ᠰᠤᠷᠪᠤᠯᠵᠢᠯᠠᠭᠴᠢ ᠯᠢᠦ ᠪᠥᠸᠧ ᠳᠠᠳᠤᠯᠭ᠎ᠠ ᠶᠢᠨ ᠰᠤᠷᠪᠤᠯᠵᠢᠯᠠᠭᠴᠢ ᠵᠠᠩ ᠰᠢ ᠯᠢᠨ ᠸᠠᠩ ᠰᠢᠨ ᠢᠦᠢ | ᠲᠡᠭᠷᠢ ᠲᠤᠯᠠᠭᠠᠷᠠᠬᠤ ᠶᠢ ᠳᠠᠭᠠᠯᠳᠤᠨ᠂ ᠰᠢᠯᠢ ᠶᠢᠨ ᠬᠤᠳᠠ ᠶᠢᠨ ᠵᠡᠭᠦᠨ ᠲᠡᠭᠦᠷᠭᠡ ᠶᠢᠨ ᠲᠣᠨᠣᠭᠯᠠᠯ | ᠦᠢᠯᠡᠳᠭᠡᠯ ᠤᠨ ᠠᠵᠤ ᠦᠢᠯᠡᠰ ᠤᠨ ᠬᠦᠷᠢᠶᠡᠯᠡᠩ ᠲᠣᠭᠤᠷᠢᠭ ᠲᠠᠬᠢ ᠡᠯ᠎ᠡ ᠲᠥᠷᠥᠯ ᠵᠦᠢᠯ ᠤᠨ ᠪᠦᠲᠦᠭᠡᠨ | ᠪᠠᠶᠢᠭᠤᠯᠤᠯᠲᠠ ᠪᠤᠯᠤᠨ ᠦᠢᠯᠡᠳᠪᠦᠷᠢᠯᠡᠯ ᠪᠥᠬᠦ ᠲᠠᠯ᠎ᠠ ᠪᠠᠷ ᠬᠤᠷᠳᠤᠴᠠ ᠪᠠᠨ ᠲᠦᠷᠭᠡᠳᠭᠡᠯᠠ᠃ | ᠮᠢᠩ ᠶᠠᠩ ᠰᠢᠨ᠎ᠠ ᠡᠨᠧᠷᠬᠢ ᠶᠢᠨ ᠬᠢᠵᠠᠭᠠᠷᠳᠦ ᠺᠤᠮᠫᠠᠨᠢ ᠶᠢᠨ ᠦᠢᠯᠡᠳᠪᠦᠷᠢᠯᠡᠯ ᠤᠨ ᠲᠠᠰᠤᠭ ᠲᠤ ᠮᠠᠰᠢᠨ | ᠬᠦᠷᠴᠢᠭᠢᠨᠡᠵᠦ᠂ ᠦᠢᠯᠡᠳᠪᠦᠷᠢᠯᠡᠯ ᠢᠶᠠᠨ ᠶᠠᠭᠠᠷᠠᠯᠲᠠᠢ ᠪᠥᠭᠡᠳ ᠡᠮᠬᠢ ᠵᠢᠷᠤᠮ ᠲᠠᠢ ᠶᠠᠪᠤᠬᠳᠠᠭᠤᠯᠤᠨ᠎ᠠ᠃ ᠤᠷ᠎ᠠ | ᠮᠡᠷᠭᠡᠵᠢᠯ ᠤᠨ ᠲᠣᠨᠣᠭᠯᠠᠯ ᠤᠨ ᠰᠠᠯᠠᠭᠠᠨ ᠤ ᠳᠠᠷᠤᠭ᠎ᠠ ᠬᠤᠸᠠᠩ ᠳ᠋ᠦᠩ᠄ ︽ᠴᠠᠭᠠᠨ ᠰᠠᠷ᠎ᠠ ᠥᠩᠭᠡᠷᠡᠭᠰᠡᠨ ᠤ ᠳᠠᠷᠠᠭ᠎ᠠ | ᠪᠢᠳᠡ ᠪᠦᠬᠦ ᠲᠠᠯ᠎ᠠ ᠪᠠᠷ ᠠᠵᠢᠯ ᠢᠶᠠᠨ ᠰᠡᠷᠭᠦᠭᠡᠵᠦ᠂ ᠵᠢᠱᠢᠯᠳᠡ ᠪᠠᠷ ᠡᠨᠡ ᠵᠢᠯ 190 ᠰᠠᠤᠷᠢ ᠰᠠᠯᠬᠢᠨ ᠬᠦᠴᠦ ᠪᠠᠷ | ᠴᠠᠬᠢᠯᠭᠠᠨ ᠭᠠᠷᠭᠠᠬᠤ ᠮᠠᠰᠢᠨ ᠴᠣᠭᠴᠠᠯᠠᠪᠤᠷᠢ ᠦᠢᠯᠡᠳᠪᠦᠷᠢᠯᠡᠵᠦ᠂ ᠪᠣᠷᠤᠯᠠᠭᠤᠯᠭ᠎ᠠ ᠶᠢᠨ ᠬᠡᠮᠵᠢᠶ᠎ᠡ ᠳᠠᠬᠢᠨᠲᠠ ᠰᠢᠨ᠎ᠡ | ᠲᠡᠮᠳᠡᠭᠯᠡᠯ ᠢ ᠡᠭᠦᠳᠬᠦ ᠪᠣᠯᠣᠨ᠎ᠠ︾ ᠭᠡᠮᠡᠨ ᠰᠤᠷᠪᠤᠯᠵᠢᠯᠠᠭᠴᠢ ᠳᠤ ᠶᠠᠷᠢᠨ᠎ᠠ᠃ | ᠣᠶᠢᠷ᠎ᠠ ᠶᠢᠨ ᠵᠢᠯ᠂ ᠰᠢᠯᠢ ᠶᠢᠨ ᠬᠤᠳᠠ ᠤᠷᠢᠳ ᠬᠤᠵᠢᠳ ᠬᠠᠢ ᠵᠤᠸᠠᠩ ᠰᠠᠯᠭᠢᠨ ᠭᠦᠴᠦᠨ ᠤ ᠴᠠᠬᠢᠯᠭᠠᠨ᠂ | ᠵᠦᠩ ᠼᠠᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠂ ᠮᠢᠩ ᠶᠠᠩ ᠴᠠᠬᠢᠯᠭᠠᠨ᠂ ᠰᠢᠨ ᠶᠤᠸᠠᠨ ᠱᠧᠩ ᠵᠡᠷᠭᠡ ᠨᠢᠭᠡ | ᠪᠦᠯᠦᠭ ᠭᠤᠣᠯᠳᠠᠯᠭ᠎ᠠ ᠲᠠᠢ ᠰᠠᠯᠬᠢᠨ ᠬᠦᠴᠦᠨ ᠤ ᠴᠠᠬᠢᠯᠭᠠᠨ ᠤ ᠲᠤᠨᠤᠭ ᠲᠦᠭᠦᠭᠡᠷᠦᠮᠵᠢ ᠦᠢᠯᠡᠳᠬᠦ ᠲᠦᠷᠦᠯ | ᠵᠦᠢᠯ ᠢ ᠣᠷᠣᠭᠤᠯᠤᠨ᠂ ᠴᠠᠬᠢᠯᠭᠠᠨ ᠭᠠᠷᠭᠠᠬᠤ ᠮᠠᠰᠢᠨ ᠴᠣᠭᠴᠠᠯᠠᠪᠤᠷᠢ᠂ ᠰᠤᠪᠤᠷᠭᠠᠨ ᠲᠦᠩᠰᠡ᠂ ᠲᠡᠯᠪᠢᠳᠦ | ᠭᠦᠭᠡᠷᠭᠡ ᠦᠢᠯᠡᠳᠪᠦᠷᠢᠯᠡᠬᠦ ᠠᠴᠠ ᠠᠪᠤᠭᠠᠳ ᠶᠡᠷᠦᠩᠬᠡᠢ ᠤᠭᠰᠠᠷᠠᠯᠲᠠ᠂ ᠰᠡᠭᠦᠯᠴᠢ ᠶᠢᠨ ᠬᠤᠭᠤᠴᠠᠭᠠᠨ ᠤ | ᠬᠠᠮᠠᠭᠠᠯᠠᠯᠲᠠ᠂ ᠠᠵᠢᠯᠯᠠᠭᠠᠨ ᠢ ᠬᠢᠨᠠᠨ ᠡᠵᠡᠮᠳᠡᠬᠦ ᠬᠦᠷᠲᠡᠯᠡᠬᠢ ᠢᠵᠢ ᠪᠦᠷᠢᠨ ᠰᠠᠯᠬᠢᠨ ᠬᠦᠴᠦᠨ ᠤ ᠴᠠᠬᠢᠯᠭᠠᠨ ᠤ | ᠲᠤᠨᠤᠭ ᠲᠥᠬᠦᠭᠡᠷᠦᠮᠵᠢ ᠦᠢᠯᠡᠳᠬᠦ ᠠᠵᠤ ᠦᠢᠯᠡᠰ ᠤᠨ ᠬᠡᠯᠬᠢᠶ᠎ᠡ ᠶᠢ ᠪᠦᠷᠢᠯᠳᠦᠭᠦᠯᠵᠦ᠂ ᠦᠢᠯᠡᠳᠬᠦᠨ ᠨᠢ ᠡᠷᠬᠢᠨ | ᠲᠣᠭᠤᠷᠢᠨ ᠤ ᠠᠶᠢᠮᠠᠭ ᠬᠤᠳᠠ ᠶᠢ ᠨᠥᠯᠥᠭᠡᠯᠡᠬᠦ ᠶᠢᠨ ᠬᠠᠮᠲᠤ ᠮᠠᠨ ᠤ ᠤᠯᠤᠰ ᠤᠨ ᠵᠡᠭᠦᠨ ᠬᠤᠶᠢᠲᠤ ᠣᠷᠣᠨ᠂ | ᠪᠠᠷᠠᠭᠤᠨ ᠬᠤᠶᠢᠲᠤ ᠣᠷᠣᠨ ᠵᠡᠷᠭᠡ ᠭᠠᠵᠠᠷ ᠣᠷᠣᠨ ᠳᠤ ᠪᠣᠷᠣᠯᠠᠭᠤᠯᠤᠭᠳᠠᠵᠤ ᠪᠤᠢ᠃ | ᠪᠥᠬᠦ ᠠᠶᠢᠮᠠᠭ ᠠᠴᠠ ᠠᠪᠴᠤ ᠦᠵᠡᠪᠡᠯ᠂ ᠣᠳᠣᠬᠠᠨ ᠳᠤ ᠳᠤᠮᠳᠠ ᠪᠠᠷᠠᠭᠤᠨ ᠬᠡᠰᠡᠭ ᠤᠨ ᠴᠦᠯᠯᠡᠷᠭᠡᠭᠵᠢᠭᠰᠡᠨ | ᠂ ᠬᠠᠭᠠᠰ ᠴᠦᠯᠯᠡᠷᠭᠡᠭᠵᠢᠭᠰᠡᠨ ᠭᠠᠵᠠᠷ ᠣᠷᠣᠨ ᠤ ᠨᠡᠭᠡᠭᠡᠨ ᠬᠥᠭᠵᠢᠭᠦᠯᠬᠦ ᠪᠠᠷ ᠪᠠᠶᠢᠭ᠎ᠠ᠂ ᠬᠡᠪᠴᠢᠶᠡᠵᠢᠯ ᠨᠢ 6000 | ᠲᠦᠮᠡᠨ ᠺᠢᠯᠣᠸᠠᠲ ᠠᠴᠠ ᠳᠡᠭᠡᠭᠰᠢᠬᠢ ᠰᠢᠨ᠎ᠡ ᠡᠨᠧᠷᠭᠢ ᠶᠢᠨ ᠲᠥᠷᠥᠯ ᠵᠦᠢᠯ᠂ ᠬᠤᠯᠠᠨ ᠰᠢᠷᠭ᠎ᠠ ᠳᠠᠭ᠎ᠠ ᠶᠢᠨ | ᠡᠯᠡᠰᠦᠷᠬᠡᠭ ᠭᠠᠵᠠᠷ ᠵᠡᠷᠭᠡ ᠪᠤᠬᠢᠷᠳᠦᠯ ᠦᠭᠡᠢ ᠴᠠᠬᠢᠯᠭᠠᠨ ᠤ ᠰᠠᠭᠤᠷᠢᠨ ᠭᠠᠵᠠᠷ ᠵᠢᠴᠢ ᠭᠠᠳᠠᠭᠰᠢ ᠬᠦᠷᠭᠡᠬᠦ ᠵᠠᠮ ᠶᠠᠭ | ᠲᠦᠷᠦᠭᠦᠴᠢ ᠶᠢᠨ ᠬᠤᠭᠤᠴᠠᠭᠠᠨ ᠤ ᠠᠵᠢᠯ ᠢᠶᠠᠨ ᠱᠠᠯᠠᠪᠳᠠᠨ ᠬᠢᠵᠦ ᠪᠠᠶᠢᠨ᠎ᠠ᠃ | ᠰᠢᠨ᠎ᠡ ᠡᠨᠧᠷᠭᠢ ᠢᠢᠨ ᠲᠦᠷᠦᠯ ᠵᠦᠢᠯ ᠢ ᠰᠢᠨᠡᠴᠢᠯᠡᠬᠦ ᠳᠤ᠂ ᠭᠤᠪᠢ᠂ ᠡᠯᠡᠰᠦᠷᠬᠡᠭ ᠭᠠᠵᠠᠷ᠂ ᠴᠦᠯᠯᠡᠷᠭᠡᠭ | ᠭᠠᠵᠠᠷ ᠣᠷᠣᠨ ᠳᠤ ᠭᠡᠷᠭᠢᠨ ᠳᠠᠯᠳᠠ ᠬᠦᠴᠦᠨ ᠢ ᠠᠭᠤᠳᠠᠯᠵᠤ᠂ ᠣᠷᠣᠨ ᠵᠠᠢ ᠶᠢ ᠥᠷᠭᠡᠳᠬᠡᠬᠦ ᠪᠤᠶ︖ ᠰᠠᠯᠬᠢᠨ | ᠬᠦᠴᠦᠨ ᠤ ᠴᠠᠬᠢᠯᠭᠠᠨ ᠤ ᠮᠠᠰᠢᠨ ᠴᠤᠬᠴᠠᠯᠠᠪᠤᠷᠢ ᠦᠢᠯᠡᠳᠪᠦᠷᠢᠯᠡᠬᠦ ᠭᠤᠣᠯᠳᠠᠯᠭ᠎ᠠ ᠲᠠᠢ ᠠᠵᠤ ᠠᠬᠤᠶᠢᠯᠠᠯ | ᠪᠣᠯᠤᠭᠰᠠᠨ ᠤ ᠬᠤᠪᠢ ᠳᠤ᠂ ᠡᠨᠡ ᠵᠢᠯ ᠮᠢᠩ ᠶᠠᠩ ᠰᠢᠨ᠎ᠡ ᠡᠨᠧᠷᠭᠢ ᠶᠢᠨ ᠬᠢᠵᠠᠭᠠᠷᠲᠤ ᠺᠣᠮᠫᠠᠨᠢ ᠮᠡᠷᠭᠡᠵᠢᠯ ᠤᠨ | ᠰᠢᠨ᠎ᠡ ᠶᠢ ᠡᠭᠦᠳᠬᠦ ᠳᠤ ᠰᠠᠭᠤᠷᠢᠯᠠᠨ᠂ ᠤᠯᠤᠰ ᠤᠨ ︽ᠭᠤᠪᠢ ᠡᠯᠡᠰᠦᠷᠬᠡᠭ ᠭᠠᠵᠠᠷ ᠴᠦᠯᠯᠡᠷᠭᠡᠭ ᠭᠠᠵᠠᠷ︾ ᠤᠨ | ᠲᠣᠮᠣ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠪᠠᠶᠢᠷᠢᠰᠢᠭᠤᠯᠤᠯᠳᠠ ᠶᠢᠨ ᠴᠢᠬᠤᠯᠠ ᠶᠡᠭᠡ ᠠᠵᠠ | ᠲᠣᠬᠢᠶᠠᠯ ᠢ ᠡᠵᠡᠮᠳᠡᠵᠦ᠂ ᠬᠠᠷᠠᠭᠠᠯᠵᠠᠭᠰᠠᠨ ᠣᠷᠴᠢᠨ ᠲᠣᠭᠤᠷᠢᠨ ᠳᠤ ᠵᠣᠬᠢᠴᠠᠭᠰᠠᠨ ︽ᠭᠤᠪᠢ ᠡᠯᠡᠰᠦᠷᠬᠡᠭ ᠭᠠᠵᠠᠷ | ᠴᠦᠯᠯᠡᠷᠭᠡᠭ ᠭᠠᠵᠠᠷ︾ ᠤᠨ ᠰᠢᠨ᠎ᠡ ᠬᠡᠯᠪᠡᠷᠢ ᠶᠢᠨ ᠮᠠᠰᠢᠨ ᠭᠠᠷᠭᠠᠵᠤ᠂ ᠭᠠᠵᠠᠷ ᠣᠷᠣᠨ ᠤ ᠪᠠᠶᠢᠳᠠᠯ ᠳᠠᠭᠠᠨ | ᠲᠣᠬᠢᠷᠠᠭᠰᠠᠨ ᠨᠢᠭᠡ ᠵᠦᠢᠯ ᠤᠨ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠶᠠᠭ ᠲᠦᠷᠭᠡᠨ ᠡᠬᠢᠯᠡᠭᠦᠯᠵᠦ | ᠪᠠᠶᠢᠨ᠎ᠠ᠃ ᠡᠭᠦᠨ ᠤ ᠲᠤᠬᠠᠢ ᠬᠤᠸᠠᠩ ᠳ᠋ᠦᠩ ᠰᠤᠷᠪᠤᠯᠵᠢᠯᠠᠭᠴᠢ ᠳᠤ᠄ ︽ᠲᠤᠰ ᠮᠠᠰᠢᠨ ᠴᠣᠭᠴᠠᠯᠠᠪᠤᠷᠢ ᠨᠢ | ᠠᠭᠠᠷ ᠤᠨ ᠣᠷᠴᠢᠨ ᠲᠣᠭᠤᠷᠢᠨ ᠢ ᠡᠵᠡᠮᠳᠡᠬᠦ ᠰᠢᠰᠲ᠋ᠧᠮ ᠢ ᠬᠡᠷᠡᠭᠯᠡᠵᠦ᠂ ᠮᠠᠰᠢᠨ ᠤ ᠥᠷᠥᠭᠡᠨ ᠳᠣᠲᠣᠷ᠎ᠠ ᠰᠠᠯᠬᠢ | ᠨᠡᠪᠲᠡᠷᠡᠬᠦ᠂ ᠤᠭᠰᠠᠷᠠᠭ᠎ᠠ ᠲᠤᠨᠤᠭ ᠤᠨ ᠢᠯᠴᠢ ᠦᠢᠯᠡᠳᠬᠦ ᠴᠢᠳᠠᠪᠬᠢ ᠶᠢ ᠪᠡᠶᠡᠯᠡᠭᠦᠯᠬᠦ ᠶᠢᠨ ᠬᠠᠮᠲᠤ ᠰᠠᠯᠬᠢ | ᠰᠢᠭᠤᠷᠭ᠎ᠠ ᠮᠠᠰᠢᠨ ᠤ ᠦᠷᠦᠬᠡ ᠳᠤ ᠣᠷᠣᠬᠤ ᠶᠢ ᠪᠦᠲᠦᠮᠵᠢᠲᠡᠢ ᠰᠡᠷᠭᠡᠶᠢᠯᠡᠵᠦ ᠴᠢᠳᠠᠨ᠎ᠠ᠂ ᠡᠨᠡ ᠵᠢᠯ ᠤᠨ 7 | ᠰᠠᠷ᠎ᠠ ᠳᠤ ᠠᠰᠢᠭᠯᠠᠯᠲᠠ ᠳᠤ ᠣᠷᠣᠭᠤᠯᠵᠦ᠂ ᠵᠢᠱᠢᠯᠳᠡ ᠪᠠᠷ ᠵᠠᠭᠤ ᠭᠠᠷᠦᠢ ᠰᠠᠤᠷᠢ ᠮᠠᠰᠢᠨ ᠴᠤᠬᠴᠠᠯᠠᠪᠦᠷᠢ ᠶᠢᠨ | ᠵᠠᠬᠢᠶᠠᠯᠠᠭ᠎ᠠ ᠲᠤᠰᠤᠨ᠎ᠠ︾ ᠭᠡᠵᠦ ᠲᠠᠨᠢᠯᠴᠠᠭᠤᠯᠪᠠ᠃ | ᠶᠤᠸᠠᠨ ᠵᠢᠩ ᠡᠨᠧᠷᠭᠢ ᠶᠢᠨ ᠰᠢᠯᠢ ᠶᠢᠨ ᠭᠤᠣᠯ ᠤᠨ ᠰᠠᠯᠬᠢᠨ ᠭᠦᠴᠦᠨ ᠤ ᠴᠠᠬᠢᠯᠭᠠᠨ ᠤᠰᠤᠲᠥ᠋ᠷᠥᠭᠴᠢ | ᠨᠦᠭᠡᠴᠡ ᠡᠨᠤᠷᠭᠢ ᠶᠢᠨ ᠲᠤᠨᠤᠭᠯᠠᠯ ᠦᠢᠯᠡᠳᠭᠡᠯ ᠤᠨ ᠰᠠᠭᠤᠷᠢᠨ ᠭᠠᠵᠠᠷ ᠲᠤ᠂ ︽ᠨᠡᠭᠦᠷᠡᠰᠦᠲᠥ᠋ᠷᠥᠭᠴᠢ ᠦᠭᠡᠢ︾ | ᠲᠤᠨᠤᠭ ᠲᠥᠬᠦᠭᠡᠷᠦᠮᠵᠢ ᠶᠢᠨ ᠲᠦᠷᠦᠯ ᠵᠦᠢᠯ ᠴᠦ ᠡᠨᠡ ᠵᠢᠯ ᠠᠰᠢᠬᠯᠠᠯᠳᠠ ᠳᠤ ᠤᠷᠤᠬᠤ ᠪᠤᠯᠤᠨ᠎ᠠ᠃ ᠲᠤᠰ | ᠰᠠᠭᠤᠷᠢᠨ ᠭᠠᠵᠠᠷ ᠲᠤ᠂ ᠰᠠᠯᠬᠢᠨ ᠬᠦᠴᠦᠨ ᠤ ᠴᠠᠬᠢᠯᠭᠠᠨ ᠤ ᠲᠣᠨᠤᠭ ᠲᠥᠬᠦᠭᠡᠷᠦᠮᠵᠢ ᠪᠠ ᠨᠦᠭᠡᠴᠡ ᠡᠨᠧᠷᠭᠢ ᠶᠢᠨ | ᠦᠢᠯᠡᠳᠪᠦᠷᠢᠯᠡᠯ ᠤᠨ ᠣᠷᠣᠨ ᠢ ᠨᠢᠭᠡᠨᠲᠡ ᠪᠠᠶᠢᠭᠤᠯᠵᠤ᠂ ᠵᠢᠯ ᠳᠤ 700 ᠢᠵᠢ ᠬᠠᠭᠤᠷᠠᠢ ᠳᠡᠭᠡᠷᠡᠬᠢ ᠰᠠᠯᠬᠢᠨ | ᠬᠦᠴᠦᠨ ᠤ ᠮᠠᠰᠢᠨ ᠪᠠ 650 ᠢᠵᠢ ᠨᠦᠭᠡᠴᠡ ᠡᠨᠧᠷᠭᠢ ᠶᠢᠨ ᠤᠶᠤᠨᠳᠦ ᠲᠥᠬᠦᠭᠡᠷᠦᠮᠵᠢ ᠶᠢ ᠦᠢᠯᠡᠳᠪᠦᠷᠢᠯᠡᠭᠦ | ᠴᠢᠳᠠᠮᠵᠢ ᠲᠠᠢ᠃ ︽ᠤᠰᠤᠲᠥ᠋ᠷᠥᠭᠴᠢ ᠡᠨᠧᠷᠭᠢ ᠶᠢᠨ ᠲᠤᠨᠤᠭ ᠲᠥᠬᠦᠭᠡᠷᠦᠮᠵᠢ ᠶᠢᠨ ᠲᠦᠷᠦᠯ ᠵᠦᠢᠯ ᠤᠨ ᠦᠢᠯᠡᠳᠬᠦ | ᠤᠷ᠎ᠠ ᠮᠡᠷᠭᠡᠵᠢᠯ ᠲᠡᠷᠢᠭᠦᠨ ᠤ ᠬᠢ ᠪᠠᠶᠢᠵᠤ᠂ ᠭᠤᠣᠯ ᠪᠣᠯᠬᠤ ᠵᠠᠬ᠎ᠠ ᠳᠡᠯᠭᠡᠭᠦᠷ ᠢ ᠦᠨᠳᠦᠰᠦᠨ ᠳᠡᠭᠡᠨ | ᠪᠦᠷᠢᠯᠳᠦᠭᠦᠯᠦᠭᠰᠡᠨ ᠪᠦᠷᠢᠨ ᠪᠦᠲᠦᠨ ᠰᠢᠷᠢᠰ ᠪᠦᠳᠦᠭᠡᠭᠳᠡᠭᠦᠨ ᠨᠢ ᠪᠦᠬᠦ ᠠᠶᠢᠮᠠᠭ ᠤᠨ ᠠᠩᠬᠠᠳᠠᠭᠴᠢ ᠪᠠᠷᠢᠯᠭ᠎ᠠ | ᠡᠬᠢᠯᠡᠭᠦᠯᠦᠨ ᠪᠠᠶᠢᠭᠤᠯᠤᠭᠰᠠᠨ ᠤᠰᠤᠲᠥ᠋ᠷᠥᠭᠴᠢ ᠶᠢᠨ ᠲᠤᠨᠤᠭᠯᠠᠯ ᠦᠢᠯᠡᠳᠭᠡᠯ ᠤᠨ ᠲᠦᠷᠦᠯ ᠵᠦᠢᠯ ᠪᠣᠯᠵᠤ᠂ | ᠰᠢᠯᠢ ᠶᠢᠨ ᠭᠤᠣᠯ ᠠᠶᠢᠮᠠᠭ ᠤᠨ ︿ᠰᠠᠯᠭᠢ ᠭᠡᠷᠡᠯ ᠤᠰᠤᠲᠥ᠋ᠷᠥᠭᠴᠢ ᠨᠦᠭᠡᠴᠡ﹀ ᠡᠨᠧᠷᠬᠢ ᠶᠢᠨ ᠲᠤᠨᠤᠭᠯᠠᠯ | ᠦᠢᠯᠡᠳᠬᠡᠯ ᠤᠨ ᠠᠵᠤ ᠦᠢᠯᠡᠰ ᠤᠨ ᠦᠷᠳᠡᠭᠡᠴᠢᠯᠡᠭᠰᠡᠨ ᠬᠡᠯᠪᠡᠷᠢ ᠪᠠᠷ ᠪᠦᠬᠦᠨ ᠢ ᠪᠦᠷᠭᠦᠭᠦᠯᠭᠦ ᠶᠢ ᠪᠡᠶᠡᠯᠡᠭᠦᠯᠪᠡ︾ | ᠭᠡᠵᠦ ᠺᠣᠮᠫᠠᠨᠢ ᠶᠢᠨ ᠶᠡᠷᠦᠩᠬᠡᠢ ᠳᠠᠭᠠᠭᠠᠮᠠᠯ ᠤᠨ ᠲᠤᠰᠠᠯᠠᠭᠴᠢ ᠯᠢ ᠵᠤᠤ ᠰᠢ ᠲᠠᠨᠢᠯᠴᠠᠭᠤᠯᠦᠯᠠ᠃ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠤᠤ ᠴᠸᠡᠭ ︽ᠠᠵᠤ | ᠠᠬᠤᠢ ᠶᠢᠨ ᠡᠳᠦᠷ ᠤᠨ ᠰᠣᠨᠢᠨ︾ ᠤ ᠲᠤᠰᠬᠠᠢ ᠰᠣᠷᠪᠤᠯᠵᠢᠯᠠᠭ᠎ᠠ ᠶᠢ ᠬᠦᠯᠢᠶᠡᠬᠦ ᠳᠡᠭᠡᠨ᠂ ᠪᠦᠬᠦ ᠠᠵᠤ ᠦᠢᠯᠡᠰ ᠤᠨ | ᠬᠡᠯᠬᠢᠶ᠎ᠡ ᠶᠢᠨ ᠰᠡᠳᠬᠢᠬᠦᠢ ᠶᠢ ᠪᠠᠷᠢᠮᠲᠠᠯᠠᠵᠤ᠂ ᠨᠢᠭᠡ ᠲᠠᠯ᠎ᠠ ᠪᠠᠷ ᠰᠢᠨ᠎ᠡ ᠡᠨᠧᠷᠭᠢ ᠶᠢᠨ ᠨᠡᠭᠡᠭᠡᠨ ᠬᠥᠭᠵᠢᠭᠦᠯᠦᠯᠲᠡ | ᠪᠦᠲᠦᠭᠡᠨ ᠪᠠᠶᠢᠭᠤᠯᠤᠯᠲᠠ ᠶᠢ ᠠᠳᠬᠤᠵᠤ᠂ ᠨᠦᠬᠦᠭᠡ ᠲᠠᠯ᠎ᠠ ᠪᠠᠷ ᠲᠤᠨᠤᠭ ᠲᠥᠬᠦᠭᠡᠷᠦᠮᠵᠢ ᠦᠢᠯᠡᠳᠬᠦ᠂ | ᠠᠵᠢᠯᠯᠠᠭᠤᠯᠵᠤ ᠪᠠᠲᠤᠯᠠᠬᠤ ᠦᠢᠯᠡᠴᠢᠯᠡᠭᠡ ᠵᠡᠷᠭᠡ ᠬᠤᠯᠪᠣᠭᠳᠠᠯ ᠪᠦᠬᠦᠢ ᠢᠵᠢ ᠪᠦᠷᠢᠳᠦᠭᠰᠡᠨ ᠠᠵᠤ ᠦᠢᠯᠡᠰ ᠤᠨ | ᠬᠥᠭᠵᠢᠯᠲᠡ ᠶᠢ ᠠᠳᠬᠤᠬᠤ ᠬᠡᠷᠡᠭᠲᠡᠢ ᠭᠡᠵᠦ ᠵᠢᠭᠠᠵᠦ ᠭᠠᠷᠭᠠᠪᠠ᠃ ᠲᠠᠩ ᠭᠠᠭᠴᠠ ᠴᠠᠬᠢᠯᠭᠠᠨ ᠭᠠᠷᠭᠠᠵᠤ ᠴᠠᠬᠢᠯᠭᠠᠨ | ᠬᠤᠳᠠᠯᠳᠤᠬᠤ ᠠᠴᠠ ᠲᠣᠨᠣᠭᠯᠠᠯ ᠤᠨ ᠪᠦᠬᠦ ᠠᠵᠤ ᠦᠢᠯᠡᠰ ᠤᠨ ᠬᠡᠯᠬᠢᠶ᠎ᠡ ᠲᠡᠶᠢᠰᠢ ᠬᠥᠭᠵᠢᠵᠦ᠂ ᠲᠠᠬᠢᠭᠠᠳ | ᠦᠢᠯᠡᠳᠬᠦ ᠦᠢᠯᠡᠰ ᠤᠨ ᠰᠢᠨ᠎ᠡ ᠶᠢ ᠡᠭᠦᠳᠬᠦ ᠪᠠ ᠴᠢᠨᠠᠷ ᠰᠠᠶᠢᠲᠠᠢ ᠪᠠᠶᠢᠬᠤ ᠶᠢ ᠠᠬᠢᠭᠤᠯᠬᠤ ᠬᠦᠷᠲᠡᠯ᠎ᠡ᠂ | ᠣᠳᠣᠬᠠᠨ ᠳᠤ᠂ ᠰᠢᠯᠢ ᠶᠢᠨ ᠬᠤᠳᠠ ︽ᠰᠢᠨ᠎ᠡ ᠡᠨᠧᠷᠭᠢ + ᠲᠣᠨᠣᠭᠯᠠᠯ + ᠨᠦᠭᠡᠴᠡ ᠡᠨᠧᠷᠭᠢ + ᠠᠵᠢᠯᠯᠠᠭᠤᠯᠵᠤ | ᠪᠠᠲᠤᠯᠠᠬᠤ︾ ᠬᠥᠭᠵᠢᠯᠲᠡ ᠶᠢᠨ ᠴᠢᠭᠯᠡᠯ ᠢ ᠴᠢᠩᠭ᠎ᠠ ᠡᠵᠡᠮᠳᠡᠵᠦ᠂ ᠰᠢᠨ᠎ᠡ ᠡᠨᠧᠷᠭᠢ ᠪᠠᠷ ᠰᠢᠨ᠎ᠡ ᠠᠵᠤ | ᠦᠢᠯᠡᠳᠪᠦᠷᠢ ᠶᠢ ᠲᠠᠶᠢᠴᠢᠯᠠᠨ᠂ ᠰᠠᠯᠬᠢᠨ ᠴᠠᠬᠢᠯᠭᠠᠨ ᠤ ᠮᠠᠰᠢᠨ᠂ ᠲᠠᠯᠪᠢᠳᠦ ᠭᠦᠭᠡᠷᠭᠡ᠂ ᠰᠤᠪᠤᠷᠭᠠᠨ ᠲᠦᠡᠭᠰᠡ᠂ | ᠮᠠᠰᠢᠨ ᠤ ᠥᠷᠥᠭᠡᠨ ᠤ ᠪᠦᠷᠬᠦᠭᠦᠯ ᠵᠡᠷᠭᠡ ᠰᠢᠨ᠎ᠡ ᠡᠨᠧᠷᠭᠢ ᠶᠢᠨ ᠲᠣᠨᠣᠭᠯᠠᠯ ᠤᠨ ᠰᠡᠯᠪᠢᠭ ᠲᠤᠨᠤᠭ ᠢ ᠬᠠᠮᠤᠷᠤᠭᠰᠠᠨ | ᠪᠦᠬᠦ ᠠᠵᠤ ᠦᠢᠯᠡᠰ ᠤᠨ ᠬᠡᠯᠬᠢᠶ᠎ᠡ ᠶᠢᠨ ᠦᠢᠯᠡᠳᠪᠦᠷᠢᠯᠡᠯ ᠤᠨ ᠵᠠᠭᠪᠤᠷ ᠢ ᠦᠨᠳᠦᠰᠦᠨ ᠳᠡᠭᠡᠨ ᠪᠦᠷᠢᠯᠳᠦᠭᠦᠯᠵᠡᠢ᠃ | ᠣᠳᠣᠬᠠᠨ ᠳᠤ᠂ ᠰᠢᠯᠢ ᠶᠢᠨ ᠬᠤᠲᠠ ᠶᠢᠨ ᠴᠠᠬᠢᠯᠭᠠᠨ ᠭᠠᠷᠭᠠᠬᠤ ᠮᠠᠰᠢᠨ ᠴᠣᠭᠴᠠᠯᠠᠪᠤᠷᠢ᠂ ᠲᠠᠯᠪᠢᠳᠦ | ᠭᠦᠭᠡᠷᠭᠡ᠂ ᠰᠤᠪᠤᠷᠭᠠᠨ ᠲᠦᠡᠭᠰᠡ᠂ ᠮᠠᠰᠢᠨ ᠤ ᠥᠷᠥᠭᠡᠨ ᠤ ᠪᠦᠷᠬᠦᠭᠦᠯ᠂ ᠰᠠᠯᠬᠢᠨ ᠬᠦᠴᠦᠨ ᠤ ᠴᠠᠬᠢᠯᠭᠠᠨ | ᠨᠦᠭᠡᠴᠡ ᠡᠨᠧᠷᠭᠢ ᠶᠢᠨ ᠰᠢᠰᠲ᠋ᠧᠮ ᠤᠨ ᠲᠤᠨᠤᠭ ᠲᠥᠬᠦᠭᠡᠷᠦᠮᠵᠢ ᠶᠢᠨ ᠦᠢᠯᠡᠳᠪᠦᠷᠢᠯᠡᠯ ᠤᠨ ᠴᠢᠳᠠᠪᠤᠷᠢ ᠨᠢ ᠲᠣᠰ | ᠲᠣᠰ 2700᠂ 600᠂ 200᠂ 600᠂ 1150 ︵ᠢᠵᠢ︶ ᠬᠦᠷᠴᠦ᠂ ᠰᠠᠯᠬᠢᠨ ᠬᠦᠴᠦᠨ ᠤ ᠴᠠᠬᠢᠯᠭᠠᠨ | ᠮᠠᠰᠢᠨ ᠤ ᠲᠠᠯᠪᠢᠳᠦ ᠭᠦᠭᠡᠷᠭᠡ ᠶᠢᠨ ᠦᠢᠯᠡᠳᠪᠦᠷᠢᠯᠡᠯ ᠤᠨ ᠬᠡᠯᠪᠡᠷᠢ ᠨᠢ 95 ᠮᠧᠲᠷ᠂ 97 ᠮᠧᠲᠷ᠂ 99 ᠮᠧᠲᠷ᠂ | 108 ᠮᠧᠲᠷ ᠪᠤᠯᠤᠬᠰᠠᠨ ᠪᠠᠶᠢᠨ᠎ᠠ᠃ | ᠡᠯᠪᠡᠭ ᠪᠠᠶᠠᠯᠢᠭ ᠪᠦᠲᠦᠭᠡᠭᠳᠡᠬᠦᠨ ᠤ ᠬᠡᠯᠪᠡᠷᠢ ᠵᠢᠴᠢ ᠨᠡᠯᠢᠶᠡᠳ ᠴᠢᠩᠭ᠎ᠠ ᠦᠢᠯᠡᠳᠪᠦᠷᠢᠯᠡᠯ ᠢ ᠤᠷᠲᠤᠳᠬᠠᠬᠤ | ᠴᠢᠳᠠᠪᠤᠷᠢ ᠨᠢ ᠰᠢᠯᠢ ᠶᠢᠨ ᠬᠤᠲᠠ ᠶᠢᠨ ᠰᠢᠨ᠎ᠡ ᠡᠨᠧᠷᠭᠢ ᠶᠢᠨ ᠲᠤᠨᠤᠭ ᠲᠥᠬᠦᠭᠡᠷᠦᠮᠵᠢ ᠶᠢ ᠵᠠᠬ᠎ᠠ ᠳᠡᠯᠭᠡᠭᠦᠷ ᠤᠨ | ᠠᠩᠬᠠᠷᠤᠯ ᠳᠤ ᠭᠦᠷᠭᠡᠵᠦ᠂ ᠠᠵᠤ ᠦᠢᠯᠡᠰ ᠤᠨ ᠦᠢᠯᠡᠳᠬᠦᠨ ᠤ ᠦᠷᠲᠡᠭ ᠢ ᠲᠠᠰᠤᠷᠠᠯᠲᠠ ᠦᠭᠡᠢ ᠲᠡᠭᠡᠭᠰᠢᠯᠡᠭᠦᠯᠪᠡ᠃ | 2023 ᠣᠨ ᠳᠤ᠂ ᠲᠣᠰ ᠬᠤᠲᠠ ᠶᠢᠨ ᠲᠤᠨᠤᠭᠯᠠᠯ ᠦᠢᠯᠡᠳᠭᠡᠯ ᠤᠨ ᠠᠵᠤ ᠦᠢᠯᠡᠰ ᠤᠨ ᠦᠢᠯᠡᠳᠬᠦᠨ ᠤ | ᠥᠷᠲᠡᠭ ᠨᠢ 50 ᠳ᠋ᠦᠩᠰᠢᠭᠤᠷ ᠲᠥᠭᠦᠷᠢᠭ ᠢ ᠳᠠᠪᠠᠵᠤ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ | ᠦᠢᠯᠡᠳᠬᠦᠨ ᠤ ᠶᠡᠷᠦᠩᠬᠡᠢ ᠥᠷᠲᠡᠭ ᠤᠨ ᠡᠵᠡᠯᠡᠬᠦ ᠬᠠᠷᠢᠴᠠᠯ ᠨᠢ 1/6 ᠶᠢ ᠳᠠᠪᠠᠵᠤ᠂ ᠦᠢᠯᠡᠳᠬᠦᠨ ᠤ ᠥᠷᠲᠡᠭ ᠪᠠ | ᠦᠢᠯᠡᠳᠬᠦᠨ ᠤ ᠣᠨᠴᠠᠯᠢᠭ ᠨᠢ ᠴᠥᠮ ᠪᠥᠬᠦ ᠣᠷᠣᠨ᠂ ᠪᠥᠬᠦ ᠠᠶᠢᠮᠠᠭ ᠤᠨ ᠡᠮᠦᠨ᠎ᠡ ᠡᠩᠨᠡᠭᠡᠨ ᠳᠤ ᠣᠷᠣᠪᠠ᠃ | ᠪᠣᠬᠢᠷᠲᠤᠯ ᠦᠭᠡᠢ ᠦᠢᠯᠡᠳᠬᠦ ᠦᠢᠯᠡᠰ ᠢ ᠬᠦᠴᠦᠷᠬᠡᠭᠵᠢᠭᠦᠯᠵᠦ᠂ ᠪᠣᠬᠢᠷᠲᠤᠯ ᠦᠭᠡᠢ ᠡᠨᠧᠷᠭᠢ ᠶᠢᠨ ᠠᠵᠤ | ᠦᠢᠯᠡᠰ ᠢ ᠪᠤᠵᠠᠭᠠᠶᠢᠷᠠᠭᠤᠯᠬᠤ ᠳᠤ᠂ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠪᠣᠯ ᠳᠠᠷᠤᠢ ᠪᠣᠬᠢᠷᠲᠤᠯ | ᠦᠭᠡᠢ ᠦᠢᠯᠡᠳᠪᠦᠷᠢᠯᠡᠯ ᠤᠨ ᠬᠦᠴᠦᠨ ᠪᠣᠯᠣᠨ᠎ᠠ᠃ ᠰᠢᠯᠢ ᠶᠢᠨ ᠬᠤᠳᠠ ᠶᠢᠨ ᠠᠵᠤ ᠦᠢᠯᠡᠳᠪᠦᠷᠢ ᠪᠠ ᠮᠡᠳᠡᠭᠡ | ᠵᠠᠩᠭᠢᠵᠢᠯᠲᠠ ᠶᠢᠨ ᠲᠣᠪᠴᠢᠶ᠎ᠠ ᠶᠢᠨ ᠳᠡᠳ᠋ ᠳᠠᠷᠤᠭ᠎ᠠ ᠴᠧᠨ ᠷᠠᠨ ᠢᠯᠡᠷᠭᠡᠶᠢᠯᠡᠭᠦ ᠳᠡᠭᠡᠨ᠄ ︽ᠳᠠᠷᠠᠭᠠᠴᠢ ᠶᠢᠨ | ᠠᠯᠬᠤᠮ ᠳᠤ᠂ ᠰᠢᠯᠢ ᠶᠢᠨ ᠬᠤᠳᠠ ᠠᠵᠤ ᠦᠢᠯᠡᠰ ᠤᠨ ᠬᠡᠯᠬᠢᠶ᠎ᠡ ᠬᠠᠩᠭᠠᠯᠭ᠎ᠠ ᠶᠢᠨ ᠬᠡᠯᠬᠢᠶ᠎ᠡ ᠶᠢᠨ ᠣᠳᠣᠬᠢᠴᠢᠯᠠᠬᠰᠠᠨ | ᠂ ᠣᠶᠤᠨᠴᠢᠯᠠᠬᠰᠠᠨ ᠲᠡᠭᠡᠷ᠎ᠠ ᠡᠩᠬᠠᠷᠤᠯ ᠢᠶᠠᠨ ᠲᠥᠪᠯᠡᠷᠡᠭᠦᠯᠤᠨ ᠨᠠᠷᠢᠯᠢᠭ ᠤᠨᠤᠪᠴᠢᠳᠠᠢ ᠪᠠᠷ ᠠᠷᠠᠯᠵᠢᠶᠠᠴᠢᠨ ᠤᠷᠢᠵᠤ | ᠪᠡᠯᠡ ᠲᠠᠳᠠᠵᠤ᠂ ᠲᠣᠨᠣᠭᠯᠠᠯ ᠦᠢᠯᠡᠳᠬᠦ ᠠᠵᠤ ᠦᠢᠯᠡᠰ ᠤᠨ ᠰᠢᠨ᠎ᠡ ᠶᠢ ᠡᠭᠦᠳᠬᠦ ᠪᠠ ᠶᠠᠰᠤ ᠴᠢᠨᠠᠷ ᠢ ᠵᠡᠷᠭᠡᠪᠡᠷ | ᠳᠡᠭᠡᠭᠰᠢᠯᠡᠭᠦᠯᠦᠨ᠂ ᠠᠵᠤ ᠦᠢᠯᠡᠰ ᠤᠨ ᠪᠣᠬᠢᠷᠲᠤᠯ ᠦᠭᠡᠢ᠂ ᠳᠡᠭᠡᠳᠦ ᠲᠡᠰ ᠤᠨ᠂ ᠣᠶᠤᠨᠴᠢᠯᠠᠯᠲᠠ ᠲᠡᠶᠢᠰᠢ | ᠬᠥᠭᠵᠢᠬᠦ ᠶᠢ ᠠᠬᠢᠭᠤᠯᠬᠤ ᠶᠢᠨ ᠬᠠᠮᠲᠤ ᠭᠠᠵᠠᠷ ᠣᠷᠣᠨ ᠤ ᠴᠢᠨᠠᠷ ᠰᠠᠶᠢᠲᠠᠢ ᠬᠥᠭᠵᠢᠯᠲᠡ ᠶᠢᠨ ᠦᠵᠡᠰᠬᠦᠯᠡᠩᠲᠦ | ᠰᠠᠶᠢᠬᠠᠨ ᠨᠡᠷ᠎ᠡ ᠶᠢᠨ ᠬᠠᠭᠤᠳᠠᠰᠤ ᠶᠢ ᠡᠭᠦᠳᠦᠨ᠎ᠠ︾ ᠭᠡᠪᠡ᠃ |