ᠮᠣᠳᠣᠨ ᠮᠠᠯᠵᠢᠯ ᠤᠨ ᠲᠠᠯᠠᠪᠠᠢ ︽ᠨᠠᠮ ᠤᠨ ᠠᠴᠢ ᠶᠢ ᠮᠡᠳᠡᠷᠡᠵᠦ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠬᠤ︾ ᠤᠯᠠᠨ ᠲᠦᠮᠡᠨᠴᠢ ᠬᠥᠮᠦᠵᠢᠯ ᠦᠢᠯᠡᠳᠦᠯᠭᠡ ᠶᠢᠨ ᠰᠢᠷᠢᠰ ᠠᠵᠢᠯᠯᠠᠭ᠎ᠠ ᠶᠢ ᠵᠣᠬᠢᠶᠠᠨ ᠪᠠᠶᠢᠭᠤᠯᠵᠤ ᠦᠷᠨᠢᠭᠦᠯᠪᠡ
ᠨᠡᠶᠢᠲᠡᠯᠡᠭᠰᠡᠨ ᠴᠠᠭ᠄
2024/6/10
     ᠲᠠᠪᠤᠨ ᠰᠠᠷ᠎ᠠ ᠶᠢᠨ ᠰᠢᠨ᠎ᠡ ᠶᠢᠨ ᠲᠠᠪᠤᠨ ᠤ ᠪᠠᠶᠠᠷ ᠪᠣᠯᠬᠤ ᠭᠡᠵᠦ ᠪᠠᠶᠢᠬᠤ ᠳᠠᠰᠢᠷᠠᠮ ᠎ ᠢᠶᠠᠷ᠂ ᠥᠷᠭᠡᠨ ᠣᠯᠠᠨ ᠰᠠᠭᠤᠭᠠᠯᠢ ᠠᠷᠠᠳ ᠢ ᠬᠥᠲᠥᠯᠥᠨ ᠵᠢᠯᠣᠭᠤᠳᠴᠤ ᠪᠠᠶᠢᠭᠠᠳ ᠳᠤᠮᠳᠠᠳᠤ ᠶᠢᠨ ᠤᠯᠠᠮᠵᠢᠯᠠᠯᠲᠤ ᠪᠠᠶᠠᠷ ᠤᠨ ᠡᠳᠦᠷ ᠤᠨ ᠰᠣᠶᠣᠯ ᠢ ᠣᠶᠢᠯᠠᠭᠠᠭᠤᠯᠤᠨ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠠᠶᠢᠬᠠᠨ ᠰᠤᠷᠲᠠᠯ ᠢ ᠨᠡᠩ ᠰᠠᠶᠢᠨ ᠤᠯᠠᠮᠵᠢᠯᠠᠨ ᠪᠠᠳᠠᠷᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠦᠬᠦ ᠲᠠᠯ᠎ᠠ ᠪᠠᠷ ᠪᠠᠲᠤᠳᠬᠠᠵᠤ᠂ ︽ᠦᠨᠳᠦᠰᠦᠲᠡᠨ ᠨᠦᠭᠦᠳ ᠪᠦᠯᠬᠦᠮᠳᠡᠨ ᠨᠢᠭᠡ ᠭᠡᠷ ᠤᠨ ᠬᠥᠮᠦᠨ ᠮᠡᠲᠦ ᠳᠣᠲᠣᠨᠣ ᠪᠠᠶᠢᠬᠤ︾ ᠰᠠᠶᠢᠨ ᠰᠠᠶᠢᠬᠠᠨ ᠠᠭᠤᠷ ᠠᠮᠢᠰᠬᠤᠯ ᠎ ᠢ ᠪᠤᠢ ᠪᠣᠯᠭᠠᠵᠤ᠂ 2024 ᠣᠨ ᠤ 6 ᠰᠠᠷ᠎ᠠ ᠶᠢᠨ 4᠎ ᠤ ᠡᠳᠦᠷ ᠮᠣᠳᠣᠨ ᠮᠠᠯᠵᠢᠯ ᠤᠨ ᠲᠠᠯᠠᠪᠠᠢ ︽ᠲᠠᠪᠤᠨ ᠰᠠᠷ᠎ᠠ ᠶᠢᠨ ᠰᠢᠨ᠎ᠡ ᠶᠢᠨ ᠲᠠᠪᠤᠨ ᠤ ᠪᠠᠶᠠᠷ᠂ ᠵᠦᠭᠽᠢ ᠢᠳᠡᠵᠦ ᠮᠡᠷᠭᠡᠳ ᠢ ᠰᠠᠨᠠᠭᠠᠯᠵᠠᠬᠤ︾ — ︽ᠨᠠᠮ ᠤᠨ ᠠᠴᠢ ᠶᠢ ᠮᠡᠳᠡᠷᠡᠵᠦ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠬᠤ︾ ᠤᠯᠠᠨ ᠲᠦᠮᠡᠨᠴᠢ ᠬᠥᠮᠦᠵᠢᠯ ᠦᠢᠯᠡᠳᠦᠯᠭᠡ ᠶᠢᠨ ᠰᠢᠷᠢᠰ ᠠᠵᠢᠯᠯᠠᠭ᠎ᠠ ᠶᠢ ᠥᠷᠨᠢᠭᠦᠯᠵᠦ᠂ ᠬᠠᠷᠢᠶ᠎ᠠ ᠣᠷᠣᠨ ᠤ ᠰᠠᠭᠤᠭᠠᠯᠢ ᠠᠷᠠᠳ᠂ ᠲᠠᠯᠠᠪᠠᠢ ᠳᠤ ᠰᠠᠭᠤᠭ᠎ᠠ ᠪᠠᠶᠢᠭᠤᠯᠭ᠎ᠠ ᠨᠢᠭᠡᠴᠡ᠂ ᠮᠠᠯᠵᠢᠯ ᠤᠨ ᠲᠠᠯᠠᠪᠠᠢ ᠶᠢᠨ ᠺᠠᠳ᠋ᠷ ᠠᠵᠢᠯᠳᠠᠨ ᠲᠤᠰ ᠰᠢᠷᠢᠰ ᠠᠵᠢᠯᠯᠠᠭ᠎ᠠ ᠳᠤ ᠣᠷᠣᠯᠴᠠᠪᠠ᠃      ᠲᠤᠰ ᠠᠵᠢᠯᠯᠠᠭ᠎ᠠ ᠨᠢ ᠰᠦᠷ ᠵᠢᠪᠬᠤᠯᠠᠩᠲᠤ ᠤᠯᠤᠰ ᠤᠨ ᠲᠤᠭ ᠮᠠᠨᠳᠤᠭᠤᠯᠬᠤ ᠶᠣᠰᠣᠯᠠᠯ ᠪᠠᠷ ᠡᠬᠢᠯᠡᠪᠡ᠂ ᠮᠠᠯᠵᠢᠯ ᠤᠨ ᠲᠠᠯᠠᠪᠠᠢ ᠶᠢᠨ ᠨᠠᠮ ᠤᠨ ᠬᠤᠷᠢᠶ᠎ᠠ ᠶᠢᠨ ᠱᠦᠵᠢ ᠶᠠᠩ ᠹᠦ᠋ ᠨᠥᠬᠦᠷ ᠪᠠᠶᠠᠷ ᠤᠨ ᠦᠭᠡ ᠬᠡᠯᠡᠵᠦ᠂ ᠤᠯᠠᠨ ᠳᠤ ᠪᠠᠶᠠᠷ ᠤᠨ ᠡᠳᠦᠷ ᠤᠨ ᠮᠡᠨᠳᠦ ᠬᠦᠷᠭᠡᠬᠦ ᠶᠢᠨ ᠬᠠᠮᠲᠤ᠂ ᠲᠤᠰ ᠠᠵᠢᠯᠯᠠᠭ᠎ᠠ ᠪᠠᠷ ᠳᠠᠮᠵᠢᠭᠤᠯᠤᠨ ᠥᠷᠭᠡᠨ ᠤᠯᠠᠨ ᠲᠦᠮᠡᠨ ᠤ ᠤᠶᠤᠨ ᠰᠠᠨᠠᠭ᠎ᠠ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠵᠤ᠂ ᠬᠦᠴᠦᠷᠬᠡᠭ ᠶᠡᠭᠡ ᠨᠢᠭᠲᠠᠷᠠᠯ ᠤᠨ ᠬᠦᠴᠦᠨ ᠢᠶᠠᠷ ᠮᠣᠳᠣᠨ ᠮᠠᠯᠵᠢᠯ ᠤᠨ ᠲᠠᠯᠠᠪᠠᠢ ᠪᠠᠨ ᠨᠡᠩ ᠦᠵᠡᠰᠬᠦᠯᠡᠩᠲᠦ ᠰᠠᠶᠢᠬᠠᠨ ᠡᠶ᠎ᠡ ᠵᠣᠬᠢᠴᠠᠩᠭᠤᠢ ᠪᠣᠯᠭᠠᠨ ᠪᠦᠳᠦᠬᠡᠨ ᠪᠠᠶᠢᠭᠤᠯᠬᠤ ᠶᠢ ᠬᠦᠰᠡᠪᠡ᠃      ᠲᠤᠰ ᠤᠳᠠᠭᠠᠨ ᠤ ᠠᠵᠢᠯᠯᠠᠭ᠎ᠠ ᠶᠢᠨ ᠬᠡᠯᠪᠡᠷᠢ ᠨᠢ ᠣᠯᠠᠨ ᠶᠠᠩᠵᠤ᠂ ᠠᠭᠤᠯᠭ᠎ᠠ ᠨᠢ ᠪᠠᠶᠠᠯᠢᠭ᠂ ᠠᠬᠤᠶ ᠲᠠᠯᠠᠪᠠᠶ ᠶᠢᠨ ᠠᠭᠤᠷ ᠠᠮᠢᠰᠬᠤᠯ ᠬᠥᠷ ᠬᠥᠭᠵᠢᠶᠡᠨ ᠲᠠᠢ ᠪᠠᠶᠢᠵᠤ᠂ ᠰᠢᠯᠦᠭ ᠳᠠᠭᠤᠤ᠂ ᠭᠤᠶᠢᠳᠠ ᠰᠠᠶᠢᠬᠠᠨ ᠲᠣᠭᠯᠠᠯᠲᠠ ᠪᠠ ᠰᠣᠨᠢᠷᠬᠠᠯ ᠲᠠᠢ ᠲᠣᠭᠯᠠᠭᠠᠮ ᠦᠷᠨᠢᠭᠦᠯᠪᠡ᠃ ᠮᠠᠯᠵᠢᠯ ᠤᠨ ᠲᠠᠯᠠᠪᠠᠶ ᠶᠢᠨ ᠠᠵᠢᠯᠲᠠᠨ ᠠᠵᠢᠯᠴᠢᠨ᠂ ᠲᠣᠮᠢᠯᠠᠭᠰᠠᠨ ᠰᠠᠯᠪᠤᠷᠢ ᠶᠢᠨ ᠠᠷᠠᠳ ᠤᠨ ᠴᠠᠭᠳᠠᠭ᠎ᠠ᠂  ᠰᠦᠢᠳᠬᠡᠯ ᠬᠤᠷᠢᠶᠠᠬᠤ ᠥᠷᠲᠡᠭᠡᠨ ᠤ ᠠᠵᠢᠯᠲᠠᠨ᠂  ᠬᠡᠣᠬᠡᠳ ᠤᠨ ᠴᠡᠴᠡᠷᠯᠢᠭ ᠤᠨ ᠪᠢᠴᠢᠬᠠᠨ ᠨᠠᠶᠢᠵᠠ ᠨᠠᠷ ᠣᠯᠠᠨ ᠳᠤ ᠭᠤᠶᠢᠳᠠ ᠰᠠᠶᠢᠬᠠᠨ ᠲᠣᠭᠯᠠᠯᠲᠠ ᠭᠠᠷᠭᠠᠵᠤ᠂ ᠰᠢᠨ᠎ᠡ ᠴᠠᠭ ᠦᠶ᠎ᠡ ᠶᠢᠨ ᠮᠠᠯᠵᠢᠯ ᠤᠨ ᠲᠠᠯᠠᠪᠠᠶ ᠶᠢᠨ ᠡᠯ᠎ᠡ ᠠᠵᠢᠯ ᠲᠥᠷᠥᠯ ᠤᠨ ᠠᠵᠢᠯᠲᠠᠨ ᠤ ᠠᠵᠢᠯ ᠠᠮᠢᠳᠤᠷᠠᠯ ᠤᠨ ᠢᠳᠡᠪᠬᠢᠲᠡᠶ᠂ ᠥᠭᠡᠳᠡᠷᠬᠡᠭ᠂ ᠰᠠᠶᠢᠨ ᠰᠠᠶᠢᠬᠠᠨ ᠳᠦᠷᠰᠦ ᠪᠠᠶᠢᠳᠠᠯ ᠪᠠ ᠦᠨᠳᠦᠰᠦᠲᠡᠨ ᠨᠦᠭᠦᠳ ᠪᠦᠯᠬᠦᠮᠳᠡᠨ ᠨᠢᠭᠲᠠᠷᠬᠠᠰᠠᠨ ᠰᠠᠶᠢᠨ ᠰᠠᠶᠢᠬᠠᠨ ᠨᠡᠶᠢᠭᠡᠮ ᠤᠨ ᠠᠭᠤᠷ ᠠᠮᠢᠰᠬᠤᠯ ᠢ ᠭᠦᠢᠴᠡᠳ ᠳᠡᠯᠭᠡᠨ ᠦᠵᠡᠭᠦᠯᠵᠡᠶ᠃ ᠡᠭᠦᠨ ᠤ ᠵᠡᠷᠭᠡ ᠪᠠᠷ ᠠᠵᠢᠯᠯᠠᠭ᠎ᠠ ᠶᠢᠨ ᠲᠤᠬᠠᠶ ᠶᠢᠨ ᠲᠠᠯᠠᠪᠤᠷ ᠲᠤ ᠠᠵᠢᠯᠲᠠᠳ ᠠᠴᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠥᠷᠢᠴᠡᠯ ᠵᠢᠭᠤᠷᠠᠯᠳᠤᠭᠠᠨ ᠢ ᠣᠯᠠᠨ ᠡᠰᠢᠵᠢᠬᠦᠯᠦᠨ  ᠰᠢᠢᠳᠪᠦᠷᠢᠯᠡᠬᠦ ᠲᠦᠷᠢᠮ︾᠂ ᠭᠠᠵᠢᠭᠤ ᠨᠣᠮᠯᠠᠯ ᠢ ᠰᠡᠷᠭᠡᠶᠢᠯᠡᠬᠦ᠂ ︽ᠱᠠᠯᠢᠭ ᠵᠠᠪᠬᠠᠶ  ᠵᠦᠢᠯᠡᠰ ᠢ ᠱᠦᠭᠦᠷᠳᠡᠨ ᠠᠷᠢᠯᠭᠠᠵᠤ᠂ ᠬᠠᠣᠯᠢ ᠪᠤᠰᠤ ᠬᠡᠪᠯᠡᠭᠳᠡᠬᠦᠨ ᠳᠤ ᠴᠣᠬᠢᠯᠲᠠ ᠥᠭᠬᠦ︾᠂ ᠤᠯᠤᠰ ᠤᠨ ᠠᠮᠤᠷ ᠲᠦᠪᠰᠢᠨ ᠤ ᠦᠵᠡᠯᠲᠡ ᠶᠢᠨ ᠤᠬᠠᠭᠤᠯᠭ᠎ᠠ᠂ ᠴᠠᠬᠢᠯᠭᠠᠨ ᠬᠤᠯᠪᠣᠭᠠᠨ ᠤ ᠮᠡᠬᠡᠯᠡᠯ ᠢ ᠰᠡᠷᠭᠡᠶᠢᠯᠡᠬᠦ᠂ ᠠᠶᠤᠯᠭᠦᠶ  ᠦᠢᠯᠡᠳᠪᠦᠷᠢᠯᠡᠯ ᠢ ᠰᠡᠷᠭᠡᠶᠢᠯᠡᠬᠦ ᠵᠡᠷᠭᠡ ᠤᠬᠠᠭᠤᠯᠭ᠎ᠠ ᠶᠢᠨ ᠳᠡᠪᠲᠡᠷ ᠢ 80 ᠭᠠᠷᠤᠶ ᠬᠤᠪᠢ ᠲᠠᠷᠬᠠᠭᠠᠭᠰᠠᠨ ᠪᠠᠶᠢᠨ᠎ᠠ᠃
 
ᠢᠷᠡᠯᠲᠡ᠄ ᠰᠢᠯᠢ ᠶᠢᠨ ᠬᠤᠲᠠ ᠶᠢᠨ ᠵᠠᠰᠠᠭ ᠤᠨ ᠶᠠᠪᠣᠳᠠᠯ ᠤᠨ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号