︽ᠡᠯᠡᠰᠦ ᠤᠷᠤᠭᠰᠢᠯᠠᠵᠤ ᠬᠥᠮᠥᠨ ᠤᠬᠤᠷᠢᠵᠤ︾ ᠪᠠᠶᠢᠭᠰᠠᠨ ᠠᠴᠠ ᠪᠠᠨ ︽ᠡᠯᠡᠰᠦᠨ ᠠᠴᠠ ᠠᠯᠲᠠ ᠰᠢᠷᠭᠠᠭᠠᠬᠤ︾ ᠪᠣᠯᠪᠠ᠃ ᠮᠠᠨ ᠤ ᠤᠯᠤᠰ ᠤᠨ ᠡᠯᠡᠰᠦ ᠵᠠᠰᠠᠬᠤ ᠠᠵᠤ ᠦᠢᠯᠡᠰ ᠤᠨ ᠬᠥᠭᠵᠢᠯᠲᠡ ᠶᠢ ᠳᠠᠶᠢᠴᠢᠯᠠᠭᠰᠠᠨ ᠲᠤᠬᠠᠢ ᠠᠵᠢᠭᠯᠠᠯᠲᠠ
ᠨᠡᠶᠢᠲᠡᠯᠡᠭᠰᠡᠨ ᠴᠠᠭ᠄
2024/6/17
     ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠮᠠᠨ ᠤ ᠤᠯᠤᠰ ᠤᠨ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠠᠵᠢᠯ ᠢᠯᠡᠳᠲᠡ ᠦᠷ᠎ᠡ ᠪᠦᠲᠦᠮᠵᠢ ᠣᠯᠵᠤ᠂ 53%᠎ ᠶᠢᠨ ᠵᠠᠰᠠᠵᠤ ᠪᠣᠯᠬᠤᠶᠢᠴᠠ ᠡᠯᠡᠰᠦᠷᠬᠡᠭᠵᠢᠭᠰᠡᠨ ᠭᠠᠵᠠᠷ ᠰᠢᠷᠣᠢ ᠶᠢ ᠵᠠᠰᠠᠪᠠ᠃ ᠮᠠᠨ ᠤ ᠤᠯᠤᠰ ᠤᠨ ᠴᠦᠯᠯᠡᠷᠭᠡᠭᠵᠢᠭᠰᠡᠨ ᠭᠠᠵᠠᠷ ᠰᠢᠷᠣᠢ ᠪᠠ ᠡᠯᠡᠰᠦᠷᠬᠡᠭᠵᠢᠭᠰᠡᠨ ᠭᠠᠵᠠᠷ ᠰᠢᠷᠣᠢ ᠶᠢᠨ ᠲᠠᠯᠠᠪᠠᠶ ᠶᠢᠨ︽ᠬᠤᠣᠰ ᠪᠠᠭᠤᠷᠠᠯᠲᠠ︾᠎ ᠶᠢ ᠳᠠᠭᠠᠯᠳᠤᠨ᠂ ᠴᠥᠭᠡᠨ ᠪᠤᠰᠤ ᠭᠠᠵᠠᠷ ᠣᠷᠣᠨ ᠳᠤ ︽ᠡᠯᠡᠰᠦ ᠤᠷᠤᠭᠰᠢᠯᠠᠵᠤ ᠬᠥᠮᠥᠨ ᠤᠬᠤᠷᠢᠬᠤ︾ ᠪᠠᠶᠢᠳᠠᠯ ᠳᠤ ᠲᠡᠦᠬᠡᠲᠦ ᠴᠢᠨᠠᠷᠲᠠᠢ ᠬᠤᠪᠢᠷᠠᠯᠲᠠ ᠭᠠᠷᠴᠤ᠂ ︽ᠡᠯᠡᠰᠦᠨ ᠠᠴᠠ ᠠᠯᠲᠠ ᠰᠢᠷᠭᠠᠭᠠᠬᠤ︾᠎ ᠨᠢ ᠡᠯᠡᠰᠦ ᠵᠠᠰᠠᠭᠴᠢᠳ ᠤᠨ ᠰᠢᠨ᠎ᠡ ᠦᠢᠯᠡᠳᠦᠯᠭᠡ ᠪᠣᠯᠵᠠᠢ᠃ ᠠᠯᠢ ᠤᠯᠠᠨ ᠵᠠᠰᠠᠭᠳᠠᠭᠰᠠᠨ ᠡᠯᠡᠰᠦᠷᠬᠡᠭ ᠭᠠᠵᠠᠷ ᠨᠢ ᠶᠠᠭ ᠠᠵᠤ ᠦᠢᠯᠡᠰ ᠲᠥᠪᠯᠡᠷᠡᠭᠰᠡᠨ ︽ᠡᠷᠳᠡᠨᠢᠰ ᠤᠨ ᠰᠠᠩ︾ ᠪᠣᠯᠵᠤ ᠪᠠᠶᠢᠨ᠎ᠠ᠃      ︽ᠡᠯᠡᠰᠦᠨ ᠤ ᠬᠤᠣᠷ ᠬᠥᠨᠥᠭᠡᠯ︾᠎ ᠢ ︽ᠡᠯᠡᠰᠦᠨ ᠤ ᠪᠠᠶᠠᠰᠤᠯ︾ ᠪᠣᠯᠭᠠᠪᠠ      ᠨᠢᠩᠰᠢᠶᠠ ᠶᠢᠨ ᠬᠤᠲᠣᠩ ᠦᠨᠳᠦᠰᠦᠲᠡᠨ ᠤ ᠥᠪᠡᠷᠲᠡᠭᠡᠨ ᠵᠠᠰᠠᠬᠤ ᠣᠷᠣᠨ ᠤ ᠵᠥᠩ ᠸᠧᠢ ᠬᠤᠲᠠ ᠶᠢᠨ ᠱᠠ ᠫᠥᠸᠧ ᠲᠧᠦ ᠦᠵᠡᠮᠵᠢ ᠶᠢᠨ ᠣᠷᠣᠨ ᠨᠢ ᠳᠤᠮᠳᠠᠳᠤ ᠤᠯᠤᠰ ᠤᠨ ᠳᠥᠷᠪᠡᠨ ᠶᠡᠭᠡ ᠡᠯᠡᠰᠦᠨ ᠤ ᠨᠢᠭᠡ ᠪᠤᠯᠬᠤ - ᠲᠡᠭᠷᠢ ᠡᠯᠡᠰᠦᠨ ᠤ ᠵᠡᠭᠦᠨ ᠡᠮᠦᠨ᠎ᠡ ᠵᠠᠬ᠎ᠠ ᠳᠤ ᠪᠠᠶᠢᠷᠢᠯᠠᠵᠤ ᠪᠤᠢ᠃ ᠬᠠᠭᠠᠰ ᠢᠯᠡᠭᠦᠦ ᠵᠠᠭᠤᠨ ᠤ ᠲᠤᠷᠰᠢ᠂ ᠦᠶ᠎ᠡ ᠦᠶ᠎ᠡ ᠶᠢᠨ ᠡᠯᠡᠰᠦ ᠵᠠᠰᠠᠭᠴᠢᠳ ᠠᠳᠡ ᠡᠯᠡᠰᠦ ᠶᠢ ᠲᠣᠭᠲᠠᠪᠤᠷᠢᠵᠢᠭᠤᠯᠤᠨ ᠨᠣᠭᠤᠭᠠᠷᠠᠭᠤᠯᠵᠤ᠂ ᠨᠡᠶᠢᠲᠡ 150 ᠲᠦᠮᠡᠨ ᠮᠦ ᠡᠯᠡᠰᠦ ᠶᠢ ᠵᠠᠰᠠᠪᠠ᠃      ᠰᠢᠷ᠎ᠠ ᠡᠯᠡᠰᠦ ᠰᠦᠷᠳᠡᠭᠦᠯᠦᠯ ᠪᠤᠯᠬᠤ ᠪᠠᠨ ᠪᠣᠯᠢᠵᠤ᠂︽ᠡᠯᠡᠰᠦ ᠬᠡᠷᠡᠭᠯᠡᠬᠦ︾ ᠬᠠᠶᠢᠨ ᠰᠦᠪᠡᠭᠴᠢᠯᠡᠯᠲᠡ ᠨᠢ ᠡᠨᠡ ᠬᠦ ᠡᠯᠡᠰᠦᠨ ᠴᠥᠯ ᠤᠨ ᠵᠢᠵᠢᠭ ᠬᠤᠲᠠ ᠶᠢᠨ ᠰᠣᠶᠣᠯ ᠵᠢᠭᠤᠯᠴᠢᠯᠠᠯ ᠤᠨ ᠠᠵᠤ ᠦᠢᠯᠡᠰ ᠢ ᠠᠭᠠᠵᠢᠮ ᠢᠶᠠᠷ ᠪᠤᠶ ᠪᠣᠯᠭᠠᠪᠠ᠃ ᠵᠤᠨ ᠤ ᠡᠬᠢ ᠪᠠᠷ᠂ ᠱᠠ ᠫᠥᠸᠧ ᠲᠧᠦ ᠦᠵᠡᠮᠵᠢ ᠶᠢᠨ ᠣᠷᠣᠨ ᠵᠢᠭᠤᠯᠴᠢᠯᠠᠯ ᠤᠨ ᠬᠥᠭᠵᠢᠶᠡᠨᠲᠦ ᠤᠯᠠᠷᠢᠯ ᠳᠤ ᠣᠷᠣᠵᠤ᠂ ᠦᠵᠡᠮᠵᠢ ᠶᠢᠨ ᠣᠷᠣᠨ ᠳᠤ ᠵᠢᠭᠤᠯᠴᠢᠯᠠᠬᠰᠡᠳ ᠰᠦᠯᠵᠢᠯᠳᠦᠨ᠎ᠡ᠃      ᠬᠤᠯᠠ ᠠᠴᠠ ᠬᠠᠷᠠᠬᠤ ᠳᠤ᠂ ᠬᠡᠭᠡᠷᠡᠯᠡᠭᠴᠢ ᠮᠠᠰᠢᠨ ᠦᠷᠭᠦᠯᠵᠢᠯᠡᠨ ᠳᠣᠯᠭᠢᠶᠠᠯᠠᠨ ᠳᠠᠪᠬᠢᠵᠤ ᠪᠠᠶᠢᠭ᠎ᠠ ᠡᠯᠡᠰᠦᠨ ᠳᠣᠪᠣᠴᠠᠭ ᠤᠨ ᠳᠤᠮᠳᠠᠭᠤᠷ ᠳᠠᠪᠬᠢᠨ ᠪᠠᠭᠤᠬᠤ ᠳᠤ᠂ ︽ᠡᠯᠡᠰᠦᠨ ᠳᠤ ᠠᠶᠠᠯᠠᠵᠤ ᠨᠠᠭᠠᠳᠬᠤ︾᠎ ᠶᠢᠨ ᠬᠠᠪᠤ ᠴᠡᠩᠭᠡᠯ ᠎ ᠠᠴᠠ ᠪᠣᠯᠵᠤ ᠬᠥᠮᠥᠰ ᠦᠶ᠎ᠡ ᠦᠶ᠎ᠡ ᠬᠠᠰᠬᠢᠷᠤᠯᠳᠤᠵᠤ ᠪᠠᠶᠢᠯ᠎ᠠ; ᠵᠢᠭᠤᠯᠴᠢᠯᠠᠬᠰᠡᠳ ᠢ ᠠᠴᠢᠭᠰᠠᠨ ᠲᠡᠮᠡᠭᠡᠳ ᠮᠤᠷᠤᠯᠵᠠᠨ ᠰᠦᠷᠦᠭᠯᠡᠵᠦ᠂ ᠲᠡᠮᠡᠭᠡᠨ ᠵᠢᠩ ᠤᠨ ᠬᠤᠩᠬᠤᠨ ᠳᠠᠭᠤ ᠶᠢᠨ ᠬᠠᠪᠰᠤᠷᠭᠠᠨ ᠳᠤ ᠡᠯᠡᠰᠦᠨ ᠳᠤ ᠠᠯᠭᠤᠷᠬᠠᠨ ᠤᠷᠤᠬᠰᠢᠯᠠᠨ᠎ᠠ; ᠡᠯᠡᠰᠦᠨ ᠭᠤᠯᠭᠤᠯᠲᠠ ᠶᠢᠨ ᠬᠠᠪᠲᠠᠰᠤ ᠶᠢ ᠠᠳᠬᠤᠵᠤ᠂ ᠵᠢᠭᠤᠯᠴᠢᠯᠠᠬᠰᠠᠳ ᠵᠠᠭᠤᠨ ᠮᠧᠲᠷ ᠤᠨ ᠡᠯᠡᠰᠦᠨ ᠬᠥᠲᠥᠯ ᠤᠨ ᠣᠷᠭᠢᠯ ᠠᠴᠠ ᠳᠣᠷᠣᠭᠰᠢ ᠱᠤᠩᠭᠤᠨ ᠪᠠᠭᠤᠨ᠎ᠠ ᠁ 2007 ᠣᠨ ᠳᠤ᠂ ᠱᠠ ᠫᠥᠸᠧ ᠲᠧᠦ ᠦᠵᠡᠮᠵᠢ ᠶᠢᠨ ᠣᠷᠣᠨ ᠲᠦᠷᠦᠭᠦᠦ ᠪᠦᠯᠦᠭ ᠤᠨ ᠤᠯᠤᠰ ᠤᠨ 5A ᠲᠠᠰ ᠤᠨ ᠵᠢᠭᠤᠯᠴᠢᠯᠠᠯ ᠤᠨ ᠦᠵᠡᠮᠵᠢ ᠶᠢᠨ ᠣᠷᠣᠨ ᠢᠶᠠᠷ ᠰᠣᠩᠭᠤᠭᠳᠠᠵᠤ᠂ 2015 ᠣᠨ ᠳᠤ ᠦᠵᠡᠮᠵᠢ ᠶᠢᠨ ᠣᠷᠣᠨ ᠤ ᠵᠢᠭᠤᠯᠴᠢᠯᠠᠬᠰᠡᠳ ᠤᠨ ᠲᠤᠭ᠎ᠠ ᠠᠩᠬ᠎ᠠ ᠤᠳᠠᠭ᠎ᠠ 100 ᠲᠦᠮᠡᠨ ᠬᠥᠮᠥᠨ ᠤᠳᠠᠭ᠎ᠠ ᠶᠢ ᠳᠠᠪᠠᠪᠠ᠃      ᠡᠯᠡᠰᠦᠷᠬᠡᠭᠵᠢᠯ ᠢ ᠰᠡᠷᠭᠡᠶᠢᠯᠡᠵᠦ ᠡᠯᠡᠰᠦ ᠶᠢ ᠲᠣᠭᠲᠠᠪᠤᠷᠢᠵᠢᠭᠤᠯᠬᠤ ᠰᠢᠨᠵᠢᠯᠡᠬᠦ ᠤᠬᠠᠭᠠᠨᠴᠢ ᠰᠢᠰᠲ᠋ᠧᠮ ᠪᠠᠶᠢᠭᠤᠯᠤᠭᠳᠠᠬᠤ ᠶᠢ ᠳᠠᠭᠠᠯᠳᠤᠨ᠂ ᠡᠯᠡᠰᠦᠨ ᠤ ᠵᠢᠭᠤᠯᠴᠢᠯᠠᠯ ᠴᠤ ᠨᠠᠩ ᠢᠲᠡᠭᠡᠯ ᠵᠣᠷᠢᠭ ᠲᠠᠢ ᠪᠠᠷ ᠡᠯᠡᠰᠦᠨ ᠤ ᠭᠦᠪᠡᠭᠡ ᠵᠠᠬ᠎ᠠ ᠶᠢ ᠰᠢᠪᠲᠤᠯᠵᠤ᠂ ᠠᠭᠠᠵᠢᠮ ᠢᠶᠠᠷ ᠡᠯᠡᠰᠦᠨ ᠤ ᠥᠷᠥᠴᠡ ᠭᠠᠵᠠᠷ ᠲᠡᠶᠢᠰᠢ ᠬᠠᠶᠢᠨ ᠰᠦᠪᠡᠭᠴᠢᠯᠡᠵᠦ᠂ ᠡᠯᠡᠰᠦᠨ ᠤ ᠠᠵᠤ ᠦᠢᠯᠡᠰ ᠢ ᠬᠥᠭᠵᠢᠭᠦᠯᠬᠦ ᠳᠤ ᠨᠡᠮᠡᠯᠲᠡ ᠥᠷᠲᠡᠭ ᠨᠡᠮᠡᠭᠳᠡᠭᠦᠯᠪᠡ᠃ ᠵᠦᠩ ᠸᠧᠢ ᠬᠤᠲᠠ ᠵᠢᠯᠣᠭᠤᠳᠤᠮᠵᠢ ᠶᠢᠨ ᠭᠡᠯᠪᠡᠷᠢ ᠶᠢᠨ ᠪᠡᠶᠡᠴᠢᠯᠡᠨ ᠣᠶᠢᠯᠠᠭᠠᠬᠤ ᠵᠢᠭᠤᠯᠴᠢᠯᠠᠯ ᠢᠶᠠᠷ ᠣᠨᠴᠠᠯᠢᠭ ᠪᠤᠯᠭᠠᠵᠤ᠂ ᠬᠠᠳᠤᠨ ᠭᠤᠣᠯ ᠤᠨ ᠰᠡᠯᠡᠭᠦᠴᠡᠯ ᠠᠶᠢᠯ᠂ ᠡᠯᠡᠰᠦᠨ ᠤ ᠳᠣᠮᠤᠭ ᠵᠡᠷᠭᠡ ᠨᠢᠭᠡ ᠪᠦᠯᠦᠭ ᠳᠡᠭᠡᠳᠦ ᠲᠡᠰ ᠤᠨ ᠰᠡᠯᠡᠭᠦᠴᠡᠨ ᠠᠮᠠᠷᠠᠬᠤ ᠦᠢᠯᠡᠳᠬᠦᠨ ᠢ ᠪᠦᠲᠦᠭᠡᠨ ᠪᠠᠶᠢᠭᠤᠯᠵᠠᠢ᠃      ᠲᠡᠭᠷᠢ ᠡᠯᠡᠰᠦᠨ ᠤ ᠥᠷᠥᠴᠡᠨ ᠳᠤ ᠪᠠᠶᠢᠷᠢᠯᠠᠭ᠎ᠠ ᠱᠠ ᠮᠣᠣ ᠰᠢᠩ ᠰᠢᠩ ᠪᠠᠭᠤᠳᠠᠯ ᠡᠯᠡᠰᠦ ᠪᠣᠯᠣᠨ ᠤᠳᠤᠨ ᠣᠭᠲᠠᠷᠭᠤᠢ ᠶᠢᠨ ᠡᠬᠢ ᠪᠠᠶᠠᠯᠢᠭ ᠢ ᠠᠭᠤᠳᠠᠯᠵᠤ᠂ ᠵᠢᠭᠤᠯᠴᠢᠯᠠᠬᠰᠠᠳ ᠲᠤ ᠤᠳᠤᠨ ᠮᠡᠴᠢᠳ ᠤᠨ ᠵᠢᠯᠣᠭᠤᠳᠤᠯᠭ᠎ᠠ᠂ ᠡᠯᠡᠰᠦᠨ ᠡᠮᠴᠢᠯᠡᠭᠡ ᠵᠡᠷᠭᠡ ᠪᠡᠶᠡᠴᠢᠯᠡᠨ ᠣᠶᠢᠯᠠᠭᠠᠬᠤ ᠮᠠᠶ᠋ᠢᠭ ᠤᠨ ᠦᠢᠯᠡᠴᠢᠯᠡᠭᠡ ᠬᠠᠩᠭᠠᠵᠤ᠂ ᠵᠢᠭᠤᠯᠴᠢᠯᠡᠬᠰᠠᠳ ᠲᠤ ᠡᠯᠡᠰᠦᠨ ᠤ ᠪᠠᠶᠠᠷ ᠪᠠᠭ᠋ᠠᠳᠤᠯ ᠢ ᠭᠦᠨᠵᠡᠭᠡᠢ ᠮᠡᠳᠡᠷᠡᠭᠦᠯᠪᠡ᠃      ︽ᠡᠯᠡᠰᠦ ᠶᠢ ᠵᠠᠰᠠᠭᠰᠠᠨ ᠦᠭᠡᠢ ᠪᠣᠯ ᠱᠠ ᠫᠥᠸᠧ ᠲᠧᠦ ᠦᠵᠡᠮᠵᠢ ᠶᠢᠨ ᠣᠷᠣᠨ ᠪᠠᠶᠢᠵᠤ ᠴᠢᠳᠠᠬᠤ ᠦᠭᠡᠢ︾ ᠬᠡᠮᠡᠨ ᠲᠡᠭᠷᠢ ᠡᠯᠡᠰᠦᠨ ᠳᠤ 30 ᠭᠠᠷᠤᠢ ᠵᠢᠯ ᠨᠤᠲᠤᠭᠰᠢᠭᠰᠠᠨ ᠡᠯᠡᠰᠦ ᠵᠠᠰᠠᠭᠴᠢ ᠲᠠᠩ ᠰᠢ ᠮᠢᠩ ᠰᠡᠳᠬᠢᠯ ᠤᠨ ᠦᠭᠡ ᠪᠠᠨ ᠬᠡᠯᠡᠨ᠎ᠡ᠃ 2023 ᠣᠨ ᠳᠤ᠂ ᠵᠦᠩ ᠸᠧᠢ ᠬᠤᠲᠠ ᠵᠢᠭᠤᠯᠴᠢᠯᠠᠬᠰᠡᠳ ᠢ 1500 ᠲᠦᠮᠡᠨ ᠬᠥᠮᠥᠨ ᠤᠳᠠᠭ᠎ᠠ ᠭᠥᠯᠢᠶᠡᠨ ᠠᠪᠴᠤ᠂ ᠵᠢᠭᠤᠯᠴᠢᠯᠠᠯ ᠤᠨ ᠶᠡᠷᠦᠩᠬᠡᠢ ᠣᠷᠣᠯᠭ᠎ᠠ 