︽ᠪᠤᠯᠠᠭᠠᠨ ᠬᠤᠨᠳᠠᠭᠠᠲᠤ︾ ᠰᠢᠯᠢ ᠶᠢᠨ ᠭᠤᠣᠯ ᠠᠶᠢᠮᠠᠭ ᠤᠨ ᠠᠩᠬᠠᠳᠠᠭᠴᠢ ᠤᠳᠠᠭᠠᠨ ᠤ ᠪᠣᠳᠠᠰ ᠤᠨ ᠪᠤᠰᠤ ᠰᠣᠶᠣᠯ ᠤᠨ ᠥᠪ ᠱᠠᠭ᠎ᠠ ᠤᠨ ᠨᠠᠭᠠᠳᠤᠮ ᠨᠢ ᠪᠤᠯᠠᠭᠠᠨ ᠰᠤᠮᠤ ᠳᠤ ᠠᠮᠵᠢᠯᠲᠠ ᠲᠠᠢ ᠶᠠᠪᠤᠭᠳᠠᠯ᠎ᠠ
ᠨᠡᠶᠢᠲᠡᠯᠡᠭᠰᠡᠨ ᠴᠠᠭ᠄
2024/6/1
     ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠤᠯᠠᠮ ᠨᠢᠭᠡ ᠠᠯᠬᠤᠮ ᠠᠬᠢᠭᠤᠯᠬᠤ ᠶᠢᠨ ᠲᠥᠯᠦᠭᠡ᠂ 5 ᠰᠠᠷ᠎ᠠ ᠶᠢᠨ 26᠎ ᠤ ᠡᠳᠦᠷ᠂ ᠮᠠᠨ ᠤ ᠰᠤᠮᠤ ᠪᠣᠯᠣᠨ ᠰᠢᠯᠢ ᠶᠢᠨ ᠭᠤᠣᠯ ᠠᠶᠢᠮᠠᠭ ᠤᠨ ᠲᠠᠷᠢᠶᠠᠴᠢᠨ ᠮᠠᠯᠴᠢᠳ ᠤᠨ ᠦᠢᠯᠡᠰ ᠪᠣᠰᠬᠠᠬᠤ ᠰᠠᠭᠤᠷᠢᠨ ᠭᠠᠵᠠᠷ ᠤᠨ ᠬᠠᠮᠳᠣᠷᠠᠨ ᠡᠷᠬᠢᠯᠡᠭᠰᠡᠨ ︽ᠪᠤᠯᠠᠭᠠᠨ ᠬᠤᠨᠳᠠᠭᠠᠲᠤ︾ ᠰᠢᠯᠢ ᠶᠢᠨ ᠭᠤᠣᠯ ᠠᠶᠢᠮᠠᠭ ᠤᠨ ᠠᠩᠬᠠᠳᠠᠭᠴᠢ ᠤᠳᠠᠭᠠᠨ ᠤ ᠪᠣᠳᠠᠰ ᠤᠨ ᠪᠤᠰᠤ ᠰᠣᠶᠣᠯ ᠤᠨ ᠥᠪ ᠱᠠᠭ᠎ᠠ ᠤᠨ ᠨᠠᠭᠠᠳᠤᠮ ᠤᠨ ᠤᠷᠤᠯᠳᠤᠭᠠᠨ ᠨᠢ ᠪᠤᠯᠠᠭᠠᠨ ᠰᠣᠮᠤᠨ ᠤ ᠰᠢᠷᠠᠲᠠᠯ᠎ᠠ ᠭᠠᠴᠠᠭᠠᠨ ᠳᠤ ᠠᠮᠵᠢᠯᠲᠠ ᠲᠠᠢ ᠶᠠᠪᠤᠭᠳᠠᠪᠠ᠃      ᠲᠤᠰ ᠤᠳᠠᠭᠠᠨ ᠤ ᠱᠠᠭ᠎ᠠ ᠶᠢᠨ ᠨᠠᠭᠠᠳᠤᠮ ᠤᠨ ᠤᠷᠤᠯᠳᠤᠭᠠᠨ ᠳᠤ ᠪᠦᠬᠦ ᠠᠶᠢᠮᠠᠭ ᠤᠨ 200 ᠭᠠᠷᠤᠢ ᠬᠥᠮᠦᠨ ᠣᠷᠣᠯᠴᠠᠵᠤ᠂ ᠱᠠᠭ᠎ᠠ ᠶᠢᠨ ᠨᠠᠭᠠᠳᠤᠮ ᠨᠢ ᠰᠣᠶᠤᠯ ᠤᠨ ᠳᠡᠯᠭᠡᠨ ᠦᠵᠡᠭᠦᠯᠦᠯᠭᠡ ᠪᠠ ᠱᠠᠭ᠎ᠠ ᠶᠢᠨ ᠤᠷᠤᠯᠳᠤᠭᠠᠨ ᠬᠤᠶᠠᠷ ᠬᠡᠰᠡᠭ ᠢᠶᠠᠷ ᠪᠦᠷᠢᠯᠳᠦᠪᠡ᠃ ᠱᠠᠭ᠎ᠠ ᠶᠢᠨ ᠤᠷᠤᠯᠳᠤᠭᠠᠨ ᠨᠢ ᠠᠯᠲᠠᠨ ᠪᠠᠮᠪᠠᠷᠢ᠂ ᠵᠢᠷᠠ ᠨᠢᠰᠯᠠᠬᠤ᠂ 12 ᠵᠢᠯ ᠲᠣᠭᠠᠯᠠᠬᠤ ᠵᠡᠷᠭᠡ ᠭᠤᠷᠪᠠᠨ ᠵᠦᠢᠯ ᠤᠨ ᠠᠭᠤᠯᠭ᠎ᠠ ᠲᠠᠢ᠃      ᠤᠷᠤᠯᠳᠤᠭᠠᠨ ᠳᠤ ᠱᠠᠭ᠎ᠠ ᠤᠨ ᠪᠠᠭ᠋ᠠᠳᠠᠳ ᠵᠦᠭ ᠵᠦᠭ ᠠᠴᠠ ᠬᠤᠷᠠᠨ ᠴᠤᠭᠯᠠᠷᠠᠵᠤ᠂ ᠡᠯ᠎ᠡ ᠦᠨᠳᠦᠰᠦᠲᠡᠨ ᠤ ᠣᠯᠠᠨ ᠲᠦᠮᠡᠨ ᠨᠢ ᠢᠳᠡᠪᠬᠢᠲᠠᠢ ᠣᠷᠤᠯᠴᠠᠵᠤ᠂ ᠭᠤᠶᠢᠳᠠ ᠰᠠᠶᠢᠬᠠᠨ᠂ ᠤᠷᠮ᠎ᠠ ᠰᠣᠨᠢᠷᠬᠠᠯ ᠲᠠᠢ᠂ ᠦᠪᠡᠷᠮᠢᠴᠡ ᠣᠨᠴᠠᠯᠢᠭ ᠲᠠᠢ ᠰᠣᠶᠤᠯ ᠤᠨ ᠠᠭᠤᠷ ᠠᠮᠢᠰᠬᠤᠯ ᠢ ᠪᠣᠢ ᠪᠣᠯᠭᠠᠵᠠᠢ᠃ ᠪᠤᠯᠠᠭᠠᠨ ᠰᠤᠮᠤ ᠨᠢ ᠲᠤᠰ ᠤᠳᠠᠭᠠᠨ ᠤ ᠱᠠᠭ᠎ᠠ ᠶᠢᠨ ᠨᠠᠭᠠᠳᠤᠮ ᠤᠨ ᠤᠷᠤᠯᠳᠤᠭᠠᠨ ᠪᠠᠷ ᠳᠠᠮᠵᠢᠵᠤ ᠦᠨᠳᠦᠰᠦᠲᠡᠨ ᠤ ᠪᠦᠯᠬᠦᠮᠳᠡᠯ ᠢ ᠤᠯᠠᠮ ᠨᠢᠭᠡ ᠠᠯᠬᠤᠮ ᠰᠠᠶᠢᠵᠢᠷᠠᠭᠤᠯᠤᠭᠰᠠᠨ ᠢᠶᠠᠷ ᠪᠠᠷᠠᠬᠤ ᠦᠭᠡᠢ ᠪᠠᠰᠠ ᠪᠣᠳᠠᠰ ᠤᠨ ᠪᠣᠰᠤ ᠰᠣᠶᠣᠯ ᠤᠨ ᠥᠪ ᠤᠨ ᠬᠠᠮᠠᠭᠠᠯᠠᠨ ᠤᠯᠠᠮᠵᠢᠯᠠᠬᠤ ᠳᠤ ᠤᠯᠠᠮ ᠨᠢᠭᠡ ᠠᠯᠬᠤᠮ ᠦᠢᠯᠡᠳᠦᠯ ᠦᠵᠡᠭᠦᠯᠪᠡ᠃
 
ᠢᠷᠡᠯᠲᠡ᠄ ᠰᠢᠯᠢ ᠶᠢᠨ ᠬᠤᠲᠠ ᠶᠢᠨ ᠵᠠᠰᠠᠭ ᠤᠨ ᠶᠠᠪᠣᠳᠠᠯ ᠤᠨ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号