ ᠰᠡᠳᠦᠪᠲᠦ ᠠᠵᠢᠯᠯᠠᠭ᠎ᠠ ᠶᠢ ᠨᠠᠷᠢᠨ ᠨᠢᠮᠪᠠᠢ ᠵᠣᠬᠢᠶᠠᠨ ᠪᠠᠶᠢᠭᠤᠯᠤᠨ ᠥᠷᠨᠢᠭᠦᠯᠵᠦ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠰᠢᠨ᠎ᠡ ᠠᠷᠭ᠎ᠠ ᠮᠠᠶ᠋ᠢᠭ᠂ ᠰᠢᠨ᠎ᠡ ᠠᠷᠭ᠎ᠠ ᠬᠡᠮᠵᠢᠶ᠎ᠡ ᠶᠢ ᠬᠠᠶᠢᠨ ᠰᠦᠪᠡᠭᠴᠢᠯᠡᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢ ᠴᠣᠭᠴᠠᠯᠠᠨ ᠪᠠᠶᠢᠭᠤᠯᠬᠤ ᠦᠵᠡᠯ ᠤᠬᠠᠮᠰᠠᠷ ᠤᠨ ᠤᠬᠠᠭᠤᠯᠭ᠎ᠠ ᠬᠥᠮᠦᠵᠢᠯ ᠢ ᠲᠠᠰ ᠳᠠᠪᠬᠤᠷᠭ᠎ᠠ᠂ ᠬᠦᠷᠢᠶ᠎ᠡ ᠬᠡᠪᠴᠢᠶ᠎ᠡ ᠬᠤᠪᠢᠶᠠᠨ ᠰᠠᠶᠢᠲᠤᠷ ᠥᠷᠨᠢᠭᠦᠯᠦᠨ᠎ᠡ᠃ ︽ᠭᠤᠷᠪᠠᠨ ᠰᠠᠯᠵᠤ ᠴᠢᠳᠠᠬᠤ ᠦᠭᠡᠢ︾᠂ ︽ᠳᠥᠷᠪᠡᠨ ᠬᠠᠮᠳᠣᠪᠠᠷ︾᠂ ︽ᠲᠠᠪᠤᠨ ᠬᠠᠮᠲᠤ ᠪᠠᠷ ᠮᠡᠳᠡᠷᠡᠬᠦ︾᠂ ︽ᠲᠠᠪᠤᠨ ᠦᠵᠡᠯᠲᠡ︾ ᠪᠠ ︽ᠲᠤᠯᠤᠭᠠᠨ ᠵᠢᠱᠢᠶᠡᠴᠢ ᠪᠣᠯᠬᠤ︾ ᠵᠡᠷᠭᠡ ᠣᠨᠣᠯᠵᠢᠬᠤᠨ ᠪᠠ ᠱᠠᠭᠠᠷᠳᠠᠯᠭ᠎ᠠ ᠶᠢ ᠤᠬᠠᠭᠤᠯᠤᠨ ᠲᠠᠶᠢᠯᠪᠤᠷᠢᠯᠠᠬᠤ ᠶᠢ ᠭᠦᠨᠵᠡᠭᠡᠢ ᠥᠷᠨᠢᠭᠦᠯᠵᠦ᠂ ᠦᠨᠳᠦᠰᠦᠲᠡᠨ ᠨᠦᠭᠦᠳ ᠤᠨ ᠣᠯᠠᠨ ᠲᠦᠮᠡᠨ ᠤ ᠨᠠᠮ ᠤᠨ ᠦᠨᠳᠦᠰᠦᠲᠡᠨ ᠤ ᠲᠥᠷᠥ ᠶᠢᠨ ᠪᠣᠳᠣᠯᠭ᠎ᠠ ᠶᠢ ᠣᠶᠢᠯᠠᠭᠠᠬᠤ ᠨᠣᠷᠮ᠎ᠠ ᠶᠢ ᠳᠡᠭᠡᠭᠰᠢᠯᠡᠭᠦᠯᠦᠨ᠎ᠡ᠃         2024 ᠣᠨ ᠪᠣᠯ ᠰᠢᠯᠢ ᠶᠢᠨ ᠭᠤᠣᠯ ᠠᠶᠢᠮᠠᠭ ᠤᠨ ᠪᠥᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠠᠶᠢᠮᠠᠭ ᠢ ᠴᠢᠷᠮᠠᠶᠢᠨ ᠡᠭᠦᠳᠬᠦ ᠵᠠᠩᠭᠢᠯᠠᠭ᠎ᠠ ᠶᠢᠨ ᠵᠢᠯ ᠪᠣᠯᠣᠨ᠎ᠠ᠃ ᠲᠠᠷᠠᠭᠠᠴᠢ ᠶᠢᠨ ᠠᠯᠬᠤᠮ ᠳᠤ᠂ ᠷᠠᠰᠢᠶᠠᠨᠪᠣᠯᠠᠭ ᠪᠠᠯᠭᠠᠰᠤ ᠶᠢᠨ ᠬᠢᠨ ᠦᠨᠳᠦᠰᠦᠲᠡᠨ ᠤ ᠠᠵᠢᠯ ᠢ ᠰᠠᠶᠢᠲᠤᠷ ᠬᠢᠬᠦ ᠬᠠᠷᠢᠭᠤᠴᠠᠯᠭᠠᠲᠤ ᠰᠡᠳᠬᠢᠯᠭᠡ ᠪᠠ ᠪᠠᠴᠢᠮ ᠲᠤᠯᠭᠠᠮ᠎ᠠ ᠰᠡᠳᠬᠢᠯᠭᠡ ᠪᠠᠨ ᠦᠨᠡᠨᠬᠦ ᠴᠢᠩᠭᠠᠳᠬᠠᠵᠤ᠂ ᠨᠠᠮ ᠤᠨ ᠦᠨᠳᠦᠰᠦᠲᠡᠨ ᠤ ᠲᠥᠷᠥ ᠶᠢᠨ ᠪᠣᠳᠣᠯᠭ᠎ᠠ ᠶᠢ ᠪᠥᠬᠦ ᠲᠠᠯ᠎ᠠ ᠪᠠᠷ ᠲᠤᠤᠱᠯᠠᠭᠤᠯᠤᠨ᠂ ᠦᠨᠳᠦᠰᠦᠲᠡᠨ ᠨᠦᠭᠦᠳ ᠤᠨ ᠣᠯᠠᠨ ᠲᠦᠮᠡᠨ ᠢ ᠢᠳᠡᠪᠬᠢᠲᠡᠢ ᠪᠠᠷ ᠬᠥᠲᠥᠯᠥᠨ ᠵᠢᠯᠤᠭᠤᠳᠴᠤ ᠪᠠᠶᠢᠭᠠᠳ ᠨᠠᠮ ᠤᠨ ᠠᠴᠢ ᠶᠢ ᠮᠡᠳᠡᠷᠡᠭᠦᠯᠵᠦ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠬᠤ ᠪᠣᠯᠭᠠᠨ᠎ᠠ᠃
 
ᠢᠷᠡᠯᠲᠡ᠄ ᠰᠢᠯᠢ ᠶᠢᠨ ᠬᠤᠲᠠ ᠶᠢᠨ ᠵᠠᠰᠠᠭ ᠤᠨ ᠶᠠᠪᠣᠳᠠᠯ ᠤᠨ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号