︽ᠤᠮᠠᠷᠠᠲᠤ ᠬᠢᠯᠢ ᠪᠠᠨ ᠤᠷᠠᠯᠠᠬᠤᠢ ᠵᠢᠷᠤᠭ ᠦᠭᠡ︾ ᠬᠡᠬᠦ ᠪᠠ᠊ · ᠪᠢᠯᠢᠭ ᠤᠨ ᠤᠷᠠᠨ ᠵᠢᠷᠤᠭ ᠤᠨ ᠠᠵᠢᠯᠯᠠᠬᠤ ᠦᠷᠦᠭᠡ ᠶᠢᠨ ᠪᠦᠲᠦᠭᠡᠯ ᠤᠨ ᠦᠵᠡᠰᠬᠦᠯᠡᠩ ᠶᠠᠪᠤᠭᠳᠠᠯ᠎ᠠ
ᠨᠡᠶᠢᠲᠡᠯᠡᠭᠰᠡᠨ ᠴᠠᠭ᠄
2024/6/18
     ᠲᠤᠰ ᠰᠤᠨᠢᠨ ᠤ ᠮᠡᠳᠡᠭᠡ ︵ᠰᠤᠷᠪᠤᠯᠵᠢᠯᠠᠭᠴᠢ ᠰᠤᠳᠦᠪᠢᠯᠢᠭ ᠳᠠᠳᠤᠯᠭ᠎ᠠ ᠵᠢᠨ‌‍ᠰᠤᠷᠪᠤᠯᠵᠢᠯᠠᠭᠴᠢ ᠦᠨᠢ︶ 6 ᠰᠠᠷ᠎ᠠ ᠶᠢᠨ 5 ᠤ ᠡᠳᠦᠷ᠂ ᠳᠠᠪᠢᠨ ᠭᠤᠷᠪᠠᠳᠡᠬᠢ ᠳᠡᠯᠡᠬᠡᠢ ᠶᠢᠨ ᠤᠷᠴᠢᠨ ᠲᠤᠭᠤᠷᠢᠨ ᠤ ᠡᠳᠦᠷ ᠬᠦᠷᠴᠦ ᠢᠷᠡᠬᠦ ᠲᠠᠰᠢᠷᠠᠮ ᠢᠶᠠᠷ᠂ ︽ᠤᠮᠠᠷᠠᠲᠤ ᠬᠢᠯᠢ ᠪᠠᠨ ᠤᠷᠠᠯᠠᠬᠤᠢ ᠵᠢᠷᠤᠭ ᠦᠭᠡ︾ ᠭᠡᠬᠦ ᠪᠠ᠊ · ᠪᠢᠯᠢᠭ ᠤᠨ ᠤᠷᠠᠨ ᠵᠢᠷᠤᠭ ᠤᠨ ᠠᠵᠢᠯᠯᠠᠬᠤ ᠦᠷᠦᠭᠡ ᠶᠢᠨ ᠪᠦᠲᠦᠭᠡᠯ ᠤᠨ ᠦᠵᠡᠰᠬᠦᠯᠡᠩ ᠰᠢᠯᠢ ᠶᠢᠨ ᠬᠤᠲᠠ ᠳᠤ ᠶᠠᠪᠤᠭᠳᠠᠪᠠ᠃      ᠲᠤᠰ ᠤᠳᠠᠭᠠᠨ ᠤ ᠦᠵᠡᠰᠬᠦᠯᠡᠩ ᠢ ᠳᠤᠮᠳᠠᠳᠤ ᠤᠯᠤᠰ ᠤᠨ ᠤᠷᠠᠨ ᠵᠢᠷᠤᠭᠴᠢᠳ ᠤᠨ ᠨᠡᠶᠢᠭᠡᠮᠯᠢᠭ ᠤᠨ ᠱᠤᠭ ᠵᠢᠷᠤᠭ ᠤᠨ ᠤᠷᠠᠯᠢᠭ ᠤᠨ ᠵᠦᠪᠯᠡᠯ ᠠᠴᠠ ᠵᠢᠯᠤᠭᠤᠳᠤᠨ᠂ ᠥᠪᠥᠷ ᠮᠣᠩᠭᠤᠯ ᠤᠨ ᠤᠳᠬ᠎ᠠ ᠤᠷᠠᠯᠢᠭ ᠤᠨ ᠰᠢᠭᠦᠮᠵᠢᠯᠡᠭᠴᠢ ᠶᠢᠨ ᠨᠡᠶᠢᠭᠡᠮᠯᠢᠭ ᠠᠴᠠ ᠭᠤᠤᠯᠯᠠᠨ ᠡᠷᠬᠢᠯᠡᠵᠦ᠂ ᠰᠢᠯᠢ ᠶᠢᠨ ᠭᠤᠣᠯ ᠠᠶᠢᠮᠠᠭ ᠤᠨ ᠤᠳᠬ᠎ᠠ ᠤᠷᠠᠯᠢᠭ ᠤᠨ ᠬᠢᠨ ᠤ ᠬᠤᠯᠪᠣᠭ᠎ᠠ᠂ ᠰᠢᠯᠢ ᠶᠢᠨ ᠭᠤᠣᠯ ᠠᠶᠢᠮᠠᠭ ᠤᠨ ᠠᠮᠢ ᠠᠬᠤᠢ ᠣᠷᠴᠢᠨ ᠲᠣᠭᠤᠷᠢᠨ ᠤ ᠲᠣᠪᠴᠢᠶ᠎ᠠ᠂ ᠰᠢᠯᠢ ᠶᠢᠨ ᠭᠤᠣᠯ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ᠂ ᠥᠪᠥᠷ ᠮᠣᠩᠭᠤᠯ ᠤᠨ ᠤᠷᠠᠨ ᠵᠢᠷᠤᠭᠴᠢᠳ ᠤᠨ ᠨᠡᠶᠢᠭᠡᠮᠯᠢᠭ ᠤᠨ ᠱᠤᠭ ᠵᠢᠷᠤᠭ ᠤᠨ ᠤᠷᠠᠯᠢᠭ ᠤᠨ ᠵᠥᠪᠯᠡᠯ ᠠᠴᠠ ᠳᠠᠭᠠᠭᠠᠴᠢᠯᠠᠨ ᠡᠷᠬᠢᠯᠡᠪᠡ᠃ ᠲᠤᠰ ᠤᠳᠠᠭᠠᠨ ᠤ ᠦᠵᠡᠰᠬᠦᠯᠡᠩ ᠳᠤ ︽ᠪᠠ᠊ · ᠪᠢᠯᠢᠭ ᠤᠨ ᠤᠷᠠᠨ ᠵᠢᠷᠤᠭ ᠤᠨ ᠠᠵᠢᠯᠯᠠᠬᠤ ᠦᠷᠦᠭᠡ︾ ᠶᠢᠨ ᠦᠷ᠎ᠡ ᠪᠦᠲᠦᠭᠡᠯ ᠢ ᠤᠯᠠᠨ ᠳᠤ ᠳᠡᠯᠭᠡᠨ ᠦᠵᠡᠭᠦᠯᠵᠦ᠂ ᠪᠠ᠊ · ᠪᠢᠯᠢᠭ ᠤᠨ ᠤᠷᠠᠨ ᠪᠦᠲᠦᠭᠡᠯ ᠢ ᠰᠤᠳᠤᠯᠤᠨ ᠶᠠᠷᠢᠯᠴᠠᠬᠤ ᠬᠤᠷᠠᠯ ᠪᠣᠯᠤᠨ ᠤᠮᠠᠷᠠᠲᠤ ᠬᠢᠯᠢ ᠶᠢᠨ ᠤᠳᠬ᠎ᠠ ᠤᠷᠠᠯᠢᠭ ᠤᠨ ᠬᠢᠴᠢᠶᠠᠯ ᠤᠨ ᠲᠢᠩᠬᠢᠮ ᠢᠶᠠᠷ ᠭᠤᠣᠯ ᠠᠭᠤᠯᠭ᠎ᠠ ᠪᠣᠯᠭᠠᠭᠰᠠᠨ ᠪᠠ᠊ · ᠪᠢᠯᠢᠭ ᠤᠨ ᠤᠷᠠᠨ ᠪᠦᠲᠦᠭᠡᠯ ᠢ ᠰᠤᠳᠤᠯᠤᠨ ᠶᠠᠷᠢᠯᠴᠠᠬᠤ ᠬᠤᠷᠠᠯ ᠵᠡᠷᠭᠡ ᠰᠢᠷᠢᠰ ᠠᠵᠢᠯᠯᠠᠭ᠎ᠠ ᠶᠢ ᠰᠢᠯᠢ ᠶᠢᠨ ᠬᠤᠲᠠ ᠳᠤ ᠠᠮᠵᠢᠯᠲᠠ ᠲᠠᠢ ᠡᠷᠬᠢᠯᠡᠪᠡ᠃ ᠲᠤᠰ ᠤᠳᠠᠭᠠᠨ ᠤ ᠪᠦᠲᠦᠭᠡᠯ ᠤᠨ ᠦᠵᠡᠬᠦᠯᠭᠡ ᠶᠢᠨ ᠭᠠᠵᠠᠷ ᠨᠢ ᠰᠢᠯᠢ ᠶᠢᠨ ᠭᠤᠤᠯ ᠠᠵᠢᠯ ᠮᠡᠷᠭᠡᠵᠢᠯ ᠤᠨ ᠲᠡᠭᠡᠲᠦ ᠰᠤᠷᠭᠠᠭᠤᠯᠢ ᠶᠢᠨ ᠲᠠᠮᠢᠷ ᠤᠨ ᠤᠷᠳᠤᠨ ᠤ ᠵᠡᠬᠦᠨ ᠦᠵᠡᠬᠦᠯᠭᠡ ᠶᠢᠨ ᠲᠢᠩᠬᠢᠮ ᠳᠤ ᠪᠠᠶᠢᠵᠤ᠂ 6 ᠰᠠᠷ᠎ᠠ ᠶᠢᠨ 30 ᠤ ᠡᠲᠦᠷ ᠪᠤᠯᠳᠠᠯ᠎ᠠ ᠦᠷᠬᠦᠯᠵᠢᠯᠠᠵᠤ᠂ ᠡᠨᠡᠬᠦ ᠬᠤᠭᠤᠴᠠᠭᠠᠨ ᠳᠤ ᠰᠠᠭᠤᠭᠠᠯᠢ ᠠᠷᠠᠳ ᠦᠨ᠎ᠠ ᠲᠦᠯᠦᠪᠦᠷᠢ ᠦᠭᠡᠢ ᠪᠠᠷ ᠢᠷᠡᠵᠤ ᠦᠵᠡᠵᠤ ᠪᠤᠯᠤᠨ᠎ᠠ᠃      ᠦᠵᠡᠭᠦᠯᠭᠡ ᠳᠤ᠂ ᠤᠷᠴᠢᠨ ᠠᠬᠤᠢ ᠪᠠᠨ ᠬᠠᠶᠢᠷᠠᠯᠠᠨ ᠬᠠᠮᠠᠭᠠᠯᠠᠬᠤ ᠰᠡᠳᠦᠪ ᠪᠦᠬᠦᠢ ᠰᠢᠯᠢᠳᠡᠭ ᠪᠦᠲᠦᠭᠡᠯ 200 ᠬᠤᠪᠢ ᠶᠢ ᠳᠡᠯᠭᠡᠨ ᠦᠵᠡᠭᠦᠯᠵᠦ᠂ ᠡᠭᠦᠨ ᠤ ᠳᠤᠮᠳᠠ ᠪᠠ᠊ · ᠪᠢᠯᠢᠭ ᠤᠨ ᠪᠦᠲᠦᠭᠡᠯ 100 ᠬᠤᠪᠢ ᠪᠠᠶᠢᠵᠤ᠂ ᠡᠳᠡᠭᠡᠷ 100 ᠪᠦᠲᠦᠭᠡᠯ ᠳᠤ ᠲᠡᠭᠦᠨ ᠤ ᠳᠡᠯᠡᠬᠡᠢ ᠶᠢᠨ ᠲᠠᠪᠴᠠᠩ ᠳᠤ ᠤᠯᠠᠨᠲᠠ ᠱᠠᠩᠨᠠᠯ ᠬᠦᠷᠲᠡᠭᠰᠡᠨ ᠪᠦᠲᠦᠭᠡᠯ ᠨᠢ ᠪᠠᠶᠢᠬᠤ ᠪᠠᠷ ᠪᠠᠷᠠᠬᠤ ᠦᠭᠡᠢ᠂ ᠤᠶᠢᠷ᠎ᠠ ᠶᠢᠨ ᠬᠤᠶᠠᠷ ᠵᠢᠯ ᠳᠤ ᠰᠢᠨ᠎ᠡ ᠪᠠᠷ ᠵᠢᠷᠤᠭᠰᠠᠨ ᠪᠦᠲᠦᠭᠡᠯ ᠨᠢ ᠴᠦ ᠪᠠᠶᠢᠨ᠎ᠠ᠃ ᠪᠠ᠊ · ᠪᠢᠯᠢᠭ᠄ ︽ᠳᠡᠯᠡᠬᠡᠢ ᠢᠢᠨ ᠤᠷᠴᠢᠨ ᠲᠤᠭᠤᠷᠢᠨ ᠤ ᠡᠳᠦᠷ ᠪᠤᠯᠬᠤ ᠲᠠᠰᠢᠷᠠᠮ ᠢᠶᠠᠷ ᠡᠨᠡᠬᠦ ᠳᠡᠯᠭᠡᠨ ᠦᠵᠡᠭᠦᠯᠭᠡ ᠪᠠᠨ ᠶᠠᠪᠤᠭᠳᠠᠭᠤᠯᠤᠭᠰᠠᠨ ᠨᠢ ᠨᠡᠩ ᠤᠯᠠᠨ ᠬᠦᠮᠦᠨ ᠤ ᠤᠷᠴᠢᠨ ᠲᠤᠭᠤᠷᠢᠨ ᠢᠶᠠᠨ ᠬᠠᠮᠠᠭᠠᠯᠠᠬᠤ ᠦᠵᠡᠯ ᠤᠬᠠᠮᠰᠠᠷ ᠢ ᠨᠢ ᠴᠢᠩᠭᠠᠷᠠᠭᠤᠯᠤᠶ᠎ᠠ ᠭᠡᠰᠡᠨ ᠶᠤᠮ᠂ ᠮᠢᠨᠤ ᠪᠦᠲᠦᠭᠡᠯ ᠳᠤ ᠴᠦ ᠤᠯᠠᠨ ᠤᠯᠠᠨ ᠤᠷᠴᠢᠨ ᠲᠤᠭᠤᠷᠢᠨ᠂ ᠳᠡᠯᠡᠬᠡᠢ ᠡᠵᠢ ᠪᠠᠨ ᠬᠠᠮᠠᠭᠠᠯᠠᠬᠤ  ᠶᠢ ᠤᠷᠢᠶᠠᠯᠠᠭᠰᠠᠨ᠂ ᠰᠡᠷᠡᠮᠵᠢᠯᠡᠭᠦᠯᠦᠭᠰᠡᠨ ᠰᠡᠳᠦᠪ ᠪᠦᠬᠦᠢ ᠪᠦᠲᠦᠭᠡᠯ ᠤᠳ ᠪᠤᠢ᠂ ᠡᠨᠡ ᠲᠤᠬᠠᠢ ᠦᠪᠡᠷ ᠤᠨ ᠢᠢᠡᠨ ᠭᠡᠰᠡᠨ ᠴᠢᠷᠮᠠᠶᠢᠯᠭ᠎ᠠ ᠪᠠᠷ ᠢᠢᠡᠨ ᠳᠠᠮᠵᠢᠵᠦ ᠪᠦᠲᠦᠭᠡᠯ ᠢ ᠮᠠᠨᠢ ᠦᠵᠡᠭᠰᠡᠨ ᠬᠦᠮᠦᠨ ᠳᠤ ᠶᠠᠮᠠᠷ ᠨᠢᠭᠡᠨ ᠵᠦᠢᠯ ᠢ ᠪᠤᠳᠤᠭᠳᠠᠭᠤᠯᠬᠤ ᠶᠢ ᠵᠤᠷᠢᠵᠠᠢ︾ ᠭᠡᠨ᠎ᠡ᠃
 
ᠢᠷᠡᠯᠲᠡ᠄ ᠰᠢᠯᠢ ᠶᠢᠨ ᠭᠤᠤᠯ ᠤᠨ ᠮᠤᠩᠭᠤᠯ ᠰᠤᠨᠢᠨ ᠮᠡᠳᠡᠭᠡᠨ ᠤ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号