ᠲᠦᠭᠡᠮᠡᠯ ᠬᠠᠷᠠᠭᠠᠯᠵᠠᠯᠲᠤ ᠳᠠᠭᠠᠳᠬᠠᠯ ᠪᠣᠯ ᠳᠤᠮᠳᠠᠳᠤ ᠤᠯᠤᠰ ᠤᠨ ᠲᠦᠭᠡᠮᠡᠯ ᠬᠠᠷᠠᠭᠠᠯᠵᠠᠯᠲᠤ ᠮᠥᠩᠭᠦᠨ | ᠭᠦᠢᠯᠭᠡᠭᠡᠨ ᠤ ᠴᠢᠬᠤᠯᠠ ᠪᠦᠷᠢᠯᠳᠦᠭᠦᠨ ᠬᠡᠰᠡᠭ ᠮᠥᠨ᠃ ᠡᠮᠦᠨᠡᠬᠡᠨ᠂ ᠤᠯᠤᠰ ᠤᠨ ᠮᠥᠩᠭᠦᠨ ᠭᠦᠢᠯᠭᠡᠭᠡᠨ ᠤ ᠬᠢᠨᠠᠯᠲᠠ | ᠬᠠᠮᠢᠶᠠᠷᠤᠯᠲᠠ ᠶᠢᠨ ᠶᠡᠷᠦᠩᠬᠡᠢ ᠲᠣᠪᠴᠢᠶ᠎ᠠ ︽ᠲᠦᠭᠡᠮᠡᠯ ᠬᠠᠷᠠᠭᠠᠯᠵᠠᠯᠲᠤ ᠳᠠᠭᠠᠳᠬᠠᠯ ᠤᠨ ᠴᠢᠨᠠᠷ ᠰᠠᠶᠢᠲᠠᠢ ᠬᠥᠭᠵᠢᠯᠲᠡ ᠶᠢ | ᠠᠬᠢᠭᠤᠯᠬᠤ ᠲᠤᠬᠠᠢ ᠵᠢᠯᠤᠭᠤᠳᠬᠤ ᠰᠠᠨᠠᠯ︾ ︵︽ᠰᠠᠨᠠᠯ︾ ᠭᠡᠵᠦ ᠲᠣᠪᠴᠢᠯᠠᠨ᠎ᠠ︶ ᠢ ᠨᠡᠶᠢᠲᠡᠯᠡᠵᠦ᠂ ᠲᠦᠭᠡᠮᠡᠯ | ᠬᠠᠷᠠᠭᠠᠯᠵᠠᠯᠲᠤ ᠳᠠᠭᠠᠳᠬᠠᠯ ᠤᠨ ᠳᠦᠷᠢᠮ ᠲᠣᠭᠲᠠᠭᠠᠯ ᠢ ᠬᠦᠴᠦᠯᠡᠨ ᠲᠡᠭᠦᠯᠳᠡᠷᠵᠢᠭᠦᠯᠬᠦ ᠶᠢᠨ ᠬᠠᠮᠲᠤ ᠬᠦᠴᠦᠲᠡᠢ | ᠲᠥᠷᠥ ᠶᠢᠨ ᠪᠣᠳᠣᠯᠭ᠎ᠠ ᠪᠠᠷ ᠳᠡᠮᠵᠢᠵᠦ᠂ ᠳᠠᠭᠠᠳᠬᠠᠯ ᠤᠨ ᠦᠢᠯᠡᠰ ᠤᠨ ᠲᠦᠭᠡᠮᠡᠯ ᠬᠠᠷᠠᠭᠠᠯᠵᠠᠯᠲᠤ ᠳᠠᠭᠠᠳᠬᠠᠯ ᠤᠨ | ᠡᠵᠡᠩᠨᠡᠯᠲᠡ ᠶᠢᠨ ᠴᠢᠳᠠᠪᠤᠷᠢ ᠪᠠ ᠦᠢᠯᠡᠴᠢᠯᠡᠭᠡᠨ ᠤ ᠲᠦᠪᠰᠢᠨ ᠢ ᠳᠡᠭᠡᠭᠰᠢᠯᠡᠭᠦᠯᠪᠡ᠃ | ᠠᠷᠠᠳ ᠢᠷᠭᠡᠳ ᠤᠨ ︽ᠣᠯᠵᠤ ᠬᠤᠳᠠᠯᠳᠤᠨ ᠠᠪᠬᠤ︾ ︽ᠬᠤᠳᠠᠯᠳᠤᠨ ᠠᠪᠴᠤ ᠳᠡᠶᠢᠯᠬᠦ︾ ᠶᠢ ᠦᠨᠡᠨ ᠬᠦ | ᠪᠠᠲᠤᠯᠠᠨ᠎ᠠ᠃ | ᠤᠯᠤᠰ ᠤᠨ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠶᠡᠷᠦᠩᠬᠡᠢ ᠲᠣᠪᠴᠢᠶ᠎ᠠ ᠶᠢᠨ ᠬᠠᠮᠢᠶ᠎ᠠ ᠪᠦᠬᠦᠢ | ᠬᠠᠷᠢᠭᠤᠴᠠᠯᠭᠠᠲᠠᠨ ᠤ ᠲᠠᠨᠢᠯᠴᠠᠭᠤᠯᠤᠭᠰᠠᠨ ᠢᠶᠠᠷ᠂ ᠣᠳᠣᠬᠠᠨ ᠳᠤ ᠡᠯ᠎ᠡ ᠲᠥᠷᠥᠯ ᠤᠨ ᠡᠵᠡᠩᠨᠡᠯᠲᠡ ᠶᠢᠨ ᠭᠤᠣᠯ ᠴᠣᠭᠴᠠ ᠨᠢ | ᠲᠦᠭᠡᠮᠡᠯ ᠬᠠᠷᠠᠭᠠᠯᠵᠠᠯᠲᠤ ᠳᠠᠭᠠᠳᠬᠠᠯ ᠤᠨ ᠲᠤᠬᠠᠶᠢᠯᠠᠭᠰᠠᠨ ᠠᠵᠢᠯ ᠢᠶᠠᠨ ᠢᠳᠡᠪᠬᠢᠲᠡᠢ ᠥᠷᠨᠢᠭᠦᠯᠵᠦ᠂ ᠲᠦᠭᠡᠮᠡᠯ | ᠬᠠᠷᠠᠭᠠᠯᠵᠠᠯᠲᠤ ᠳᠠᠭᠠᠳᠬᠠᠯ ᠤᠨ ᠦᠢᠯᠡᠴᠢᠯᠡᠭᠡᠨ ᠤ ᠬᠠᠩᠭᠠᠯᠭ᠎ᠠ ᠶᠢ ᠲᠠᠰᠤᠷᠠᠯᠲᠠ ᠦᠭᠡᠢ ᠭᠦᠨᠵᠡᠭᠡᠶᠢᠷᠡᠭᠦᠯᠦᠨ᠂ | ᠦᠢᠯᠡᠳᠬᠦᠨ ᠤ ᠲᠥᠷᠥᠯ ᠬᠡᠯᠪᠡᠷᠢ ᠶᠢ ᠲᠠᠰᠤᠷᠠᠯᠲᠠ ᠦᠭᠡᠢ ᠪᠠᠶᠠᠯᠢᠭᠵᠢᠭᠤᠯᠵᠤ᠂ ᠨᠡᠶᠢᠭᠡᠮ ᠤᠨ ᠬᠠᠮᠤᠷᠬᠤ ᠬᠡᠪᠴᠢᠶ᠎ᠡ ᠶᠢ | ᠠᠯᠬᠤᠮ ᠠᠯᠬᠤᠮ ᠢᠶᠠᠷ ᠥᠷᠭᠡᠳᠬᠡᠭᠰᠡᠨ ᠠᠴᠠ ᠲᠦᠭᠡᠮᠡᠯ ᠬᠠᠷᠠᠭᠠᠯᠵᠠᠯᠲᠤ ᠳᠠᠭᠠᠳᠬᠠᠯ ᠤᠨ ᠪᠦᠬᠦᠯᠢ ᠴᠣᠭᠴᠠ | ᠲᠣᠭᠲᠠᠭᠤᠨ ᠢᠶᠠᠷ ᠬᠥᠭᠵᠢᠬᠦ ᠬᠠᠨᠳᠤᠰᠢ ᠲᠠᠢ ᠪᠣᠯᠵᠠᠢ᠃ ᠭᠡᠪᠡᠴᠦ ᠲᠦᠭᠡᠮᠡᠯ ᠬᠠᠷᠠᠭᠠᠯᠵᠠᠯᠲᠤ ᠳᠠᠭᠠᠳᠬᠠᠯ ᠤᠨ | ᠬᠥᠭᠵᠢᠯᠲᠡ ᠳᠤ ᠦᠢᠯᠡᠴᠢᠯᠡᠭᠡᠨ ᠤ ᠥᠷᠭᠡᠴᠡ ᠬᠦᠷᠦᠯᠴᠡᠬᠦ ᠦᠭᠡᠢ᠂ ᠶᠠᠰᠤ ᠴᠢᠨᠠᠷ ᠰᠠᠶᠢᠨ ᠪᠢᠰᠢ᠂ ᠰᠢᠨ᠎ᠡ ᠶᠢ ᠡᠭᠦᠳᠬᠦ ᠪᠠᠷ | ᠭᠦᠢᠴᠡᠳ ᠪᠤᠰᠤ ᠵᠡᠷᠭᠡ ᠠᠰᠠᠭᠤᠳᠠᠯ ᠤᠳ ᠮᠥᠨ ᠬᠦ ᠣᠷᠣᠰᠢᠵᠤ ᠪᠠᠶᠢᠨ᠎ᠠ ᠭᠡᠵᠡᠢ᠃ | ᠲᠦᠭᠡᠮᠡᠯ ᠬᠠᠷᠠᠭᠠᠯᠵᠠᠯᠲᠤ ᠳᠠᠭᠠᠳᠬᠠᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠶᠢᠨ ᠲᠥᠯᠥᠭᠡ᠂ ︽ᠰᠠᠨᠠᠯ︾ | ᠳᠤ ᠬᠡᠳᠦᠨ ᠦᠨᠳᠦᠰᠦᠨ ᠵᠠᠷᠴᠢᠮ ᠢ ᠲᠣᠳᠣᠷᠬᠠᠶᠢᠯᠠᠪᠠ᠄ | ᠥᠷᠭᠡᠨ ᠬᠡᠪᠴᠢᠶ᠎ᠡ ᠪᠠᠷ ᠬᠠᠮᠤᠷᠬᠤ ᠶᠢ ᠪᠠᠷᠢᠮᠲᠠᠯᠠᠵᠤ᠂ ᠳᠠᠭᠠᠳᠬᠠᠯ ᠤᠨ ᠦᠢᠯᠡᠴᠢᠯᠡᠭᠡᠨ ᠤ ᠪᠣᠯᠣᠮᠵᠢᠲᠤ ᠴᠢᠨᠠᠷ ᠢ | ᠳᠡᠭᠡᠭᠰᠢᠯᠡᠭᠦᠯᠦᠨ᠎ᠡ᠃ ᠳᠠᠭᠠᠳᠬᠠᠯ ᠤᠨ ᠦᠢᠯᠡᠳᠬᠦᠨ ᠢ ᠪᠠᠷᠢᠮᠵᠢᠶᠠᠵᠢᠭᠤᠯᠬᠤ᠂ ᠬᠢᠯᠪᠠᠷᠵᠢᠭᠤᠯᠬᠤ᠂ ᠳᠥᠭᠦᠮᠴᠢᠯᠡᠬᠦ ᠶᠢ | ᠠᠬᠢᠭᠤᠯᠵᠤ᠂ ᠦᠢᠯᠡᠴᠢᠯᠡᠭᠡᠨ ᠤ ᠳᠥᠭᠦᠮ ᠳᠥᠲᠡ ᠴᠢᠨᠠᠷ ᠢ ᠳᠡᠭᠡᠭᠰᠢᠯᠡᠭᠦᠯᠦᠨ᠂ ᠠᠷᠠᠳ ᠣᠯᠠᠨ ᠤ ᠳᠠᠭᠠᠳᠬᠠᠯ ᠢ ︽ᠣᠯᠵᠤ | ᠬᠤᠳᠠᠯᠳᠤᠨ ᠠᠪᠬᠤ︾ ᠶᠢ ᠦᠨᠡᠨ ᠬᠦ ᠪᠠᠲᠤᠯᠠᠨ᠎ᠠ᠃ | ᠠᠷᠠᠳ ᠲᠤ ᠠᠰᠢᠭ ᠬᠦᠷᠲᠡᠭᠡᠬᠦ ᠶᠢ ᠪᠠᠷᠢᠮᠲᠠᠯᠠᠵᠤ᠂ ᠳᠠᠭᠠᠳᠬᠠᠯ ᠤᠨ ᠦᠢᠯᠡᠴᠢᠯᠡᠭᠡᠨ ᠤ ᠡᠭᠦᠷᠭᠡᠯᠡᠵᠦ ᠪᠣᠯᠬᠤᠶᠢᠴᠠ | ᠴᠢᠨᠠᠷ ᠢ ᠳᠡᠭᠡᠭᠰᠢᠯᠡᠭᠦᠯᠦᠨ᠎ᠡ᠃ ᠭᠤᠣᠯᠳᠠᠯᠭ᠎ᠠ ᠲᠠᠢ ᠬᠦᠷᠢᠶ᠎ᠡ ᠴᠠᠷᠠᠭ᠎ᠠ ᠪᠠ ᠭᠤᠣᠯᠳᠠᠯᠭ᠎ᠠ ᠲᠠᠢ ᠬᠥᠮᠥᠰ ᠲᠤ ᠬᠢ | ᠳᠠᠭᠠᠳᠬᠠᠯ ᠤᠨ ᠦᠢᠯᠡᠴᠢᠯᠡᠭᠡ ᠶᠢ ᠰᠢᠯᠢᠳᠡᠭᠵᠢᠭᠦᠯᠵᠦ᠂ ᠲᠥᠷᠥ ᠶᠢᠨ ᠪᠣᠳᠣᠯᠭ᠎ᠠ᠂ ᠡᠬᠢ ᠪᠠᠶᠠᠯᠢᠭ ᠤᠨ ᠬᠡᠯᠪᠠᠶᠢᠯᠲᠡ ᠶᠢ | ᠡᠷᠴᠢᠮᠵᠢᠭᠦᠯᠦᠨ᠂ ᠰᠢᠨᠵᠢᠯᠡᠬᠦ ᠤᠬᠠᠭᠠᠨ ᠮᠡᠷᠭᠡᠵᠢᠯ ᠢᠶᠠᠷ ᠬᠦᠴᠦᠨ ᠣᠯᠭᠤᠬᠤ ᠶᠢ ᠴᠢᠩᠭᠠᠷᠠᠭᠤᠯᠵᠤ᠂ ᠡᠵᠡᠩᠨᠡᠯᠲᠡ | ᠬᠠᠮᠢᠶᠠᠷᠤᠯᠲᠠ ᠶᠢᠨ ᠥᠪᠡᠷ ᠤᠨ ᠥᠷᠲᠡᠭ ᠢ ᠪᠠᠭᠤᠷᠠᠭᠤᠯᠤᠨ᠂ ᠠᠷᠠᠳ ᠣᠯᠠᠨ ᠤ ᠳᠠᠭᠠᠳᠬᠠᠯ ︽ᠬᠤᠳᠠᠯᠳᠤᠨ ᠠᠪᠴᠤ | ᠳᠡᠶᠢᠯᠬᠦ︾ ᠶᠢ ᠦᠨᠡᠨ ᠬᠦ ᠪᠠᠲᠤᠯᠠᠨ᠎ᠠ᠃ | ᠲᠥᠪ ᠭᠤᠣᠯᠴᠢ ᠦᠨᠡᠨᠴᠢ ᠢᠲᠡᠭᠡᠮᠵᠢᠲᠡᠢ ᠪᠠᠶᠢᠬᠤ ᠶᠢ ᠪᠠᠷᠢᠮᠲᠠᠯᠠᠵᠤ᠂ ᠳᠠᠭᠠᠳᠬᠠᠯ ᠤᠨ ᠦᠢᠯᠡᠳᠬᠦᠨ ᠤ | ᠪᠠᠲᠤᠯᠠᠭ᠎ᠠ ᠶᠢᠨ ᠰᠢᠨᠵᠢ ᠴᠢᠨᠠᠷ ᠢ ᠳᠡᠭᠡᠭᠰᠢᠯᠡᠭᠦᠯᠦᠨ᠎ᠡ᠃ ᠨᠡᠶᠢᠭᠡᠮ ᠨᠡᠶᠢᠲᠡ ᠶᠢᠨ ᠳᠠᠭᠠᠳᠬᠠᠯ ᠤᠨ ᠦᠵᠡᠯ ᠤᠬᠠᠮᠰᠠᠷ ᠢ | ᠳᠡᠭᠡᠭᠰᠢᠯᠡᠭᠦᠯᠵᠦ᠂ ᠭᠡᠷ᠎ᠡ ᠶᠢᠨ ᠵᠣᠷᠢᠭ ᠰᠠᠨᠠᠭ᠎ᠠ ᠪᠠ ᠦᠨᠡᠨᠴᠢ ᠢᠲᠡᠭᠡᠮᠵᠢ ᠶᠢᠨ ᠰᠣᠶᠣᠯ ᠢ ᠪᠣᠶᠢᠵᠢᠭᠤᠯᠬᠤ ᠬᠡᠷᠡᠭᠲᠡᠢ᠃ | ᠲᠥᠯᠥᠪᠦᠷᠢ ᠶᠢᠨ ᠦᠢᠯᠡᠴᠢᠯᠡᠭᠡᠨ ᠤ ᠶᠠᠰᠤ ᠴᠢᠨᠠᠷ ᠪᠠ ᠦᠷ᠎ᠡ ᠪᠦᠲᠦᠮᠵᠢ ᠶᠢ ᠦᠨᠡᠨ ᠬᠦ ᠰᠠᠶᠢᠵᠢᠷᠠᠭᠤᠯᠵᠤ᠂ ᠬᠠᠤᠯᠢ | ᠲᠣᠭᠲᠠᠭᠠᠯ ᠳᠤ ᠨᠡᠶᠢᠴᠡᠭᠰᠡᠨ ︽ᠲᠥᠯᠥᠪᠦᠷᠢ ᠳᠤ ᠬᠠᠨᠤᠮᠵᠢᠲᠠᠢ ᠪᠠᠶᠢᠬᠤ︾ ᠶᠢ ᠦᠨᠡᠨ ᠬᠦ ᠠᠬᠢᠭᠤᠯᠤᠨ᠎ᠠ᠃ | ᠯᠠᠪᠳᠠᠭᠤᠨ ᠪᠠᠲᠤᠲᠠᠢ ᠪᠠᠷ ᠠᠵᠢᠯᠯᠠᠭᠤᠯᠬᠤ ᠶᠢ ᠪᠠᠷᠢᠮᠲᠠᠯᠠᠵᠤ᠂ ᠳᠠᠭᠠᠳᠬᠠᠯ ᠤᠨ ᠡᠵᠡᠩᠨᠡᠯᠲᠡ ᠶᠢᠨ ᠦᠷᠭᠦᠯᠵᠢᠯᠡᠬᠦᠶᠢᠴᠡ | ᠴᠢᠨᠠᠷ ᠢ ᠳᠡᠭᠡᠭᠰᠢᠯᠡᠭᠦᠯᠦᠨ᠎ᠡ᠃ ᠳᠠᠭᠠᠳᠬᠠᠯ ᠤᠨ ᠡᠵᠡᠩᠨᠡᠯᠲᠡ ᠶᠢᠨ ᠵᠢᠮ᠎ᠡ ᠶᠣᠰᠣ ᠶᠢ ᠡᠵᠡᠮᠳᠡᠵᠦ᠂ ᠦᠢᠯᠡᠳᠬᠦᠨ ᠤ ᠦᠨ᠎ᠡ | ᠲᠣᠭᠲᠠᠭᠠᠵᠤ ᠡᠭᠡᠭᠦᠯᠦᠨ ᠮᠥᠷᠳᠡᠬᠦ ᠵᠠᠳᠠᠯᠤᠯᠲᠠ ᠶᠢ ᠴᠢᠩᠭᠠᠷᠠᠭᠤᠯᠵᠤ᠂ ᠤᠷᠲᠤ ᠬᠤᠭᠤᠴᠠᠭᠠᠨ ᠤ ᠦᠶᠡᠯᠡᠯ ᠤᠨ ᠦᠨᠡᠯᠡᠨ | ᠵᠢᠱᠢᠵᠦ ᠬᠢᠨᠠᠨ ᠰᠢᠯᠭᠠᠬᠤ ᠶᠢ ᠡᠷᠴᠢᠮᠵᠢᠭᠦᠯᠵᠦ᠂ ᠲᠦᠭᠡᠮᠡᠯ ᠬᠠᠷᠠᠭᠠᠯᠵᠠᠯᠲᠤ ᠳᠠᠭᠠᠳᠬᠠᠯ ᠤᠨ ᠣᠷᠳᠣ ᠬᠤᠭᠤᠴᠠᠭᠠᠨ ᠤ | ᠡᠷᠡᠭᠦᠯ ᠬᠥᠭᠵᠢᠯᠲᠡ ᠶᠢ ᠠᠬᠢᠭᠤᠯᠤᠨ᠎ᠠ᠃ | ᠲᠥᠪ ᠤᠨ ᠡᠳ᠋ ᠤᠨ ᠵᠠᠰᠠᠭ ᠠᠵᠤ ᠠᠬᠤᠢ ᠶᠢᠨ ᠶᠡᠭᠡ ᠰᠤᠷᠭᠠᠭᠤᠯᠢ ᠶᠢᠨ ᠳᠠᠭᠠᠳᠬᠠᠯ ᠤᠨ ᠳᠡᠭᠡᠳᠦ | ᠰᠤᠷᠭᠠᠭᠤᠯᠢ ᠶᠢᠨ ᠫᠷᠤᠹᠧᠰᠰᠤᠷ ᠲᠤᠤ ᠼᠦᠨ ᠸᠧᠨ ᠲᠣᠰ ᠰᠣᠨᠢᠨ ᠤ ᠰᠤᠷᠪᠤᠯᠵᠢᠯᠠᠭᠴᠢ ᠳᠤ ᠬᠡᠯᠡᠬᠦ ᠳᠤ ᠪᠠᠨ᠂ ︽ᠰᠠᠨᠠᠯ︾ | ᠤᠨ ᠨᠡᠶᠢᠲᠡᠯᠡᠭᠳᠡᠭᠰᠡᠨ ᠨᠢ ᠲᠦᠭᠡᠮᠡᠯ ᠬᠠᠷᠠᠭᠠᠯᠵᠠᠯᠲᠤ ᠳᠠᠭᠠᠳᠬᠠᠯ ᠤᠨ ᠲᠦᠭᠡᠮᠡᠯ ᠬᠠᠷᠠᠭᠠᠯᠵᠠᠯᠲᠤ ᠮᠥᠩᠭᠦᠨ | ᠭᠦᠢᠯᠭᠡᠭᠡᠨ ᠳᠠᠬᠢ ᠴᠢᠬᠤᠯᠠ ᠪᠠᠶᠢᠷᠢ ᠰᠠᠭᠤᠷᠢ ᠶᠢ ᠢᠯᠡᠷᠡᠭᠦᠯᠪᠡ᠃ ︽ᠰᠠᠨᠠᠯ︾ ᠳᠤ ᠳᠤᠷᠠᠳᠤᠭᠰᠠᠨ ᠵᠠᠷᠴᠢᠮ᠂ ᠬᠠᠷᠠᠯᠲᠠ᠂ ᠠᠷᠭ᠎ᠠ | ᠬᠡᠮᠵᠢᠶ᠎ᠡ ᠨᠢ ᠥᠩᠭᠡᠷᠡᠭᠰᠡᠨ ᠤ ᠲᠦᠭᠡᠮᠡᠯ ᠬᠠᠷᠠᠭᠠᠯᠵᠠᠯᠲᠤ ᠳᠠᠭᠠᠳᠬᠠᠯ ᠤᠨ ᠲᠤᠷᠰᠢᠯᠲᠠ ᠶᠢᠨ ᠶᠠᠪᠤᠴᠠ ᠳᠠᠬᠢ | ᠲᠤᠷᠰᠢᠯᠭ᠎ᠠ ᠨᠤᠭᠤᠳ ᠢ ᠰᠢᠰᠲ᠋ᠧᠮ ᠲᠠᠢ ᠳ᠋ᠦᠩᠨᠡᠨ ᠰᠢᠩᠭᠡᠬᠡᠨ ᠠᠪᠴᠤ᠂ ᠲᠦᠭᠡᠮᠡᠯ ᠬᠠᠷᠠᠭᠠᠯᠵᠠᠯᠲᠤ ᠳᠠᠭᠠᠳᠬᠠᠯ ᠤᠨ ᠴᠢᠨᠠᠷ | ᠰᠠᠶᠢᠲᠠᠢ ᠬᠥᠭᠵᠢᠯᠲᠡ ᠳᠤ ᠲᠥᠷᠥ ᠶᠢᠨ ᠪᠣᠳᠣᠯᠭ᠎ᠠ ᠶᠢᠨ ᠠᠰᠢᠭ ᠨᠡᠮᠡᠷᠢᠯᠡᠭᠰᠡᠨ ᠪᠠᠶᠢᠨ᠎ᠠ ᠭᠡᠵᠡᠢ᠃ | ᠲᠦᠭᠰᠢᠭᠦᠷᠢ ᠠᠴᠠ ᠪᠠᠲᠤᠯᠠᠬᠤ ᠬᠠᠮᠤᠷᠬᠤ ᠬᠡᠪᠴᠢᠶ᠎ᠡ ᠶᠢ ᠥᠷᠭᠡᠳᠬᠡᠨ᠎ᠡ | ᠪᠣᠳᠠᠲᠠᠢ ᠪᠠᠶᠢᠳᠠᠯ ᠠᠴᠠ ᠦᠵᠡᠪᠡᠯ᠂ ᠲᠦᠭᠡᠮᠡᠯ ᠬᠠᠷᠠᠭᠠᠯᠵᠠᠯᠲᠤ ᠳᠠᠭᠠᠳᠬᠠᠯ ᠤᠨ ᠦᠢᠯᠡᠳᠬᠦᠨ ᠪᠠ ᠦᠢᠯᠡᠴᠢᠯᠡᠭᠡᠨ ᠤ | ᠬᠠᠩᠭᠠᠯᠭ᠎ᠠ ᠶᠢ ᠪᠠᠶᠠᠯᠢᠭᠵᠢᠭᠤᠯᠬᠤ ᠪᠣᠯ ︽ᠰᠠᠨᠠᠯ︾ ᠤᠨ ᠴᠢᠬᠤᠯᠠ ᠦᠵᠡᠴᠡ ᠪᠣᠯᠣᠨ᠎ᠠ᠃ | ᠣᠨᠴᠠᠭᠠᠢ ᠲᠣᠭᠲᠠᠭᠠᠭᠰᠠᠨ ᠬᠠᠮᠲᠤᠯᠢᠭ ᠲᠤ ᠳᠠᠭᠠᠳᠬᠠᠯ ᠤᠨ ᠪᠠᠲᠤᠯᠠᠭ᠎ᠠ ᠬᠠᠩᠭᠠᠬᠤ ᠪᠠᠨ ᠡᠷᠴᠢᠮᠵᠢᠭᠦᠯᠬᠦ ᠲᠠᠯ᠎ᠠ ᠪᠠᠷ᠂ | ︽ᠰᠠᠨᠠᠯ︾ ᠳᠤ ︽ᠨᠠᠰᠤᠲᠠᠶᠢᠴᠤᠳ ᠤᠨ ᠬᠡᠷᠡᠭᠴᠡᠭᠡ ᠱᠠᠭᠠᠷᠳᠠᠯᠭ᠎ᠠ ᠪᠠ ᠲᠥᠯᠥᠬᠦ ᠴᠢᠳᠠᠪᠤᠷᠢ ᠳᠤ ᠲᠣᠬᠢᠷᠠᠬᠤ ᠰᠠᠨᠠᠭᠠᠨ ᠳᠤ | ᠦᠭᠡᠢ ᠰᠢᠷᠬᠠᠲᠤᠯ ᠤᠨ ᠳᠠᠭᠠᠳᠬᠠᠯ ᠪᠠ ᠡᠷᠡᠭᠦᠯ ᠮᠡᠨᠳᠦ ᠶᠢᠨ ᠳᠠᠭᠠᠳᠬᠠᠯ ᠤᠨ ᠦᠢᠯᠡᠳᠬᠦᠨ ᠢ ᠶᠡᠭᠡ ᠪᠠᠷ ᠬᠥᠭᠵᠢᠭᠦᠯᠬᠦ︾ | ︽ᠡᠮᠡᠭᠲᠡᠶᠢᠴᠦᠳ ᠤᠨ ︿ᠬᠤᠶᠠᠷ ᠥᠮᠡᠨ﹀᠂ ᠬᠡᠦᠬᠡᠳ ᠤᠨ ᠲᠥᠷᠥᠯᠬᠢ ᠴᠢᠨᠠᠷᠲᠠᠢ᠂ ᠬᠤᠪᠣᠷ ᠲᠣᠬᠢᠶᠠᠯᠳᠤᠬᠤ ᠡᠪᠡᠳᠴᠢᠨ | ᠵᠡᠷᠭᠡ ᠶᠢᠨ ᠳᠠᠭᠠᠳᠬᠠᠯ ᠤᠨ ᠪᠠᠲᠤᠯᠠᠭ᠎ᠠ ᠶᠢ ᠴᠢᠩᠭᠠᠳᠬᠠᠬᠤ︾ ᠵᠡᠷᠭᠡ ᠠᠷᠭ᠎ᠠ ᠬᠡᠮᠵᠢᠶ᠎ᠡ ᠶᠢ ᠳᠤᠷᠠᠳᠤᠭᠰᠠᠨ ᠢᠶᠠᠷ ᠪᠠᠷᠠᠬᠤ | ᠦᠭᠡᠢ᠂ ᠪᠠᠰᠠ ᠪᠠᠷᠢᠯᠭ᠎ᠠ ᠶᠢᠨ ᠠᠵᠢᠯᠴᠢᠨ᠂ ᠲᠦᠷᠭᠡᠨ ᠬᠦᠷᠭᠡᠯᠲᠡ ᠶᠢᠨ ᠵᠢᠯᠣᠭᠤᠴᠢ᠂ ᠰᠦᠯᠵᠢᠶ᠎ᠡ ᠪᠠᠷ ᠪᠣᠯᠵᠣᠬᠤ ᠮᠠᠰᠢᠨ | ᠲᠡᠷᠭᠡᠨ ᠤ ᠵᠢᠯᠣᠭᠤᠴᠢ᠂ ᠪᠠᠷᠠᠭᠠᠨ ᠲᠡᠷᠭᠡᠨ ᠤ ᠵᠢᠯᠣᠭᠤᠴᠢ᠂ ᠰᠦᠯᠵᠢᠶᠡᠨ ᠤ ᠳᠡᠯᠭᠡᠭᠦᠷ ᠤᠨ ᠡᠵᠡᠩᠨᠡᠭᠴᠢ ᠵᠡᠷᠭᠡ ᠬᠤᠲᠠ ᠶᠢᠨ | ᠰᠢᠨ᠎ᠡ ᠠᠷᠠᠳ ᠤᠨ ᠬᠠᠮᠲᠤᠯᠢᠭ ᠪᠠ ᠠᠮᠢᠳᠤᠯᠢᠭ ᠢᠶᠠᠷ ᠠᠵᠢᠯ ᠣᠯᠣᠭᠰᠠᠳ ᠲᠤ ᠠᠩᠬᠠᠷᠤᠯ ᠢᠶᠠᠨ ᠲᠥᠪᠯᠡᠷᠡᠭᠦᠯᠵᠦ᠂ | ᠵᠣᠬᠢᠴᠠᠩᠭᠤᠢ ᠰᠢᠨ᠎ᠡ ᠠᠵᠢᠯ ᠣᠯᠭᠤᠯᠲᠠ ᠶᠢᠨ ᠬᠡᠯᠪᠡᠷᠢ ᠶᠢᠨ ᠬᠠᠷᠢᠭᠤᠴᠠᠯᠭ᠎ᠠ ᠶᠢᠨ ᠳᠠᠭᠠᠳᠬᠠᠯ᠂ ᠰᠠᠨᠠᠭᠠᠨ ᠳᠤ ᠦᠭᠡᠢ | ᠰᠢᠷᠬᠠᠲᠤᠯ ᠤᠨ ᠳᠠᠭᠠᠳᠬᠠᠯ ᠵᠡᠷᠭᠡ ᠲᠤᠬᠠᠶᠢᠯᠠᠭᠰᠠᠨ ᠠᠵᠢᠯ ᠢ ᠥᠷᠨᠢᠭᠦᠯᠬᠦ ᠶᠢ ᠳᠤᠷᠠᠳᠤᠨ ᠭᠠᠷᠭᠠᠪᠠ᠃ | ᠭᠤᠣᠯᠳᠠᠯᠭ᠎ᠠ ᠲᠠᠢ ᠬᠦᠷᠢᠶᠡᠨ ᠳᠠᠬᠢ ᠲᠦᠭᠰᠢᠭᠦᠷᠢ ᠠᠴᠠ ᠪᠠᠲᠤᠯᠠᠬᠤ ᠲᠦᠪᠰᠢᠨ ᠢ ᠳᠡᠭᠡᠭᠰᠢᠯᠡᠭᠦᠯᠬᠦ ᠵᠡᠷᠭᠡ ᠲᠠᠯ᠎ᠠ ᠪᠠᠷ᠂ | ︽ᠰᠠᠨᠠᠯ︾ ᠳᠤ ︽ᠣᠷᠣᠯᠭ᠎ᠠ ᠶᠢᠨ ᠳᠠᠭᠠᠳᠬᠠᠯ ᠪᠠ ᠠᠭᠤᠷ ᠠᠮᠢᠰᠬᠤᠯ ᠤᠨ ᠵᠢᠭᠠᠯᠲᠠ ᠲᠣᠭᠠᠨ ᠤ ᠳᠠᠭᠠᠳᠬᠠᠯ ᠳᠤ ᠰᠢᠨ᠎ᠡ ᠶᠢ | ᠡᠭᠦᠳᠦᠨ ᠬᠥᠭᠵᠢᠭᠦᠯᠬᠦ︾ ︽ᠳᠠᠭᠠᠳᠬᠠᠯ ᠳᠤ ᠣᠷᠣᠯᠴᠠᠬᠤ ᠳᠤ ᠳᠥᠭᠦᠮ᠂ ᠰᠦᠢᠳᠬᠡᠯ ᠲᠤᠰᠢᠶᠠᠬᠤ ᠳᠤ ᠠᠮᠢᠳᠤᠯᠢᠭ᠂ ᠠᠰᠢᠭ | ᠣᠷᠣᠯᠭ᠎ᠠ ᠯᠠᠪᠳᠠᠭᠤᠨ᠂ ᠬᠡᠯᠪᠡᠷᠢ ᠮᠠᠶ᠋ᠢᠭ ᠣᠯᠠᠨ ᠶᠠᠩᠵᠤ ᠶᠢᠨ ᠬᠤᠳᠠᠯᠳᠤᠭᠠᠨ ᠤ ᠨᠠᠰᠤᠵᠢᠯ ᠤᠨ ᠠᠰᠠᠷᠠᠮᠵᠢ ᠶᠢᠨ ᠣᠨ ᠤ | ᠮᠥᠩᠭᠦ ᠶᠢᠨ ᠦᠢᠯᠡᠳᠬᠦᠨ︾ ︽ᠡᠮᠴᠢᠯᠡᠭᠡᠨ ᠤ ᠬᠠᠷᠢᠭᠤᠴᠠᠯᠭ᠎ᠠ᠂ ᠡᠮᠴᠢᠯᠡᠭᠡᠨ ᠤ ᠠᠳᠡᠯ ᠪᠠ ᠸᠠᠺᠼᠢᠨ ᠤ ᠲᠠᠷᠢᠯᠭ᠎ᠠ ᠬᠢᠬᠦ ᠵᠡᠷᠭᠡ | ᠬᠤᠯᠪᠣᠭᠳᠠᠯ ᠪᠦᠬᠦᠢ ᠳᠠᠭᠠᠳᠬᠠᠯ ᠢ ᠢᠳᠡᠪᠬᠢᠲᠡᠢ ᠬᠥᠭᠵᠢᠭᠦᠯᠬᠦ︾ ᠵᠡᠷᠭᠡ ᠠᠷᠭ᠎ᠠ ᠬᠡᠮᠵᠢᠶ᠎ᠡ ᠶᠢ ᠳᠤᠷᠠᠳᠪᠠ᠃ ᠡᠭᠦᠨ ᠤ ᠬᠠᠮᠲᠤ᠂ | ︽ᠰᠠᠨᠠᠯ︾ ᠳᠤ ᠬᠥᠳᠡᠭᠡ ᠲᠣᠰᠬᠤᠨ ᠪᠠ ᠬᠢᠯᠢ ᠬᠢᠵᠠᠭᠠᠷ ᠣᠷᠣᠨ ᠤ ᠣᠯᠠᠨ ᠲᠦᠮᠡᠨ᠂ ᠶᠠᠳᠠᠭᠤ ᠠᠴᠠ ᠠᠩᠭᠢᠵᠢᠷᠠᠭᠰᠠᠨ | ᠬᠥᠮᠥᠨ ᠠᠮᠠ᠂ ᠬᠤᠲᠠ ᠶᠢᠨ ᠨᠠᠭᠠᠲᠤ ᠵᠠᠬ᠎ᠠ ᠶᠢᠨ ᠪᠠᠲᠤᠯᠠᠭ᠎ᠠ ᠶᠢᠨ ᠬᠥᠮᠥᠰ ᠵᠡᠷᠭᠡ ᠶᠢᠨ ᠪᠣᠳᠠᠲᠤ ᠪᠠᠶᠢᠳᠠᠯ ᠪᠠ | ᠳᠠᠭᠠᠳᠬᠠᠯ ᠤᠨ ᠬᠡᠷᠡᠭᠴᠡᠭᠡ ᠱᠠᠭᠠᠷᠳᠠᠯᠭ᠎ᠠ ᠳᠤ ᠴᠢᠭᠯᠡᠭᠦᠯᠦᠨ᠂ ᠰᠠᠨᠠᠭᠠᠨ ᠳᠤ ᠦᠭᠡᠢ ᠰᠢᠷᠬᠠᠲᠤᠯ ᠤᠨ ᠳᠠᠭᠠᠳᠬᠠᠯ᠂ ᠡᠷᠡᠭᠦᠯ | ᠮᠡᠨᠳᠦ ᠶᠢᠨ ᠳᠠᠭᠠᠳᠬᠠᠯ᠂ ᠲᠣᠭᠲᠠᠮᠠᠯ ᠬᠤᠭᠤᠴᠠᠭᠠᠲᠤ ᠠᠮᠢ ᠨᠠᠰᠤᠨ ᠤ ᠳᠠᠭᠠᠳᠬᠠᠯ᠂ ᠭᠡᠷ ᠪᠦᠯᠢ ᠶᠢᠨ ᠡᠳ᠋ ᠬᠥᠷᠥᠩᠭᠡ ᠶᠢᠨ | ᠳᠠᠭᠠᠳᠬᠠᠯ ᠵᠡᠷᠭᠡ ᠦᠢᠯᠡᠳᠬᠦᠨ ᠢ ᠨᠡᠭᠡᠭᠡᠨ ᠬᠥᠭᠵᠢᠭᠦᠯᠬᠦ ᠶᠢ ᠰᠠᠨᠠᠭᠠᠴᠢᠯᠠᠪᠠ᠃ | ︽ᠳᠠᠭᠠᠳᠬᠠᠯ ᠨᠢ ︿ᠠᠵᠤ ᠠᠬᠤᠢ ᠶᠢᠨ ᠳᠣᠷᠭᠢᠯᠲᠠ ᠶᠢ ᠪᠠᠭᠠᠰᠬᠠᠬᠤ﹀ ᠪᠠ ︿ᠨᠡᠶᠢᠭᠡᠮ ᠤᠨ ᠪᠠᠶᠢᠳᠠᠯ ᠢ | ᠲᠣᠭᠲᠠᠪᠤᠷᠢᠵᠢᠭᠤᠯᠬᠤ﹀ ᠴᠢᠳᠠᠮᠵᠢ ᠲᠠᠢ ᠪᠠᠶᠢᠵᠤ᠂ ᠪᠣᠳᠠᠲᠤ ᠴᠣᠭᠴᠠ ᠶᠢᠨ ᠠᠵᠤ ᠠᠬᠤᠢ ᠳᠤ ᠦᠢᠯᠡᠴᠢᠯᠡᠬᠦ ᠴᠢᠬᠤᠯᠠ | ᠬᠦᠴᠦᠨ ᠪᠣᠯᠣᠨ᠎ᠠ᠃ ᠣᠳᠣᠬᠠᠨ ᠳᠤ ᠳᠤᠮᠲᠠᠲᠦ ᠤᠯᠤᠰ ᠤᠨ ᠳᠠᠭᠠᠳᠬᠠᠯ ᠤᠨ ᠦᠢᠯᠡᠰ ᠲᠦᠷᠭᠡᠨ ᠲᠠᠪᠰᠢᠭᠰᠠᠨ ᠪᠤᠯᠪᠠᠴᠦ | ᠳᠠᠭᠠᠳᠬᠠᠯ ᠤᠨ ᠭᠦᠨᠴᠡ ᠪᠠ ᠨᠢᠭᠲᠠᠴᠠ ᠶᠢᠨ ᠬᠡᠮᠵᠢᠶ᠎ᠡ ᠶᠢ ᠲᠡᠬᠡᠭᠰᠢᠯᠡᠭᠦᠯᠭᠦ ᠴᠢᠬᠤᠯᠠᠲᠠᠢ ᠪᠠᠶᠢᠨ᠎ᠠ᠃ ᠡᠨᠡ ᠬᠦ ᠠᠬᠤᠢ | ᠪᠠᠶᠢᠳᠠᠯ ᠳᠤ᠂ ︽ᠰᠠᠨᠠᠯ︾ ᠳᠠᠬᠢ ᠲᠦᠭᠡᠮᠡᠯ ᠬᠠᠷᠠᠭᠠᠯᠵᠠᠯᠲᠤ ᠳᠠᠭᠠᠳᠬᠠᠯ ᠤᠨ ᠬᠥᠭᠵᠢᠯᠲᠡ ᠶᠢᠨ ᠵᠠᠷᠴᠢᠮ ᠪᠠ ᠬᠠᠷᠠᠯᠲᠠ ᠶᠢ | ᠳᠠᠷᠤᠶᠢᠬᠠᠨ ᠲᠣᠳᠣᠷᠬᠠᠶᠢᠯᠠᠬᠤ ᠪᠠ ᠲᠦᠭᠡᠮᠡᠯ ᠬᠠᠷᠠᠭᠠᠯᠵᠠᠯᠲᠤ ᠳᠠᠭᠠᠳᠬᠠᠯ ᠤᠨ ᠳᠦᠷᠢᠮ ᠢ ᠲᠡᠭᠦᠯᠳᠡᠷᠵᠢᠭᠦᠯᠬᠦ ᠠᠯᠢ ᠣᠯᠠᠨ | ᠪᠣᠳᠠᠲᠠᠢ ᠠᠷᠭ᠎ᠠ ᠬᠡᠮᠵᠢᠶ᠎ᠡ ᠠᠪᠬᠤ ᠨᠢ ᠲᠤᠶᠢᠯ ᠤᠨ ᠴᠢᠬᠤᠯᠠᠲᠠᠢ ᠶᠤᠮ᠃︾ ᠮᠥᠩᠭᠦᠨ ᠭᠦᠢᠯᠭᠡᠭᠡᠨ ᠤ ᠲᠡᠷᠢᠭᠦᠨ | ᠰᠤᠳᠤᠯᠤᠭᠴᠢ ᠳ᠋ᠦᠩ ᠰᠢ ᠮᠢᠶᠣᠣ ᠲᠤᠰ ᠰᠣᠨᠢᠨ ᠤ ᠰᠤᠷᠪᠤᠯᠵᠢᠯᠠᠭᠴᠢ ᠳᠤ ᠬᠡᠯᠡᠬᠦ ᠳᠤ ᠪᠠᠨ᠂ ᠪᠣᠳᠠᠲᠠᠢ ᠠᠷᠭ᠎ᠠ | ᠬᠡᠮᠵᠢᠶ᠎ᠡ ᠠᠴᠠ ᠦᠵᠡᠪᠡᠯ᠂ ︽ᠰᠠᠨᠠᠯ︾ ᠨᠢ ᠳᠠᠭᠠᠳᠬᠠᠯ ᠤᠨ ᠦᠢᠯᠡᠳᠬᠦᠨ ᠤ ᠪᠠᠷᠢᠮᠵᠢᠶᠠᠵᠢᠭᠤᠯᠤᠯᠲᠠ ᠶᠢ ᠠᠬᠢᠭᠤᠯᠵᠤ᠂ ᠠᠵᠤ | ᠠᠬᠤᠢ ᠶᠢᠨ ᠴᠢᠨᠠᠷ ᠰᠠᠶᠢᠲᠠᠢ ᠬᠥᠭᠵᠢᠯᠲᠡ ᠳᠤ ᠨᠡᠩ ᠰᠠᠶᠢᠨ ᠦᠢᠯᠡᠴᠢᠯᠡᠬᠦ ᠳᠤ ᠠᠰᠢᠭᠲᠠᠢ ᠭᠡᠵᠡᠢ᠃ | ᠳᠠᠭᠠᠳᠬᠠᠯ ᠤᠨ ᠦᠢᠯᠡᠴᠢᠯᠡᠭᠡᠨ ᠤ ᠶᠠᠰᠤ ᠴᠢᠨᠠᠷ ᠢ ᠯᠠᠪᠳᠠᠭᠤᠨ ᠪᠠᠲᠤᠲᠠᠢ ᠳᠡᠭᠡᠭᠰᠢᠯᠡᠭᠦᠯᠦᠨ᠎ᠡ | ᠢᠷᠡᠭᠡᠳᠦᠢ ᠶᠢᠨ ᠲᠠᠪᠤᠨ ᠵᠢᠯ ᠳᠤ᠂ ᠴᠢᠨᠠᠷ ᠰᠠᠶᠢᠲᠠᠢ ᠲᠦᠭᠡᠮᠡᠯ ᠬᠠᠷᠠᠭᠠᠯᠵᠠᠯᠲᠤ ᠳᠠᠭᠠᠳᠬᠠᠯ ᠤᠨ ᠬᠥᠭᠵᠢᠯᠲᠡ ᠶᠢᠨ | ᠰᠢᠰᠲ᠋ᠧᠮ ᠢ ᠦᠨᠳᠦᠰᠦᠨ ᠳᠤ ᠪᠠᠨ ᠪᠠᠶᠢᠭᠤᠯᠤᠨ᠎ᠠ᠃ ᠡᠨᠡ ᠪᠣᠯ ︽ᠰᠠᠨᠠᠯ︾ ᠤᠨ ᠲᠦᠭᠡᠮᠡᠯ ᠬᠠᠷᠠᠭᠠᠯᠵᠠᠯᠲᠤ ᠳᠠᠭᠠᠳᠬᠠᠯ ᠤᠨ | ᠬᠥᠭᠵᠢᠯᠲᠡ ᠳᠤ ᠳᠤᠷᠠᠳᠤᠭᠰᠠᠨ ᠲᠣᠳᠣᠷᠬᠠᠢ ᠬᠠᠷᠠᠯᠲᠠ ᠮᠥᠨ᠃ ᠤᠯᠤᠰ ᠤᠨ ᠮᠥᠩᠭᠦᠨ ᠭᠦᠢᠯᠭᠡᠭᠡᠨ ᠤ ᠬᠢᠨᠠᠯᠲᠠ | ᠬᠠᠮᠢᠶᠠᠷᠤᠯᠲᠠ ᠶᠢᠨ ᠶᠡᠷᠦᠩᠬᠡᠢ ᠲᠣᠪᠴᠢᠶᠠᠨ ᠤ ᠬᠠᠮᠢᠶ᠎ᠠ ᠪᠦᠬᠦᠢ ᠬᠠᠷᠢᠭᠤᠴᠠᠯᠭᠠᠲᠠᠨ ᠬᠡᠯᠡᠬᠦ ᠳᠤ ᠪᠠᠨ᠂ ᠳᠠᠭᠠᠳᠬᠠᠯ ᠤᠨ | ᠺᠣᠮᠫᠠᠨᠢ ᠠᠷᠠᠳ ᠤᠨ ᠠᠮᠢᠳᠤᠷᠠᠯ ᠢ ᠪᠠᠲᠤᠯᠠᠬᠤ᠂ ᠨᠡᠶᠢᠭᠡᠮ ᠳᠤ ᠦᠢᠯᠡᠴᠢᠯᠡᠬᠦ ᠡᠭᠦᠷᠭᠡ ᠬᠠᠷᠢᠭᠤᠴᠠᠯᠭ᠎ᠠ ᠪᠠᠨ | ᠰᠠᠨᠠᠭᠠᠴᠢᠯᠠᠭ᠎ᠠ ᠠᠴᠠ ᠪᠠᠨ ᠡᠭᠦᠷᠭᠡᠯᠡᠵᠦ᠂ ᠲᠣᠰ ᠪᠡᠶ᠎ᠡ ᠶᠢᠨ ᠡᠵᠡᠩᠨᠡᠯᠲᠡ ᠶᠢᠨ ᠣᠨᠴᠠᠯᠢᠭ ᠪᠠ ᠳᠠᠪᠠᠭᠤᠯᠢᠭ ᠲᠤ ᠪᠠᠨ | ᠰᠠᠭᠤᠷᠢᠯᠠᠨ᠂ ᠲᠦᠭᠡᠮᠡᠯ ᠬᠠᠷᠠᠭᠠᠯᠵᠠᠯᠲᠤ ᠳᠠᠭᠠᠳᠬᠠᠯ ᠤᠨ ᠬᠥᠭᠵᠢᠯᠲᠡ ᠳᠤ ᠢᠳᠡᠪᠬᠢᠲᠡᠢ ᠣᠷᠣᠯᠴᠠᠬᠤ ᠪᠠ ᠠᠬᠢᠭᠤᠯᠬᠤ | ᠬᠡᠷᠡᠭᠲᠡᠢ ᠭᠡᠵᠡᠢ᠃ | ᠡᠮᠦᠨᠡᠬᠡᠨ᠂ ᠳᠤᠮᠳᠠᠳᠤ ᠤᠯᠤᠰ ᠤᠨ ᠠᠮᠢ ᠨᠠᠰᠤᠨ ᠤ ᠳᠠᠭᠠᠳᠬᠠᠯ ᠤᠨ ᠪᠦᠯᠦᠭᠯᠡᠯ ᠶᠡᠷᠦᠩᠬᠡᠢ ᠬᠡᠪᠴᠢᠶ᠎ᠡ ᠨᠢ 100 | ᠳ᠋ᠦᠩᠰᠢᠭᠤᠷ ᠲᠥᠭᠦᠷᠢᠭ ᠤᠨ᠂ ᠠᠩᠬᠠᠨ ᠤ ᠬᠤᠭᠤᠴᠠᠭ᠎ᠠ ᠳᠤ 50 ᠳ᠋ᠦᠩᠰᠢᠭᠤᠷ ᠲᠥᠭᠦᠷᠢᠭ ᠤᠨ ᠬᠡᠪᠴᠢᠶ᠎ᠡ ᠲᠠᠢ | ᠪᠤᠭᠤᠷᠤᠯᠴᠤᠳ ᠤᠨ ᠠᠵᠤ ᠠᠬᠤᠢ ᠶᠢᠨ ᠠᠵᠤ ᠦᠢᠯᠡᠰ ᠤᠨ ᠪᠡᠯᠡ ᠣᠷᠣᠭᠤᠯᠤᠯᠲᠠ ᠶᠢᠨ ᠰᠠᠭᠤᠷᠢ ᠮᠥᠩᠭᠦ ᠶᠢ ᠡᠬᠢᠯᠡᠨ | ᠪᠠᠶᠢᠭᠤᠯᠵᠠᠢ᠂ ᠡᠨᠡ ᠨᠢ ᠨᠠᠰᠤᠲᠠᠶᠢᠴᠤᠳ ᠲᠤ ᠦᠢᠯᠡᠴᠢᠯᠡᠬᠦ ᠴᠢᠳᠠᠪᠤᠷᠢ ᠪᠠᠨ ᠳᠡᠭᠡᠭᠰᠢᠯᠡᠭᠦᠯᠬᠦ ᠶᠢᠨ ᠲᠥᠯᠥᠭᠡ ᠶᠤᠮ᠃ | 2023 ᠣᠨ ᠤ ᠡᠴᠦᠰ ᠪᠣᠯᠲᠠᠯ᠎ᠠ᠂ ᠳᠤᠮᠳᠠᠳᠤ ᠤᠯᠤᠰ ᠤᠨ ᠠᠮᠢ ᠨᠠᠰᠤᠨ ᠤ ᠳᠠᠭᠠᠳᠬᠠᠯ ᠨᠡᠯᠢᠶᠡᠳ ᠴᠢᠩᠭ᠎ᠠ ᠨᠠᠰᠤᠵᠢᠯ ᠤᠨ | ᠠᠰᠠᠷᠠᠮᠵᠢ ᠶᠢᠨ ᠰᠢᠨᠵᠢ ᠴᠢᠨᠠᠷ ᠲᠠᠢ ᠳᠠᠭᠠᠳᠬᠠᠯ ᠤᠨ ᠲᠤᠬᠠᠶᠢᠯᠠᠭᠰᠠᠨ ᠠᠵᠢᠯ ᠤᠨ ᠬᠤᠷᠠᠮᠳᠤᠭᠤᠯᠭ᠎ᠠ ᠶᠢᠨ ᠪᠡᠯᠡᠳᠬᠡᠯ ᠮᠥᠩᠭᠦ | 1.8 ᠲᠦᠮᠡᠨ ᠳ᠋ᠦᠩᠰᠢᠭᠤᠷ ᠲᠥᠭᠦᠷᠢᠭ ᠲᠤ ᠬᠦᠷᠴᠦ᠂ 2023 ᠣᠨ ᠳᠤ ᠨᠠᠰᠤᠲᠠᠶᠢᠴᠤᠳ ᠵᠡᠷᠭᠡ ᠬᠥᠮᠥᠰ ᠤᠨ | ᠳᠠᠭᠠᠳᠬᠠᠯ ᠢ ᠳᠠᠭᠠᠭᠠᠭᠰᠠᠨ ᠲᠤᠭ᠎ᠠ 1.6 ᠳ᠋ᠦᠩᠰᠢᠭᠤᠷ ᠬᠥᠮᠥᠨ ᠤᠳᠠᠭ᠎ᠠ ᠳᠤ ᠬᠦᠷᠪᠡ᠃ ︽ᠪᠢᠳᠡ ᠦᠷᠭᠦᠯᠵᠢᠯᠡᠨ ᠨᠡᠩ | ᠥᠨᠳᠥᠷ ᠦᠷ᠎ᠡ ᠪᠦᠲᠦᠮᠵᠢ ᠲᠠᠢ᠂ ᠨᠡᠩ ᠳᠣᠣᠷ᠎ᠠ ᠥᠪᠡᠷ ᠤᠨ ᠦᠷᠳᠡᠭ ᠲᠠᠢ᠂ ᠨᠡᠩ ᠪᠦᠲᠦᠮᠵᠢᠲᠡᠢ ᠲᠦᠭᠰᠢᠭᠦᠷᠢ ᠶᠢ | ᠰᠡᠷᠭᠡᠶᠢᠯᠡᠬᠦ ᠪᠠᠷ ᠠᠵᠤ ᠠᠬᠤᠢ ᠨᠡᠶᠢᠭᠡᠮ ᠤᠨ ᠬᠥᠭᠵᠢᠯᠲᠡ ᠳᠤ ᠮᠥᠩᠭᠦᠨ ᠭᠦᠢᠯᠭᠡᠭᠡᠨ ᠤ ᠠᠮᠢᠳᠤ ᠬᠦᠴᠦᠨ ᠨᠡᠮᠡᠷᠢᠯᠡᠵᠦ᠂ | ᠨᠡᠩ ᠤᠯᠠᠨ ᠪᠥᠭᠡᠳ ᠠᠮᠤᠷ ᠲᠦᠪᠰᠢᠨ ᠴᠢᠨᠠᠷᠲᠠᠢ᠂ ᠠᠰᠢᠭ ᠣᠯᠵᠠᠪᠤᠷᠢ ᠶᠢᠨ ᠴᠢᠨᠠᠷᠲᠠᠢ᠂ ᠭᠦᠢᠯᠭᠡᠭᠡᠨ ᠤ ᠴᠢᠨᠠᠷᠲᠠᠢ ᠲᠦᠭᠡᠮᠡᠯ | ᠬᠠᠷᠠᠭᠠᠯᠵᠠᠯᠲᠤ ᠮᠥᠩᠭᠦᠨ ᠭᠦᠢᠯᠭᠡᠭᠡᠨ ᠤ ᠳᠠᠭᠠᠳᠬᠠᠯ ᠤᠨ ᠦᠢᠯᠡᠳᠬᠦᠨ ᠢ ᠡᠭᠡᠯ ᠠᠷᠠᠳ ᠤᠨ ᠭᠡᠷ ᠲᠤ ᠣᠷᠣᠭᠤᠯᠤᠨ᠎ᠠ︾ | ᠭᠡᠵᠦ ᠳᠤᠮᠳᠠᠳᠤ ᠤᠯᠤᠰ ᠤᠨ ᠠᠮᠢ ᠨᠠᠰᠤᠨ ᠤ ᠳᠠᠭᠠᠳᠬᠠᠯ ᠤᠨ ᠪᠦᠯᠦᠭᠯᠡᠯ ᠤᠨ ᠬᠡᠷᠡᠭ ᠮᠡᠳᠡᠭᠴᠢᠳ ᠤᠨ ᠳᠠᠷᠤᠭ᠎ᠠ ᠪᠠᠢ ᠲᠣᠤ | ᠬᠡᠯᠡᠪᠡ᠃ | ᠣᠶᠢᠷ᠎ᠠ ᠳᠤ᠂ ᠳᠤᠮᠳᠠᠳᠤ ᠤᠯᠤᠰ ᠤᠨ ᠲᠠᠢ ᠫᠢᠩ ᠶᠠᠩ ᠳᠠᠭᠠᠳᠬᠠᠯ ᠨᠢ ᠱᠠᠩᠬᠠᠢ ᠬᠤᠲᠠ ᠶᠢᠨ ᠠᠵᠢᠯᠴᠢᠨ ᠤ | ᠶᠡᠷᠦᠩᠬᠡᠢ ᠡᠪᠯᠡᠯ ᠵᠡᠷᠭᠡ ᠨᠢᠭᠡᠴᠢ ᠨᠦᠭᠦᠳ ᠲᠠᠢ ᠬᠠᠮᠲᠤᠷᠠᠨ ᠠᠩᠬᠠᠳᠠᠭᠴᠢ ᠪᠦᠯᠦᠭ 642 ᠲᠣᠮᠣ ᠤᠯᠤᠰ ᠤᠨ ᠳᠠᠷᠬᠠᠨ᠂ | ᠱᠠᠩᠬᠠᠢ ᠶᠢᠨ ᠤᠷᠠᠨ ᠳᠠᠷᠬᠠᠨ ᠤ ᠬᠢᠨ ᠳᠤ ︽ᠱᠠᠩᠬᠠᠢ ᠶᠢᠨ ᠭᠡᠷ ᠪᠦᠯᠢ ᠶᠢᠨ ᠳᠠᠭᠠᠳᠬᠠᠯ︾ ᠤᠨ ᠬᠠᠭᠤᠳᠠᠰᠤ ᠶᠢ ᠪᠡᠯᠡᠭᠯᠡᠪᠡ᠃ | ᠲᠠᠨᠢᠯᠴᠠᠭᠤᠯᠤᠭᠰᠠᠨ ᠢᠶᠠᠷ᠂ ︽ᠱᠠᠩᠬᠠᠢ ᠶᠢᠨ ᠭᠡᠷ ᠪᠦᠯᠢ ᠶᠢᠨ ᠳᠠᠭᠠᠳᠬᠠᠯ︾ ᠪᠣᠯ ᠱᠠᠩᠬᠠᠢ ᠬᠤᠲᠠ ᠶᠢᠨ ᠠᠷᠠᠳ ᠲᠤ | ᠲᠤᠰᠬᠠᠶᠢᠯᠠᠨ ᠲᠣᠭᠲᠠᠭᠠᠭᠰᠠᠨ ᠠᠩᠬᠠᠳᠠᠭᠴᠢ ᠬᠤᠲᠠ ᠶᠢᠨ ᠲᠦᠭᠡᠮᠡᠯ ᠬᠠᠷᠠᠭᠠᠯᠵᠠᠯᠲᠤ ᠬᠡᠯᠪᠡᠷᠢ ᠶᠢᠨ ᠭᠡᠷ ᠪᠦᠯᠢ ᠶᠢᠨ | ᠶᠡᠷᠦᠩᠬᠡᠶᠢᠯᠡᠭᠰᠡᠨ ᠳᠠᠭᠠᠳᠬᠠᠯ ᠮᠥᠨ᠂ ︽ᠳᠠᠭᠠᠳᠬᠠᠯ+ᠦᠢᠯᠡᠴᠢᠯᠡᠭᠡ︾ ᠶᠢᠨ ᠰᠢᠨ᠎ᠡ ᠶᠢ ᠡᠭᠦᠳᠦᠭᠰᠡᠨ ᠬᠠᠶᠢᠨ | ᠰᠦᠪᠡᠭᠴᠢᠯᠡᠯᠲᠡ ᠮᠥᠨ᠂ ᠳᠠᠭᠠᠳᠬᠠᠯ ᠤᠨ ᠬᠠᠭᠤᠳᠠᠰᠤ ᠨᠢᠭᠡᠪᠦᠷᠢ ᠶᠢᠨ ᠶᠡᠷᠦᠩᠬᠡᠢ ᠳᠠᠭᠠᠳᠬᠠᠯ ᠤᠨ ᠲᠤᠭ᠎ᠠ ᠨᠢ 230 | ᠲᠦᠮᠡᠨ ᠲᠥᠭᠦᠷᠢᠭ ᠲᠤ ᠬᠦᠷᠴᠡᠢ᠃ ᠡᠭᠦᠨ ᠠᠴᠠ ᠭᠠᠳᠠᠨ᠎ᠠ᠂ ︽ᠱᠠᠩᠬᠠᠢ ᠶᠢᠨ ᠭᠡᠷ ᠪᠦᠯᠢ ᠶᠢᠨ ᠳᠠᠭᠠᠳᠬᠠᠯ︾ ᠨᠢ ᠪᠠᠰᠠ | ᠬᠤᠲᠠ ᠶᠢᠨ ᠠᠷᠠᠳ ᠲᠤ ᠬᠠᠤᠯᠢ ᠴᠠᠭᠠᠵᠠ ᠶᠢᠨ ᠯᠠᠪᠯᠠᠭ᠎ᠠ᠂ ᠭᠡᠷ ᠤᠨ ᠴᠠᠬᠢᠯᠭᠠᠨ ᠬᠡᠷᠡᠭᠰᠡᠯ ᠢ ᠤᠬᠢᠶᠠᠵᠤ ᠴᠡᠪᠡᠷᠯᠡᠬᠦ ᠵᠡᠷᠭᠡ | ᠠᠮᠢᠳᠤᠷᠠᠯ ᠤᠨ ᠦᠢᠯᠡᠴᠢᠯᠡᠭᠡ ᠬᠠᠩᠭᠠᠪᠠ᠃ | ︽ᠳᠠᠷᠠᠭᠠᠴᠢ ᠪᠠᠷ᠂ ᠳᠠᠭᠠᠳᠬᠠᠯ ᠤᠨ ᠦᠢᠯᠡᠰ ︿ᠰᠠᠨᠠᠯ﹀ ᠢ ᠨᠡᠶᠢᠲᠡᠯᠡᠬᠦ ᠪᠠᠷ ᠠᠵᠠ ᠲᠣᠬᠢᠶᠠᠯ ᠪᠣᠯᠭᠠᠵᠤ᠂ ᠨᠠᠩ | ᠣᠯᠠᠨ ᠪᠠᠷᠢᠮᠵᠢᠶᠠᠵᠢᠭᠤᠯᠤᠭᠰᠠᠨ᠂ ᠲᠦᠭᠡᠮᠡᠯ ᠬᠠᠷᠠᠭᠠᠯᠵᠠᠯᠲᠤ ᠳᠠᠭᠠᠳᠬᠠᠯ ᠤᠨ ᠦᠢᠯᠡᠳᠬᠦᠨ ᠪᠠ ᠦᠢᠯᠡᠴᠢᠯᠡᠭᠡ ᠶᠢ | ᠰᠢᠨ᠎ᠡ ᠪᠠᠷ ᠡᠭᠦᠳᠦᠨ ᠭᠠᠷᠭᠠᠬᠤ ᠶᠢᠨ ᠬᠠᠮᠲᠤ ᠮᠥᠩᠭᠦᠨ ᠭᠦᠢᠯᠭᠡᠭᠡᠨ ᠤ ᠰᠢᠨᠵᠢᠯᠡᠬᠦ ᠤᠬᠠᠭᠠᠨ ᠮᠡᠷᠭᠡᠵᠢᠯ ᠢ ᠭᠦᠢᠴᠡᠳ | ᠬᠡᠷᠡᠭᠯᠡᠨ ᠲᠦᠭᠡᠮᠡᠯ ᠬᠠᠷᠠᠭᠠᠯᠵᠠᠯᠲᠤ ᠳᠠᠭᠠᠳᠬᠠᠯ ᠤᠨ ᠦᠢᠯᠡᠴᠢᠯᠡᠭᠡᠨ ᠤ ᠲᠣᠭᠠᠴᠢᠯᠠᠯᠲᠠ᠂ ᠣᠶᠤᠨᠴᠢᠯᠠᠯᠲᠠ ᠶᠢᠨ ᠲᠦᠪᠰᠢᠨ ᠢ | ᠳᠡᠭᠡᠭᠰᠢᠯᠡᠭᠦᠯᠦᠨ᠎ᠡ᠃ ᠡᠨᠡ ᠬᠦ ᠶᠠᠪᠤᠴᠠ ᠳᠤ᠂ ᠳᠠᠭᠠᠳᠬᠠᠯ ᠤᠨ ᠪᠠᠶᠢᠭᠤᠯᠤᠮᠵᠢ ᠪᠠᠰᠠ ᠳᠠᠭᠠᠳᠬᠠᠯ ᠬᠠᠷᠢᠭᠤᠴᠠᠬᠤ᠂ | ᠬᠤᠬᠢᠷᠠᠯ ᠢ ᠬᠢᠨᠠᠬᠤ᠂ ᠲᠥᠯᠥᠬᠦ᠂ ᠪᠠᠶᠢᠴᠠᠭᠠᠨ ᠯᠠᠪᠯᠠᠬᠤ ᠵᠡᠷᠭᠡ ᠦᠢᠯᠡᠴᠢᠯᠡᠭᠡᠨ ᠤ ᠳᠥᠭᠦᠮᠴᠢᠯᠡᠯᠲᠡ ᠶᠢᠨ ᠬᠡᠮᠵᠢᠶ᠎ᠡ ᠶᠢ | ᠦᠷᠭᠦᠯᠵᠢᠯᠡᠨ ᠴᠢᠷᠮᠠᠶᠢᠨ ᠳᠡᠭᠡᠭᠰᠢᠯᠡᠭᠦᠯᠵᠦ᠂ ︿ᠲᠥᠯᠥᠪᠡᠰᠦ ᠵᠣᠬᠢᠬᠤ ᠶᠢ ᠨᠢ ᠪᠦᠬᠦᠨ ᠢ ᠲᠥᠯᠥᠵᠦ᠂ ᠲᠥᠯᠥᠵᠦ ᠳᠡᠶᠢᠯᠬᠦ ᠶᠢ | ᠨᠢ ᠲᠦᠷᠭᠡᠨ ᠲᠥᠯᠥᠬᠦ﹀ ᠶᠢ ᠪᠡᠶᠡᠯᠡᠭᠦᠯᠵᠦ᠂ ᠬᠡᠷᠡᠭᠯᠡᠭᠴᠢᠳ ᠤᠨ ᠬᠠᠤᠯᠢ ᠶᠣᠰᠣᠨ ᠤ ᠡᠷᠬᠡ ᠠᠰᠢᠭ ᠢ ᠦᠨᠡᠨ ᠬᠦ ᠰᠠᠶᠢᠲᠤᠷ | ᠬᠠᠮᠠᠭᠠᠯᠠᠨ᠎ᠠ︾ ᠭᠡᠵᠦ ᠳ᠋ᠦᠩ ᠰᠢ ᠮᠢᠶᠣᠣ ᠬᠡᠯᠡᠪᠡ᠃ |