ᠰᠤᠷᠪᠤᠯᠵᠢᠯᠠᠭᠴᠢ ᠨᠠᠬᠢᠶ᠎ᠠ | ᠰᠢᠯᠢ ᠶᠢᠨ ᠬᠤᠲᠠ ᠶᠢᠨ ᠴᠤᠬᠠᠠᠭᠤᠯᠠ ᠰᠤᠮᠤᠨ ᠤ ᠪᠤᠯᠠᠭ ᠭᠠᠴᠠᠭ᠎ᠠ ᠪᠠᠷ ᠨᠤᠲᠤᠭᠲᠠᠢ ᠮᠠᠯᠴᠢᠨ ᠵᠠᠯᠠᠭᠤ | ᠮᠠᠨᠳᠤᠬᠤ ᠶᠢᠨ ᠬᠢ 500 ᠭᠠᠷᠤᠢ ᠪᠤᠭ ᠮᠠᠯ᠂ ᠲᠠᠪᠢᠭᠠᠳ ᠪᠤᠳᠠ ᠮᠠᠯ ᠮᠠᠯᠵᠢᠳᠠᠭ᠃ ᠤᠷᠴᠢᠮ ᠤᠨ ᠵᠢᠯ ᠠᠴᠠ | ᠡᠪᠡᠰᠦᠨ ᠤ ᠦᠨ᠎ᠡ ᠬᠠᠨᠭ᠍ᠰᠢ ᠦᠰᠴᠦ᠂ ᠵᠠᠷᠤᠯᠭ᠎ᠠ ᠨᠢ ᠤᠷᠤᠯᠭ᠎ᠠ ᠠᠴᠠ ᠪᠠᠨ ᠬᠡᠲᠦᠷᠡᠵᠦ ᠪᠠᠶᠢᠭ᠎ᠠ ᠬᠡᠴᠡᠭᠦᠦ | ᠪᠠᠶᠢᠳᠠᠯ ᠳᠤ ᠮᠠᠨᠳᠤᠬᠤ ᠮᠠᠯᠵᠢᠬᠤ ᠦᠢᠯᠡᠳᠪᠦᠷᠢᠯᠡᠯ ᠤᠨ ᠵᠠᠷᠤᠯᠭ᠎ᠠ ᠪᠠᠨ ᠪᠠᠭᠠᠰᠬᠠᠬᠤ ᠶᠢᠨ ᠳᠦᠯᠦᠭᠡ ᠰᠢᠨ᠎ᠡ ᠶᠢ | ᠰᠦᠪᠡᠭᠴᠢᠯᠡᠨ᠂ ᠦᠪᠡᠷ ᠢᠶᠠᠨ ᠴᠢᠨᠠᠷ ᠰᠠᠶᠢᠳᠠᠢ ᠬᠤᠯᠢᠮᠠᠭ ᠪᠤᠷᠳᠤᠭ᠎ᠠ ᠨᠠᠶᠢᠷᠠᠭᠤᠯᠵᠤ ᠤᠷᠤᠯᠳᠤᠵᠠᠢ᠃ | ᠮᠠᠨᠳᠤᠬᠤ ᠦᠨᠳᠦᠷ ᠳᠤᠮᠳᠠᠳᠤ ᠪᠠᠨ ᠲᠡᠭᠦᠰᠦᠭᠰᠡᠨ ᠤ ᠲᠠᠷᠠᠭ᠎ᠠ ᠬᠦᠬᠡᠬᠤᠲᠠ ᠳᠤ ᠬᠦᠷᠴᠦ ᠺᠤᠮᠫᠢᠦ᠋ᠲᠤᠷ ᠤᠨ | ᠲᠤᠰᠬᠠᠢ ᠮᠡᠷᠭᠡᠵᠢᠯ ᠰᠤᠷᠤᠯᠴᠠᠵᠠᠢ᠃ ᠲᠡᠷᠡ ᠬᠦᠬᠡᠬᠤᠲᠠ ᠶᠢᠨ ᠨᠢᠭᠡᠨ ᠺᠤᠮᠫᠠᠨᠢ ᠳᠤ ᠬᠡᠰᠡᠭ ᠬᠤᠭᠤᠴᠠᠭ᠎ᠠ ᠠᠵᠢᠯᠯᠠᠵᠤ | ᠪᠠᠶᠢᠭᠰᠠᠨ ᠢᠶᠠᠨ 2012 ᠤᠨ ᠠᠴᠠ 2015 ᠪᠤᠯᠲᠠᠯ᠎ᠠ ᠵᠡᠭᠦᠨ ᠦᠵᠦᠮᠦᠴᠢᠨ ᠬᠤᠰᠢᠭᠤᠨ ᠳᠤ ᠦᠪᠡᠷ ᠢᠶᠠᠨ | ᠠᠵᠢᠯᠯᠠᠬᠤ ᠲᠠᠰᠤᠭ ᠪᠠᠶᠢᠭᠤᠯᠵᠤ᠂ ᠰᠡᠭᠦᠳᠡᠷ ᠵᠢᠷᠤᠭ ᠳᠠᠲᠠᠬᠤ᠂ ᠪᠢᠴᠢᠭ ᠮᠠᠲᠤᠷᠢᠶᠡᠯ ᠳᠠᠷᠤᠮᠠᠯᠯᠠᠬᠤ ᠠᠵᠢᠯ ᠬᠢᠵᠦ | ᠶᠠᠪᠤᠵᠠᠢ᠃ ᠰᠡᠭᠦᠯ ᠳᠤᠨᠢ ᠠᠶᠢᠯ ᠭᠡᠷ ᠪᠤᠯᠵᠦ ᠨᠤᠲᠤᠭ ᠲᠠᠭᠠᠨ ᠪᠤᠴᠠᠭᠠᠳ ᠮᠠᠯ ᠢᠶᠠᠨ ᠮᠠᠯᠵᠢᠬᠤ ᠶᠢᠨ ᠳᠠᠭᠠᠤ ᠡᠪᠡᠰᠦ | ᠪᠤᠷᠳᠤᠭ᠎ᠠ ᠲᠡᠭᠡᠭᠡᠵᠦ ᠪᠤᠷᠤᠯᠠᠭᠤᠯᠬᠤ ᠠᠵᠢᠯ᠂ ᠨᠠᠮᠤᠷ ᠤᠨ ᠡᠪᠡᠰᠦᠨ ᠤ ᠬᠠᠳᠤᠵᠤ ᠲᠡᠭᠡᠭᠡᠪᠦᠷᠢᠯᠡᠬᠦ ᠠᠵᠢᠯ᠂ | ᠪᠠᠷᠢᠯᠭ᠎ᠠ ᠶᠢᠨ ᠠᠵᠢᠯ ᠵᠡᠷᠭᠡ ᠤᠯᠠᠨ ᠠᠵᠢᠯ ᠢ ᠬᠢᠵᠦ᠂ ᠤᠷᠤᠯᠭ᠎ᠠ ᠪᠠᠨ ᠨᠡᠮᠡᠭᠳᠡᠭᠦᠯᠵᠦ᠂ ᠠᠮᠢᠳᠤᠷᠠᠯ ᠤᠨ ᠲᠤᠷᠰᠢᠯᠭ᠎ᠠ | ᠬᠤᠷᠠᠮᠳᠤᠭᠤᠯᠵᠦ ᠶᠠᠪᠤᠵᠠᠢ᠃ | ᠤᠷᠴᠢᠮ ᠤᠨ ᠬᠤᠶᠠᠷ ᠵᠢᠯ ᠠᠴᠠ ᠡᠪᠡᠰᠦ ᠪᠤᠷᠳᠤᠭᠠᠨ ᠤ ᠦᠨ᠎ᠡ ᠬᠠᠨᠭ᠍ᠰᠢ ᠦᠰᠴᠦ᠂ ᠡᠮᠦᠨ᠎ᠡ ᠭᠠᠵᠠᠷ ᠠᠴᠠ | ᠤᠷᠤᠭᠤᠯᠤᠭᠰᠠᠨ ᠬᠤᠯᠢᠮᠠᠭ ᠪᠤᠷᠳᠤᠭᠠᠨ ᠤ ᠴᠢᠨᠠᠷ ᠨᠢ ᠪᠠᠲᠤᠯᠠᠭ᠎ᠠ ᠦᠭᠡᠢ ᠪᠠᠶᠢᠵᠤ᠂ ᠨᠤᠲᠤᠭ ᠤᠨ ᠮᠠᠯ ᠤᠨᠤᠭᠠᠨ ᠳᠤ | ᠳᠤᠬᠢᠷᠠᠬᠤ ᠦᠭᠡᠢ ᠠᠴᠠ ᠪᠤᠯᠵᠤ ᠤᠯᠠᠨ ᠡᠪᠡᠳᠴᠢᠨ ᠭᠡᠮ ᠡᠭᠦᠰᠴᠦ ᠪᠠᠶᠢᠭ᠎ᠠ ᠶᠢ ᠬᠠᠷᠠᠭᠠᠳ ᠮᠠᠨᠳᠤᠬᠤ ᠦᠪᠡᠷ ᠢᠶᠠᠨ | ᠬᠤᠯᠢᠮᠠᠭ ᠪᠤᠷᠳᠤᠭ᠎ᠠ ᠨᠠᠶᠢᠷᠠᠭᠤᠯᠬᠤ ᠪᠠᠷ ᠵᠤᠷᠢᠭ ᠰᠢᠭᠤᠳᠴᠠᠢ᠃ ᠳᠡᠷᠡ ᠭᠠᠴᠠᠭᠠᠨ ᠤ ᠪᠠᠨ ᠬᠠᠮᠲᠤ ᠶᠢᠨ ᠠᠵᠤ | ᠠᠬᠤᠢ ᠶᠢᠨ ᠰᠠᠭᠤᠷᠢᠨ ᠭᠠᠵᠠᠷ ᠢ ᠭᠤᠷᠪᠠᠨ ᠵᠢᠯ ᠢᠶᠠᠷ ᠳᠦᠷᠢᠶᠡᠰᠦᠯᠡᠵᠦ᠂ ᠰᠢᠯᠢ ᠶᠢᠨ ᠭᠤᠤᠯ ᠠᠶᠢᠮᠠᠭ ᠤᠨ ᠰᠢᠮᠡᠲᠦ | ᠲᠠᠷᠢᠶᠠᠯᠠᠩ ᠮᠠᠯ ᠠᠵᠤ ᠠᠬᠤᠢ ᠶᠢᠨ ᠺᠤᠮᠫᠠᠨᠢ ᠶᠢ ᠪᠠᠶᠢᠭᠤᠯᠵᠤ᠂ ︽ᠠᠮᠢᠳᠤ ᠪᠤᠳᠠᠰᠲᠤ ᠰᠢᠮ᠎ᠡ ᠪᠦᠷᠢᠨ ᠡᠪᠡᠰᠦᠨ | ᠲᠡᠵᠢᠭᠡᠯ︾ ᠢᠶᠠᠨ ᠨᠠᠶᠢᠷᠠᠭᠤᠯᠵᠤ ᠡᠬᠢᠯᠡᠵᠡᠢ᠃ ᠡᠨᠡ ᠨᠢ ᠭᠠᠴᠠᠭᠠᠨ ᠤ ᠪᠠᠨ ᠬᠠᠮᠲᠤ ᠶᠢᠨ ᠠᠵᠤ ᠠᠬᠤᠢ ᠳᠤ ᠵᠤᠬᠢᠬᠤ | ᠬᠡᠮᠵᠢᠶᠡᠨ ᠤ ᠤᠷᠤᠯᠭ᠎ᠠ ᠤᠷᠤᠭᠤᠯᠵᠦ ᠦᠭᠬᠦᠭᠰᠡᠨ ᠪᠦᠭᠡᠳ ᠮᠠᠯᠴᠢᠳ ᠲᠠᠭᠠᠨ ᠪᠠᠰᠠ ᠴᠢᠨᠠᠷ ᠰᠠᠶᠢᠨ ᠬᠤᠯᠢᠮᠠᠭ | ᠪᠤᠷᠳᠤᠭ᠎ᠠ ᠬᠠᠨᠭ᠍ᠭᠠᠵᠦ ᠲᠡᠶᠢᠯᠬᠦ ᠪᠤᠯᠭᠠᠵᠠᠢ᠃ | ᠬᠤᠯᠢᠮᠠᠭ ᠪᠤᠷᠳᠤᠭ᠎ᠠ ᠪᠠᠷ ᠦᠬᠡᠷ ᠮᠠᠯ ᠢᠶᠠᠨ ᠲᠡᠵᠢᠭᠡᠬᠦ ᠨᠢ ᠬᠦᠬᠡ ᠡᠪᠡᠰᠦ ᠬᠤᠳᠠᠯᠳᠤᠵᠤ ᠠᠪᠬᠤ ᠶᠢ | ᠪᠤᠳᠤᠪᠠᠯ ᠦᠨ᠎ᠡ ᠬᠠᠨᠭ᠍ᠰᠢ ᠬᠢᠮᠳᠠ ᠮᠦᠷᠲᠡᠭᠡᠨ ᠰᠢᠮ᠎ᠡ ᠲᠡᠵᠢᠭᠡᠯ ᠤᠨ ᠪᠠᠲᠤᠯᠠᠭ᠎ᠠ ᠲᠠᠢ᠃ ᠮᠠᠨᠳᠤᠬᠤ ᠶᠢᠨ | ᠨᠠᠶᠢᠷᠠᠭᠤᠯᠵᠤ ᠪᠠᠶᠢᠭ᠎ᠠ ᠬᠤᠯᠢᠮᠠᠭ ᠪᠤᠷᠳᠤᠭᠠᠨ ᠳᠤ ᠡᠷᠳᠡᠨᠢ ᠰᠢᠰᠢ ᠶᠢᠨ ᠰᠦᠷᠡᠯ᠂ ᠡᠷᠳᠡᠨᠢ ᠰᠢᠰᠢ ᠲᠠᠢ ᠨᠤᠭᠤᠭᠠᠨ | ᠳᠠᠷᠤᠰᠢ᠂ ᠨᠠᠷᠢᠯᠢᠭ ᠪᠤᠷᠳᠤᠭ᠎ᠠ᠂ ᠤᠯᠠᠨ ᠵᠦᠢᠯ ᠤᠨ ᠪᠢᠴᠢᠯ ᠡᠯᠧᠮᠧᠨ᠋ᠲ ᠠᠭᠤᠯᠤᠭᠳᠠᠵᠤ ᠪᠠᠶᠢᠨ᠎ᠠ᠃ ᠮᠠᠯᠴᠢᠳ | ᠦᠪᠡᠷᠲᠡᠭᠡᠨ ᠲᠤᠬᠠᠢ ᠶᠢᠨ ᠲᠠᠯᠠᠪᠤᠷ ᠲᠤ ᠢᠷᠡᠵᠦ ᠬᠤᠯᠢᠮᠠᠭ ᠪᠤᠷᠳᠤᠭ᠎ᠠ ᠨᠠᠶᠢᠷᠠᠭᠤᠯᠵᠤ ᠪᠠᠶᠢᠬᠤ ᠠᠯᠬᠤᠮ ᠳᠠᠷᠠᠭ᠎ᠠ ᠶᠢ | ᠦᠵᠡᠵᠦ ᠪᠤᠯᠳᠠᠭ ᠤᠴᠢᠷ ᠠᠴᠠ ᠨᠡᠩ ᠢᠯᠡᠭᠦᠦ ᠨᠠᠶᠢᠳᠠᠪᠤᠷᠢᠲᠠᠢ ᠪᠠᠶᠢᠳᠠᠭ᠃ | ᠮᠠᠨᠳᠤᠬᠤ᠄ ︽ᠶᠠᠮᠠᠷᠪᠠ ᠠᠵᠢᠯ ᠢ ᠡᠬᠢᠯᠡᠵᠦ ᠬᠢᠬᠦ ᠳᠤ ᠬᠦᠴᠢᠷ ᠪᠡᠷᠬᠡᠰᠢᠶᠡᠯ ᠲᠠᠭᠠᠷᠠᠯᠳᠤᠳᠠᠭ᠃ ᠵᠢᠱᠢᠶᠡᠯᠡᠪᠡᠯ | ᠲᠠᠨᠢᠵᠤ ᠮᠡᠳᠡᠬᠦ ᠬᠦᠮᠦᠨ ᠴᠦᠬᠡᠨ᠂ ᠬᠤᠯᠢᠮᠠᠭ ᠪᠤᠷᠳᠤᠭᠠᠨ ᠤ ᠪᠠᠨ ᠳᠠᠪᠠᠭᠤᠯᠢᠭ ᠲᠠᠯ᠎ᠠ ᠶᠢ ᠨᠡᠩ ᠤᠯᠠᠨ | ᠮᠠᠯᠴᠢᠳ ᠲᠠᠭᠠᠨ ᠮᠡᠳᠡᠭᠦᠯᠬᠦ ᠵᠤᠷᠢᠯᠭ᠎ᠠ ᠳᠠᠭᠠᠨ ᠠᠷᠠᠢ ᠬᠦᠷᠦᠭᠡ ᠦᠭᠡᠢ ᠵᠡᠷᠭᠡ᠃ ᠭᠡᠪᠡᠴᠦ ᠦᠨ᠎ᠡ ᠬᠠᠨᠭ᠍ᠰᠢ | ᠳᠤᠬᠢᠷᠠᠮᠵᠢᠲᠠᠢ ᠮᠦᠷᠳᠡᠭᠡᠨ ᠴᠢᠨᠠᠷ ᠰᠠᠶᠢᠳᠠᠢ ᠬᠤᠯᠢᠮᠠᠭ ᠪᠤᠷᠳᠤᠭ᠎ᠠ ᠦᠢᠯᠡᠳᠪᠦᠷᠢᠯᠡᠵᠦ ᠯᠡ ᠪᠠᠶᠢᠪᠠᠯ ᠡᠷᠲᠡ ᠤᠷᠤᠢ | ᠦᠭᠡᠢ ᠬᠦᠮᠦᠰ ᠤᠨ ᠨᠢᠳᠦᠨ ᠳᠤ ᠦᠷᠲᠦᠵᠦ᠂ ᠤᠯᠠᠨ ᠳᠠᠭᠠᠨ ᠲᠠᠨᠢᠭᠲᠠᠨᠠ ᠭᠡᠳᠡᠭ ᠲᠤ ᠪᠠᠲᠤ ᠢᠲᠡᠭᠡᠯ ᠲᠠᠢ︾ | ᠬᠡᠮᠡᠨ ᠬᠦᠭᠵᠢᠯᠲᠡᠢ ᠶᠠᠷᠢᠯ᠎ᠠ᠃ |