88 ᠳ᠋ᠦᠩᠰᠢᠭᠤᠷ ᠲᠥᠭᠦᠷᠢᠭ ᠢ ᠳᠠᠪᠠᠪᠠ᠃      ᠡᠯᠡᠰᠦᠨ ᠳᠤ ᠪᠣᠬᠢᠷᠳᠤᠯ ᠦᠭᠡᠢ ︽ᠡᠷᠳᠡᠨᠢᠰ ᠤᠨ ᠰᠠᠩ︾ ᠲᠠᠷᠢᠪᠠ      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠢᠩᠭᠠᠨ ᠠᠶᠢᠮᠠᠭ ᠤᠨ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠡᠮᠲᠦ ᠶᠢᠨ ᠭᠤᠣᠯ ᠰᠤᠮᠤᠨ ᠤ ᠪᠤᠯᠠᠭᠲᠠᠢ ᠭᠠᠴᠠᠭ᠎ᠠ ᠬᠤᠷᠴᠢᠨ ᠤ ᠡᠯᠡᠰᠦᠷᠬᠡᠭ ᠭᠠᠵᠠᠷ ᠤᠨ ᠵᠠᠬ᠎ᠠ ᠳᠤ ᠪᠠᠶᠢᠷᠢᠯᠠᠵᠤ ᠪᠤᠶ᠃︽ᠪᠤᠯᠠᠭ ᠲᠠᠢ ᠭᠠᠵᠠᠷ︾ ᠭᠡᠰᠡᠨ ᠤᠳᠬ᠎ᠠ ᠠᠴᠠ ᠪᠣᠯᠵᠤ ᠪᠤᠯᠠᠭᠲᠠᠢ ᠭᠡᠬᠦ ᠨᠡᠷ᠎ᠡ ᠲᠠᠢ ᠪᠣᠯᠵᠠᠢ᠂ ᠭᠡᠲᠡᠯ᠎ᠡ ᠠᠷᠪᠠᠨ ᠬᠡᠳᠦᠨ ᠵᠢᠯ ᠤᠨ ᠡᠮᠦᠨ᠎ᠡ᠂ ᠠᠳᠡ ᠡᠯᠡᠰᠦᠨ ᠲᠡᠯᠡᠶ ᠬᠠᠯᠭᠢᠯᠠᠨ᠂ ᠡᠯᠡᠰᠦᠨ ᠰᠢᠭᠤᠷᠭ᠎ᠠ ᠪᠤᠯᠠᠭ ᠤᠨ ᠤᠰᠤ ᠶᠢ ᠪᠤᠯᠠᠵᠤ᠂ ᠲᠠᠷᠢᠶᠠᠨ ᠭᠠᠵᠠᠷ ᠪᠠ ᠵᠠᠰᠠᠮᠠᠯ ᠵᠠᠮ ᠢ ᠵᠠᠯᠭᠢᠨ ᠣᠷᠣᠭᠤᠯᠵᠤ ᠪᠠᠶᠢᠵᠠᠢ᠃      ᠰᠠᠯᠬᠢ ᠰᠠᠯᠬᠢᠯᠠᠵᠤ ᠡᠯᠡᠰᠦᠨ ᠰᠢᠭᠤᠷᠭ᠎ᠠ ᠳᠡᠭᠳᠡᠵᠦ ᠲᠡᠭᠷᠢ ᠭᠠᠵᠠᠷ ᠬᠠᠷᠠᠩᠭᠤᠶᠢᠯᠠᠨ᠂ ᠳᠠᠷᠢᠭᠰᠠᠨ ᠵᠤᠯᠵᠠᠭ᠎ᠠ ᠮᠣᠳᠣ ᠭᠦᠷᠲᠡᠯ᠎ᠡ ᠪᠦᠷ ᠦᠯᠢᠶᠡᠭᠳᠡᠨ ᠶᠠᠪᠤᠪᠠ᠃ ᠤᠳᠠᠭ᠎ᠠ ᠳᠠᠷᠠᠭᠠᠯᠠᠨ ᠮᠣᠳᠣ ᠲᠠᠷᠢᠭᠠᠳ ᠢᠯᠠᠭᠳᠠᠭᠰᠠᠨ ᠤ ᠳᠠᠷᠠᠭ᠎ᠠ᠂ ᠪᠤᠯᠠᠭᠲᠠᠢ ᠭᠠᠴᠠᠭᠠᠨ ᠤ ᠨᠠᠮ ᠤᠨ ᠡᠭᠦᠷ ᠤᠨ ᠱᠦᠵᠢ᠂ ᠭᠠᠴᠠᠭᠠᠨ ᠤ ᠠᠷᠠᠳ ᠤᠨ ᠵᠥᠪᠯᠡᠯ ᠤᠨ ᠡᠷᠭᠢᠯᠡᠭᠴᠢ ᠴᠧᠨ ᠭᠦᠸᠧ ᠹᠠ ᠠᠭᠯᠠᠭ ᠠᠭᠤᠯᠠ ᠶᠢᠨ ᠭᠦᠢᠯᠡᠰᠦᠨ ᠮᠣᠳᠣ ᠨᠢ ᠤᠳᠠᠭ᠎ᠠ ᠪᠦᠷᠢ ᠶᠢᠨ ᠰᠠᠯᠬᠢ ᠰᠢᠭᠤᠷᠭ᠎ᠠ ᠶᠢ ᠥᠩᠭᠡᠷᠡᠭᠡᠭᠰᠡᠨ ᠢ ᠣᠯᠵᠤ ᠮᠡᠳᠡᠪᠡ᠃      ︽ᠬᠡᠭᠡᠷ᠎ᠡ ᠶᠢᠨ ᠭᠦᠶᠯᠡᠰᠦ ᠭᠠᠩ ᠢ ᠳᠠᠭᠠᠭᠠᠬᠤ᠂ ᠬᠦᠢᠲᠡᠨ ᠢ ᠡᠰᠡᠷᠭᠦᠴᠡᠬᠦ᠂ ᠵᠣᠬᠢᠴᠠᠬᠤ ᠴᠢᠨᠠᠷ ᠢᠶᠠᠷ ᠴᠢᠩᠭ᠎ᠠ ᠪᠠᠶᠢᠵᠤ᠂ ᠡᠯᠡᠰᠦ ᠶᠢ ᠲᠣᠭᠲᠠᠪᠤᠷᠢᠵᠢᠭᠤᠯᠤᠨ ᠬᠥᠷᠥᠰᠥ ᠶᠢ ᠬᠠᠮᠠᠭᠠᠯᠠᠬᠤ᠂ ᠤᠰᠤᠨ ᠤ ᠡᠬᠢ ᠰᠤᠷᠪᠤᠯᠵᠢ ᠶᠢ ᠬᠠᠳᠠᠭᠠᠯᠠᠬᠤ ᠰᠢᠯᠢᠳᠡᠭ ᠨᠤᠲᠤᠭ ᠤᠨ ᠮᠣᠳᠣᠨ ᠤ ᠲᠥᠷᠥᠯ ᠪᠣᠯᠣᠨ᠎ᠠ᠂ ᠲᠡᠷᠡ ᠮᠥᠷᠲᠡᠭᠡᠨ ᠬᠠᠪᠤᠷ ᠴᠡᠴᠡᠭ ᠰᠣᠨᠢᠷᠬᠠᠵᠤ ᠪᠣᠯᠣᠨ᠎ᠠ᠂ ᠵᠣᠨ ᠵᠢᠮᠢᠰ ᠲᠡᠭᠦᠵᠦ ᠪᠣᠯᠣᠨ᠎ᠠ᠂ ᠪᠠᠰᠠ ᠠᠵᠤ ᠠᠬᠤᠢ ᠶᠢᠨ ᠦᠨ᠎ᠡ ᠥᠷᠲᠡᠭ ᠲᠠᠢ︾᠃ 2012 ᠣᠨ ᠳᠤ᠂ ᠴᠧᠨ ᠭᠦᠸᠧ ᠹᠠ ᠲᠣᠰᠬᠤᠨ ᠤ ᠠᠷᠠᠳ ᠢᠶᠠᠨ ᠳᠠᠭᠠᠭᠤᠯᠤᠨ 1000 ᠭᠠᠷᠤᠢ ᠮᠦ ᠠᠭᠯᠠᠭ ᠠᠭᠤᠯᠠᠨ ᠳᠡᠭᠡᠷ᠎ᠡ 6 ᠲᠦᠮᠡ ᠭᠠᠷᠤᠢ ᠰᠠᠭᠤᠷᠢ ᠭᠦᠢᠯᠡᠰᠦᠨ ᠮᠣᠳᠣ ᠲᠠᠷᠢᠵᠤ᠂ ᠪᠤᠯᠠᠭᠲᠠᠢ ᠭᠠᠴᠠᠭᠠᠨ ᠤ ᠠᠩᠬᠠᠳᠠᠭᠴᠢ ︽ᠬᠦᠰᠡᠯ ᠤᠨ ᠤᠢ︾ ᠪᠣᠯᠵᠠᠢ᠃      ᠲᠤᠬᠠᠢ ᠶᠢᠨ ᠭᠠᠵᠠᠷ ᠤᠨ ᠣᠶ ᠰᠢᠭᠤᠢ ᠶᠢᠨ ᠰᠠᠯᠠᠭ᠎ᠠ ᠮᠥᠴᠢᠷ ᠤᠨ ᠳᠡᠮᠵᠢᠯᠭᠡ ᠳᠣᠣᠷ᠎ᠠ᠂ ᠪᠤᠯᠠᠭᠲᠠᠢ ᠭᠠᠴᠠᠭᠠᠨ ᠤ ᠬᠢᠨ ᠣᠶ ᠵᠢᠮᠢᠰ ᠤᠨ ᠰᠠᠭᠤᠷᠢᠨ ᠤ ᠲᠠᠷᠢᠮᠠᠯ ᠤᠨ ᠲᠥᠷᠥᠯ ᠵᠦᠢᠯ ᠢ ᠥᠷᠨᠢᠭᠦᠯᠵᠦ᠂ ᠰᠠᠭᠤᠷᠢᠨ ᠤ  ᠶᠡᠷᠦᠩᠬᠡᠢ ᠪᠦᠲᠦᠭᠡᠨ ᠪᠠᠶᠢᠭᠤᠯᠤᠯᠲᠠ ᠶᠢᠨ ᠲᠠᠯᠠᠪᠠᠶ ᠨᠢ 3500 ᠮᠦ ᠳᠤ ᠬᠦᠷᠴᠦ᠂ ᠯᠤᠤᠲᠤ ᠵᠢᠮᠢᠰ᠂ ᠬᠠᠶᠢᠲᠠᠩ ᠵᠢᠮᠢᠰ ᠵᠡᠷᠭᠡ 17 ᠡᠭᠦᠯᠳᠡᠷ ᠤᠨ ᠵᠢᠮᠢᠰ ᠤᠨ ᠮᠣᠳᠣ ᠶᠢ ᠳᠠᠷᠢᠪᠠ᠃ 2023 ᠣᠨ ᠳᠤ᠂ ᠪᠤᠯᠠᠭᠲᠠᠢ ᠭᠠᠴᠠᠭ᠎ᠠ ᠪᠠᠰᠠ ᠤᠢ ᠵᠢᠮᠢᠰ ᠤᠨ ᠰᠠᠭᠤᠷᠢᠨ ᠳᠤ 2000 ᠮᠦ ᠬᠤᠨᠴᠢᠷ ᠪᠠ ᠴᠢᠨ᠋ᠸ᠎ᠠ ᠶᠢᠨ ᠬᠠᠯᠲᠠᠷ ᠲᠠᠷᠢᠵᠤ᠂ ᠤᠢ ᠳᠤ ᠡᠮ ᠲᠠᠩ ᠳᠤ ᠬᠡᠷᠡᠭᠯᠡᠬᠦ ᠤᠷᠭᠤᠮᠠᠯ ᠲᠠᠷᠢᠬᠤ ᠪᠠᠷ ᠳᠠᠮᠵᠢᠨ ᠤᠢ ᠶᠢᠨ ᠬᠤᠷᠮᠣᠢ ᠶᠢᠨ ᠠᠵᠤ ᠠᠬᠤᠢ ᠶᠢᠨ ᠡᠵᠡᠩᠨᠡᠯᠲᠡ ᠶᠢᠨ ᠭᠡᠯᠪᠡᠷᠢ ᠶᠢ ᠪᠠᠶᠠᠯᠢᠭᠵᠢᠭᠤᠯᠪᠠ᠃      ︽ᠵᠢᠱᠢᠯᠲᠡ ᠪᠠᠷ ᠡᠨᠡ ᠵᠢᠯ ᠤᠨ ᠵᠢᠮᠢᠰᠯᠡᠬᠦ ᠬᠤᠭᠤᠴᠠᠭᠠᠨ ᠳᠤ᠂ ᠣᠢ ᠰᠢᠭᠤᠢ ᠵᠢᠮᠢᠰ ᠤᠨ ᠰᠠᠭᠤᠷᠢᠨ ᠪᠠᠷᠤᠭ 300 ᠲᠣᠨ ᠵᠢᠮᠢᠰ ᠤᠨ ᠤᠨᠠᠯᠳᠠ ᠲᠠᠢ᠂ ᠵᠢᠯ ᠤᠨ ᠣᠷᠣᠯᠭ᠎ᠠ 120 ᠲᠦᠮᠡᠨ ᠲᠥᠭᠦᠷᠢᠭ ᠲᠤ ᠬᠦᠷᠬᠦ ᠪᠣᠯᠣᠨ᠎ᠠ︾᠃ ᠵᠢᠯ ᠠᠴᠠ ᠵᠢᠯ ᠪᠤᠵᠠᠭᠠᠶᠢᠷᠠᠵᠤ ᠪᠠᠶᠢᠭ᠎ᠠ ᠪᠣᠬᠢᠷᠳᠤᠯ ᠦᠭᠡᠢ ᠠᠵᠤ ᠦᠢᠯᠡᠰ ᠤᠨ ᠲᠤᠬᠠᠢ ᠶᠠᠷᠢᠬᠤ ᠳᠠᠭᠠᠨ ᠴᠧᠨ ᠭᠦᠸᠧ ᠹᠠ ᠴᠢᠷᠠᠢ ᠳᠦᠭᠦᠷᠡᠩ ᠮᠦᠰᠢᠶᠡᠳᠦ ᠲᠠᠢ ᠪᠠᠶᠢᠯ᠎ᠠ᠃      2023 ᠣᠨ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠶ ᠰᠢᠭᠤᠢ ᠡᠯᠡᠰᠦ ᠡᠪᠡᠰᠦᠨ ᠤ ᠠᠵᠤ ᠦᠢᠯᠡᠰ ᠤᠨ ᠦᠢᠯᠡᠳᠬᠦᠨ ᠤ ᠶᠡᠷᠦᠩᠬᠡᠢ ᠥᠷᠲᠡᠭ 850 ᠳ᠋ᠦᠩᠰᠢᠭᠤᠷ ᠲᠥᠭᠦᠷᠢᠭ ᠢ ᠳᠠᠪᠠᠵᠤ᠂ ᠡᠯᠡᠰᠦᠨ ᠤ ᠨᠣᠭᠤᠭᠠᠨ ᠪᠦᠷᠢᠳᠦ ᠨᠢ ᠡᠯᠡᠰᠦᠷᠬᠡᠭ ᠣᠷᠣᠨ ᠤ ᠣᠯᠠᠨ ᠲᠦᠮᠡᠨ ᠤ ᠪᠣᠬᠢᠷᠳᠤᠯ ᠦᠭᠡᠢ ︽ᠡᠷᠳᠡᠨᠢᠰ ᠤᠨ ᠰᠠᠩ︾ ᠪᠣᠯᠵᠠᠢ᠃      ᠮᠤᠤᠠᠤᠰᠤ ᠳᠤ ︽ᠲᠤᠷᠰᠢᠯᠲᠠ ᠶᠢᠨ ᠲᠠᠷᠢᠶ᠎ᠠ︾ ᠨᠠᠬᠢᠶᠠᠯᠠᠪᠠ      ︽ᠪᠢᠳᠡ ᠭᠠᠭᠴᠠ ᠬᠦ ᠡᠯᠡᠰᠦ ᠶᠢ ᠵᠠᠰᠠᠭᠠᠳ ᠯᠠ ᠪᠠᠶᠢᠵᠤ ᠪᠤᠯᠬᠤ ᠦᠭᠡᠢ᠂ ᠪᠠᠰᠠ ᠡᠯᠡᠰᠦ ᠶᠢ ᠬᠡᠷᠬᠢᠨ ᠬᠡᠷᠡᠭᠯᠡᠵᠦ᠂ ᠡᠯᠡᠰᠦᠷᠬᠡᠭ ᠣᠷᠣᠨ ᠤ ᠣᠯᠠᠨ ᠲᠦᠮᠡᠨ ᠢ ᠪᠠᠶᠠᠵᠢᠭᠤᠯᠬᠤ ᠶᠢ ᠪᠤᠳᠤᠬᠤ ᠬᠡᠷᠡᠭᠲᠡᠢ︾ ᠭᠡᠵᠦ ᠮᠠᠨ ᠤ ᠤᠯᠤᠰ ᠤᠨ ᠳᠦᠷᠪᠡᠨ ᠶᠡᠭᠡ ᠡᠯᠡᠰᠦᠷᠬᠡᠭ ᠭᠠᠵᠠᠷ ᠤᠨ ᠨᠢᠭᠡ ᠪᠤᠯᠬᠤ ᠮᠤᠤᠠᠤᠰᠤ ᠶᠢᠨ ᠡᠯᠡᠰᠦᠷᠬᠡᠭ ᠭᠠᠵᠠᠷ᠂ ᠱᠠᠨᠰᠢ ᠮᠤᠵᠢ ᠶᠢᠨ ᠱᠧᠨ ᠮᠦ ᠬᠤᠲᠠ ᠶᠢᠨ ᠠᠮᠢ ᠠᠬᠤᠢ ᠶᠢᠨ ᠬᠠᠮᠠᠭᠠᠯᠠᠯᠲᠠ ᠪᠦᠲᠦᠭᠡᠨ ᠪᠠᠶᠢᠭᠤᠯᠤᠯᠲᠠ ᠶᠢᠨ ᠨᠡᠶᠢᠭᠡᠮᠯᠢᠭ ᠤᠨ ᠳᠠᠷᠤᠭ᠎ᠠ ᠵᠠᠩ ᠶᠢᠩ ᠯᠦᠩ ᠬᠡᠯᠡᠪᠡ᠃ ᠪᠦᠭᠦ ᠤᠯᠤᠰ ᠤᠨ ᠡᠯᠡᠰᠦᠷᠬᠡᠭᠵᠢᠯ ᠢ ᠰᠡᠷᠭᠡᠶᠢᠯᠡᠵᠦ ᠡᠯᠡᠰᠦ ᠶᠢ ᠵᠠᠰᠠᠭᠰᠠᠨ ᠳᠠᠭᠤᠷᠢᠶᠠᠯ ᠪᠣᠯᠤᠭᠰᠠᠨ ᠤ ᠬᠤᠪᠢ ᠳᠤ᠂ ᠡᠳᠡᠭᠡᠷ ᠵᠢᠯ ᠤᠳ ᠲᠤ ᠲᠡᠷᠡ ᠪᠦᠯᠭᠦᠮ ᠲᠠᠢ ᠪᠠᠨ ᠮᠤᠤᠠᠤᠰᠤ ᠳᠤ ᠡᠯ᠎ᠡ ᠵᠦᠢᠯ ᠤᠨ ᠲᠤᠷᠰᠢᠯᠲᠠ ᠬᠢᠭᠰᠡᠭᠡᠷ ᠢᠷᠡᠵᠠᠢ᠂ ︽ᠪᠢᠳᠡ ᠮᠤᠤᠠᠤᠰᠤ ᠳᠤ ᠬᠠᠮᠤᠭ ᠠᠴᠠ ᠲᠣᠬᠢᠷᠠᠬᠤ ᠡᠯᠡᠰᠦᠷᠬᠡᠭ ᠭᠠᠵᠠᠷ ᠤᠨ ᠠᠵᠤ ᠦᠢᠯᠡᠰ ᠢ ᠡᠷᠢᠯᠬᠢᠯᠡᠵᠦ ᠪᠠᠶᠢᠨ᠎ᠠ︾᠃      ᠱᠠᠨᠰᠢ ᠮᠤᠵᠢ ᠶᠢᠨ ᠱᠧᠨ ᠮᠦ ᠬᠤᠳᠠ ᠶᠢᠨ ᠠᠮᠢ ᠠᠬᠤᠢ ᠶᠢᠨ ᠬᠠᠮᠠᠭᠠᠯᠠᠯᠲᠠ ᠪᠦᠲᠦᠭᠡᠨ ᠪᠠᠶᠢᠭᠤᠯᠤᠯᠲᠠ ᠶᠢᠨ ᠨᠡᠶᠢᠭᠡᠮᠯᠢᠭ ᠤᠨ ᠡᠯᠡᠰᠦ ᠶᠢ ᠵᠠᠰᠠᠵᠤ ᠣᠶᠢᠵᠢᠭᠤᠯᠬᠤ ᠰᠠᠭᠤᠷᠢᠨ ᠮᠤᠤᠠᠤᠰᠤ ᠶᠢᠨ ᠡᠯᠡᠰᠦᠷᠬᠡᠭ ᠭᠠᠵᠠᠷ ᠤᠨ ᠵᠡᠭᠦᠨ ᠡᠮᠦᠨ᠎ᠡ ᠵᠠᠬ᠎ᠠ ᠳᠤ ᠪᠠᠶᠢᠷᠢᠯᠠᠵᠤ᠂ ᠠᠳᠡᠬᠢ ᠡᠷᠭᠢᠨ ᠲᠣᠭᠤᠷᠢᠨ ᠨᠢ ᠢᠭᠴᠤ ᠰᠠᠬᠤᠯᠢᠭ ᠤᠢ ᠮᠣᠳᠣ ᠪᠠᠷ ᠬᠦᠷᠢᠶᠡᠯᠡᠭᠳᠡᠵᠦ ᠪᠠᠶᠢᠳᠠᠭ᠃ ᠭᠡᠪᠡᠴᠦ 61 ᠨᠠᠰᠤᠲᠠᠢ ᠵᠠᠩ ᠶᠢᠩ ᠯᠦᠩ ᠠᠳᠡᠬᠢ ᠵᠠᠰᠠᠬᠤ ᠠᠴᠠ ᠡᠮᠦᠨᠡᠬᠢ ᠪᠠᠶᠢᠳᠠᠯ ᠢ ᠲᠣᠳᠣᠷᠬᠠᠢ ᠴᠡᠭᠡᠵᠢᠯᠡᠵᠦ ᠪᠤᠶ - ᠡᠯᠡᠰᠦᠨ ᠳᠣᠪᠣᠴᠠᠭ ᠨᠢ ᠡᠯᠡᠰᠦᠨ ᠳᠣᠪᠣᠴᠠᠭ ᠲᠠᠢ ᠵᠠᠯᠭᠠᠯᠳᠤᠵᠤ᠂ ᠲᠡᠭᠷᠢ ᠶᠢᠨ ᠬᠠᠶᠠᠭᠠᠨ ᠳᠤ ᠭᠦᠷᠲᠡᠯ᠎ᠡ ᠦᠷᠭᠦᠯᠵᠢᠯᠡᠵᠡᠢ᠃      21 ᠵᠢᠯ ᠤᠨ ᠬᠤᠭᠤᠴᠠᠭᠠᠨ ᠳᠤ᠂ ᠡᠯᠡᠰᠦ ᠶᠢ ᠵᠠᠰᠠᠵᠤ ᠣᠶᠢᠵᠢᠭᠤᠯᠬᠤ ᠰᠠᠭᠤᠷᠢᠨ ᠤ ᠡᠯᠡᠰᠦᠷᠬᠡᠭ ᠭᠠᠵᠠᠷ ᠢ ᠵᠠᠰᠠᠭᠰᠠᠨ ᠲᠠᠯᠠᠪᠠᠶ 42.8 ᠲᠦᠮᠡᠨ ᠮᠦ ᠳᠤ ᠬᠦᠷᠴᠦ᠂ ᠵᠠᠰᠠᠯᠲᠠ ᠶᠢᠨ ᠣᠷᠣᠨ ᠤ ᠣᠶ ᠰᠢᠭᠤᠢ ᠡᠪᠡᠰᠦ ᠪᠡᠯᠴᠢᠭᠡᠷ ᠤᠨ ᠪᠦᠷᠬᠦᠴᠡ 3% ᠪᠠᠶᠢᠭᠰᠠᠨ ᠠᠴᠠ ᠪᠠᠨ ᠳᠡᠭᠡᠭᠰᠢᠯᠡᠭᠡᠳ 65% ᠪᠣᠯᠵᠠᠢ᠃ 2005 ᠣᠨ ᠠᠴᠠ ᠡᠬᠢᠯᠡᠨ᠂ ᠰᠠᠭᠤᠷᠢᠨ ᠨᠢ ᠰᠢᠨᠵᠢᠯᠡᠬᠦ ᠤᠬᠠᠭᠠᠨ ᠤ ᠰᠤᠳᠤᠯᠭᠠᠨ ᠤ ᠤᠯᠠᠨ ᠨᠢᠭᠡᠴᠢ ᠵᠢᠴᠢ ᠶᠡᠭᠡ ᠳᠡᠭᠡᠳᠦ ᠰᠤᠷᠭᠠᠭᠤᠯᠢ ᠲᠠᠢ ᠬᠠᠮᠲᠤᠷᠠᠨ᠂ ᠮᠤᠤᠠᠤᠰᠤ ᠶᠢᠨ ᠡᠯᠡᠰᠦᠷᠬᠡᠭ ᠭᠠᠵᠠᠷ ᠢ ᠶᠡᠷᠦᠩᠬᠡᠶᠢᠯᠡᠨ ᠵᠠᠰᠠᠬᠤ᠂ ᠡᠯᠡᠰᠦᠨ ᠤ ᠤᠷᠭᠤᠮᠠᠯ ᠢ ᠨᠡᠭᠡᠭᠡᠨ ᠠᠰᠢᠭᠯᠠᠬᠤ ᠵᠡᠷᠭᠡ ᠰᠡᠳᠦᠪ ᠤᠨ ᠲᠣᠭᠤᠷᠢᠨ ᠳᠤ ᠠᠯᠢ ᠤᠯᠠᠨ ᠰᠢᠨᠵᠢᠯᠡᠬᠦ ᠤᠬᠠᠭᠠᠨ ᠤ ᠰᠤᠳᠤᠯᠭᠠᠨ ᠥᠷᠨᠢᠭᠦᠯᠵᠡᠢ᠃      ᠰᠤᠷᠪᠤᠯᠵᠢᠯᠠᠬᠴᠢ ᠵᠠᠩ ᠶᠢᠩ ᠯᠦᠩ ᠢ ᠳᠠᠭᠠᠵᠤ ᠬᠠᠶᠢᠯᠠᠷ ᠨᠠᠷᠠᠰᠤᠨ ᠣᠢ ᠳᠤ ᠢᠷᠡᠪᠡ᠃  ︽ᠡᠨᠡ ᠤᠯᠠᠭᠠᠨ ᠨᠠᠷᠠᠰᠤᠨ ᠴᠢᠰᠤᠨ ᠡᠪᠡᠷ ᠤᠨ ᠴᠢᠨᠠᠷ ᠨᠢ ᠬᠡᠳᠦᠢ ᠰᠠᠶᠢᠨ᠂ ᠬᠡᠳᠦᠢ ᠪᠦᠳᠦᠭᠦᠨ ᠤᠷᠭᠤᠭᠰᠠᠨ ᠢ ᠦᠵᠡ︾᠃ ᠵᠠᠩ ᠶᠢᠩ ᠯᠦᠩ ᠭᠠᠷ ᠤᠨ ᠠᠶ᠎ᠠ ᠪᠠᠷ ᠨᠢᠭᠡ ᠬᠠᠶᠢᠯᠠᠷ ᠨᠠᠷᠠᠰᠤᠨ ᠤ ᠳᠣᠣᠷᠠᠬᠢ ᠨᠠᠷᠠᠰᠤᠨ ᠵᠡᠭᠦᠦ ᠪᠠ ᠮᠣᠳᠣᠨ ᠦᠷᠦᠪᠳᠡᠰᠦ ᠶᠢ ᠰᠤᠭᠤᠯᠬᠤ ᠳᠤ ᠨᠢᠭᠡ ᠪᠠᠭᠴᠠ ᠤᠯᠠᠭᠠᠨ ᠨᠠᠷᠠᠰᠤᠨ ᠴᠢᠰᠤᠨ ᠡᠪᠡᠷ ᠨᠢᠳᠦᠨ ᠡᠮᠦᠨ᠎ᠡ ᠬᠠᠷᠠᠭᠳᠠᠨ᠎ᠠ᠃      ᠵᠠᠩ ᠶᠢᠩ ᠯᠦᠩ᠂ ᠮᠤᠤᠠᠤᠰᠤ ᠶᠢᠨ ᠡᠯᠡᠰᠦᠷᠬᠡᠭ ᠭᠠᠵᠠᠷ ᠲᠤ ᠬᠥᠮᠥᠨ ᠤ ᠬᠦᠴᠦ ᠪᠠᠷ ᠤᠯᠠᠭᠠᠨ ᠨᠠᠷᠠᠰᠤᠨ ᠴᠢᠰᠤᠨ ᠡᠪᠡᠷ ᠳᠠᠷᠢᠬᠤ ᠶᠢᠨ ᠲᠥᠯᠥᠭᠡ᠂ ᠰᠠᠭᠤᠷᠢᠨ ᠤ ᠰᠢᠨᠵᠢᠯᠡᠬᠦ ᠤᠬᠠᠭᠠᠨ ᠤ ᠰᠤᠳᠤᠯᠭᠠᠨ ᠤ ᠪᠦᠯᠭᠦᠮ ᠣᠯᠠᠨ ᠵᠢᠯ ᠵᠠᠷᠤᠴᠠᠭᠤᠯᠵᠤ᠂ ᠵᠣᠬᠢᠶᠠᠨ ᠪᠠᠶᠢᠭᠤᠯᠤᠯᠲᠠ ᠶᠢᠨ ᠬᠥᠮᠥᠵᠢᠭᠦᠯᠦᠯ ᠢᠶᠠᠷ ᠳᠡᠮᠵᠢᠨ᠂ ᠪᠠᠺᠲ᠋ᠧᠷᠢ ᠶᠢᠨ ᠲᠥᠷᠥᠯ ᠢ ᠳᠠᠰᠬᠠᠭᠰᠠᠨ ᠤ ᠳᠠᠷᠠᠭ᠎ᠠ ᠰᠠᠶ᠋ᠢ ᠤᠯᠠᠭᠠᠨ ᠨᠠᠷᠠᠰᠤᠨ ᠴᠢᠰᠤᠨ ᠡᠪᠡᠷ ᠢ ᠲᠤᠷᠰᠢᠯᠲᠠ ᠶᠢᠨ ᠲᠠᠰᠤᠭ ᠠᠴᠠ ᠬᠠᠶᠢᠯᠠᠷ ᠨᠠᠷᠠᠰᠤᠨ ᠣᠶ ᠳᠤ ᠠᠪᠴᠤ ᠣᠷᠣᠵᠤ ᠲᠤᠷᠰᠢᠨ ᠳᠠᠷᠢᠪᠠ ᠭᠡᠵᠦ ᠬᠡᠯᠡᠪᠡ᠃ ᠲᠠᠳᠠ ᠬᠠᠶᠢᠯᠠᠷ ᠨᠠᠷᠠᠰᠤ᠂ ᠬᠤᠨᠢᠨ ᠪᠤᠶᠢᠯᠠᠰᠤ ᠳᠠᠷᠢᠵᠤ ᠪᠠᠶᠢᠬᠤ ᠪᠠᠷ ᠪᠠᠷᠠᠬᠤ ᠦᠭᠡᠢ᠂ ᠡᠯᠡᠰᠦᠨ ᠳᠣᠪᠣᠴᠠᠭ ᠤᠨ ᠨᠥᠮᠥᠷᠢ ᠪᠠᠯ ᠳᠤ ᠪᠥᠭᠡᠷᠡᠯᠵᠢᠭᠡᠨ᠎ᠡ᠂ ᠨᠠᠷᠰᠦ᠂ ᠦᠬᠡᠷ ᠪᠦᠯᠵᠢᠷᠭᠡᠨ᠎ᠡ᠂ ᠠᠷᠢᠬᠢ ᠨᠡᠷᠡᠬᠦ ᠦᠵᠦᠮ ᠵᠡᠷᠭᠡ ᠶᠢ ᠲᠤᠷᠰᠢᠨ ᠳᠠᠷᠢᠵᠤ᠂ ᠠᠳᠡ ᠤᠷᠭᠤᠬᠤ ᠳᠤ ᠲᠣᠬᠢᠷᠠᠮᠵᠢᠲᠠᠢ ᠡᠭᠦᠯᠳᠡᠷ ᠢ ᠪᠣᠶᠢᠵᠢᠭᠤᠯᠵᠤ᠂ ᠡᠯᠡᠰᠦᠷᠬᠡᠭ ᠣᠷᠣᠨ ᠤ ᠠᠮᠢ ᠠᠬᠤᠢ ᠶᠢᠨ ᠠᠵᠤ ᠠᠬᠤᠢ ᠶᠢ ᠳᠠᠶᠢᠴᠢᠯᠠᠬᠤ ᠶᠢᠨ ᠬᠠᠮᠲᠤ ᠮᠤᠤᠠᠤᠰᠤ ᠶᠢᠨ ᠡᠯᠡᠰᠦᠷᠬᠡᠭ ᠭᠠᠵᠠᠷ ᠤᠨ ᠤᠷᠭᠤᠮᠠᠯ ᠤᠨ ᠭᠧᠨ ᠤ ᠬᠥᠮᠥᠷᠭᠡ ᠶᠢ ᠪᠠᠶᠢᠭᠤᠯᠬᠤ ᠶᠢ ᠬᠦᠰᠡᠵᠦ ᠪᠠᠶᠢᠨ᠎ᠠ᠃      ︽ᠪᠢᠳᠡ ᠡᠯᠡᠰᠦ ᠶᠢ ᠵᠠᠰᠠᠬᠤ ᠪᠠᠷ ᠠᠵᠤ ᠦᠢᠯᠡᠰ ᠤᠨ ᠬᠥᠭᠵᠢᠯᠲᠡ ᠶᠢ ᠳᠠᠶᠢᠴᠢᠯᠠᠬᠤ᠂ ᠠᠵᠤ ᠦᠢᠯᠡᠰ ᠲᠤ ᠲᠦᠰᠢᠭᠯᠡᠨ ᠡᠯᠡᠰᠦ ᠶᠢ ᠵᠠᠰᠠᠬᠤ ᠦᠢᠯᠡᠰ ᠢ ᠠᠬᠢᠭᠤᠯᠬᠤ ᠶᠢ ᠰᠤᠷᠬᠤ ᠬᠡᠷᠡᠭᠲᠡᠢ᠃ ᠡᠶᠢᠮᠦᠷᠬᠦᠦ ᠰᠠᠶᠢᠨ ᠣᠷᠴᠢᠯ ᠪᠣᠯ ᠰᠠᠶ᠋ᠢ ᠵᠢᠩᠬᠢᠨᠢ ᠦᠷᠭᠦᠯᠵᠢᠯᠡᠨ ᠡᠯᠡᠰᠦ ᠶᠢ ᠵᠠᠰᠠᠬᠤ ᠵᠠᠮ ᠮᠥᠨ︾ ᠭᠡᠵᠦ ᠵᠠᠩ ᠶᠢᠩ ᠯᠦᠩ ᠬᠡᠯᠡᠪᠡ᠃
 
ᠢᠷᠡᠯᠲᠡ᠄ ᠲᠤᠮᠲᠠᠲᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡᠨ ᠤ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号