ᠠᠷᠠᠳ ᠲᠥᠮᠡᠨ ᠤ ᠠᠮᠢ ᠨᠠᠰᠤ ᠪᠠ ᠡᠳ᠋ ᠬᠥᠷᠥᠩᠭᠡ ᠶᠢᠨ ᠠᠮᠤᠷ ᠲᠥᠪᠰᠢᠨ ᠢ ᠰᠠᠬᠢᠨ ᠬᠠᠮᠠᠭᠠᠯᠠᠨ᠎ᠠ
ᠨᠡᠶᠢᠲᠡᠯᠡᠭᠰᠡᠨ ᠴᠠᠭ᠄
2024/6/18
     — ᠠᠪᠠᠭ᠎ᠠ ᠬᠤᠰᠢᠭᠤᠨ ᠤ ᠭᠠᠯ ᠰᠡᠷᠭᠡᠶᠢᠯᠡᠵᠤ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ ᠶᠢ ᠲᠡᠮᠲᠡᠭᠯᠡᠪᠡ      ᠰᠤᠷᠪᠤᠯᠵᠢᠯᠠᠭᠴᠢ ᠤᠷᠠᠨᠲᠠᠨ᠎ᠠ      ᠠᠪᠠᠭ᠎ᠠ ᠬᠤᠰᠢᠭᠤᠨ ᠤ ᠭᠠᠯ ᠰᠡᠷᠭᠡᠶᠢᠯᠡᠵᠤ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ ᠳᠤ 1 ᠭᠠᠯ ᠰᠡᠷᠭᠡᠶᠢᠯᠡᠵᠤ ᠤᠨᠲᠠᠷᠠᠭᠠᠬᠤ ᠠᠪᠤᠷᠠᠨ ᠲᠤᠰᠠᠯᠠᠬᠤ ᠦᠷᠳᠡᠭᠡ ᠬᠠᠷᠢᠶᠠᠯᠠᠭᠳᠠᠵᠤ᠂ 22 ᠭᠠᠯ ᠤᠨᠲᠠᠷᠠᠭᠠᠬᠤ ᠠᠪᠤᠷᠠᠨ ᠲᠤᠰᠠᠯᠠᠬᠤ ᠠᠵᠢᠯᠲᠠᠨ ᠲᠠᠢ ᠪᠠᠶᠢᠵᠤ᠂ ᠠᠪᠠᠭ᠎ᠠ ᠬᠤᠰᠢᠭᠤᠨ ᠤ 2 ᠲᠥᠮᠡ 7500 ᠬᠠᠪᠲᠠᠭᠠᠢ ᠳᠥᠷᠪᠡᠯᠵᠢᠨ ᠺᠢᠯᠤᠮᠧᠲᠷ‌ᠨᠤᠲᠤᠭ ᠳᠡᠪᠢᠰᠭᠡᠷ᠂ 4.05 ᠲᠦᠮᠡᠨ ᠬᠥᠮᠥᠨ ᠠᠮᠠ ᠶᠢᠨ ᠭᠠᠯ ᠤᠨᠲᠠᠷᠠᠭᠠᠬᠤ ᠠᠮᠤᠷ ᠲᠦᠪᠰᠢᠨ ᠤ ᠬᠠᠮᠠᠭᠠᠯᠠᠯᠲᠠ ᠪᠣᠯᠣᠨ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠬᠤ ᠡᠭᠦᠷᠭᠡ ᠶᠢ ᠡᠭᠦᠷᠭᠡᠯᠡᠵᠦ ᠪᠤᠢ᠃      ᠤᠯᠠᠨ ᠵᠢᠯ ᠤᠨ ᠲᠤᠷᠰᠢ᠂ ᠲᠤᠰ ᠶᠡᠭᠡ ᠠᠩᠭᠢ ᠶᠢᠨ ᠬᠢᠨ ᠪᠠᠴᠢᠮ ᠪᠠᠶᠢᠳᠠᠯ ᠢ ᠠᠷᠭᠠᠴᠠᠭᠠᠵᠥ ᠠᠪᠤᠷᠠᠨ ᠲᠤᠰᠠᠯᠠᠬᠤ ᠡᠵᠢᠯ ᠳᠤ ᠭᠠᠷᠮᠠᠭᠠᠶᠢᠯᠠᠨ ᠬᠠᠷᠠᠮ ᠦᠭᠡᠢ ᠵᠢᠳᠬᠦᠵᠦ᠂ ᠬᠠᠷᠢᠶ᠎ᠠ ᠣᠷᠣᠨ ᠤ ᠪᠠᠨ ᠦᠨᠳᠦᠰᠦᠲᠡᠨ ᠨᠦᠭᠦᠳ ᠤᠨ ᠤᠯᠠᠨ ᠲᠦᠮᠡᠨ ᠤ ᠠᠮᠢ ᠨᠠᠰᠤ ᠪᠣᠯᠣᠨ ᠡᠳ᠋ ᠬᠥᠷᠥᠩᠭᠡ ᠶᠢᠨ ᠠᠮᠤᠷ ᠲᠦᠪᠰᠢᠨ ᠢ ᠰᠠᠬᠢᠨ ᠬᠠᠮᠠᠭᠠᠯᠠᠵᠤ᠂ ︽ᠪᠦᠬᠦ ᠰᠡᠳᠬᠢᠯ ᠪᠦᠬᠦ ᠵᠣᠷᠢᠭ ᠢᠶᠠᠷ ᠠᠷᠠᠳ ᠲᠦᠮᠡᠨ ᠳᠤ ᠦᠢᠯᠡᠴᠢᠯᠡᠬᠦ︾ ᠵᠣᠷᠢᠯᠲᠠ ᠶᠢ ᠦᠢᠯᠡᠳᠦᠯᠭᠡᠵᠢᠭᠦᠯᠵᠦ᠂ ︽ᠨᠠᠮ ᠳᠠᠭᠠᠨ ᠦᠨᠡᠨᠴᠢ ᠰᠢᠳᠤᠷᠭᠤ ᠰᠠᠬᠢᠯᠭ᠎ᠠ ᠪᠠᠲᠤ ᠴᠢᠩᠭ᠎ᠠ᠂ ᠠᠶᠤᠯ ᠲᠦᠭᠰᠢᠭᠦᠷᠢ ᠠᠴᠠ ᠰᠥᠷᠲᠡᠬᠦ ᠦᠭᠡᠢ ᠪᠠᠷ ᠦᠨᠡᠨ ᠰᠡᠳᠬᠢᠯ ᠠᠴᠠ ᠪᠠᠨ ᠠᠷᠠᠳ ᠲᠦᠮᠡᠨ ᠤ ᠲᠥᠯᠥᠭᠡ ᠵᠢᠳᠬᠦᠬᠦ︾ ᠲᠠᠩᠭᠠᠷᠢᠭ ᠢᠶᠠᠨ ᠪᠠᠲᠤ ᠰᠠᠬᠢᠵᠤ ᠢᠷᠡᠵᠠᠢ᠃ ᠶᠡᠭᠡ ᠠᠩᠭᠢ ᠨᠢ ᠤᠷᠢᠳ ᠬᠤᠵᠢᠳ ᠥᠪᠡᠷᠲᠡᠭᠡᠨ ᠵᠠᠰᠠᠬᠤ ᠣᠷᠣᠨ ᠤ ᠲᠠᠰ ᠤᠨ ︽ᠵᠠᠯᠠᠭᠤᠴᠤᠳ ᠪᠠᠭᠠᠴᠤᠳ ᠤᠨ ᠡᠷᠬᠡ ᠠᠰᠢᠭ ᠢ ᠬᠠᠮᠠᠭᠠᠯᠠᠬᠤ ᠠᠵᠢᠯ ᠤᠨ ᠪᠠᠶᠢᠷᠢ︾᠂ ᠠᠶᠢᠮᠠᠭ ᠤᠨ ᠲᠠᠰ ᠤᠨ ︽ᠪᠣᠯᠪᠠᠰᠤᠨ ᠨᠢᠭᠡᠴᠢ︾᠂ ᠠᠶᠢᠮᠠᠭ ᠤᠨ ᠲᠠᠰ ᠤᠨ ︽ᠵᠠᠯᠠᠭᠤᠴᠤᠳ ᠤᠨ ᠪᠣᠯᠪᠠᠰᠤᠨ ᠨᠡᠷᠡᠮᠵᠢᠲᠦ︾᠂ ᠪᠥᠬᠦ ᠬᠤᠰᠢᠭᠤᠨ ᠤ ᠦᠨᠳᠦᠰᠦᠲᠡᠨ ᠤ ᠪᠦᠯᠬᠦᠮᠳᠡᠯ ᠤᠨ ᠲᠡᠷᠢᠭᠦᠨ ᠤ ᠬᠠᠮᠲᠤ᠂ ᠪᠥᠬᠦ ᠬᠤᠰᠢᠭᠤᠨ ᠤ ︽ᠵᠠᠯᠠᠭᠤᠴᠤᠳ ᠤᠨ ᠠᠶᠤᠯᠭᠦᠢ ᠦᠢᠯᠡᠳᠪᠦᠷᠢᠯᠡᠯ ᠤᠨ ᠵᠢᠱᠢᠶ᠎ᠡ ᠦᠵᠡᠭᠦᠯᠬᠦ ᠠᠵᠢᠯ ᠤᠨ ᠪᠠᠶᠢᠷᠢ︾ ᠶᠢᠨ ᠢᠷᠠᠭᠤ ᠠᠯᠳᠠᠷ ᠢ ᠬᠦᠷᠲᠡᠵᠦ ᠦᠡᠭᠭᠡᠷᠡᠪᠡ᠃      ᠲᠤᠰ ᠶᠡᠭᠡ ᠠᠩᠭᠢ ᠶᠢᠨ ︽ᠤᠮᠠᠷᠠᠲᠤ ᠬᠢᠯᠢ ᠶᠢᠨ ᠬᠦᠬᠡ ᠳᠦᠯᠦ︾ ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠭᠢ ᠨᠢ ᠥᠪᠥᠷ ᠮᠣᠩᠭᠤᠯ ᠤᠨ ︽ᠤᠮᠠᠷᠠᠲᠤ ᠬᠢᠯᠢ ᠶᠢᠨ ᠬᠦᠬᠡ ᠳᠦᠯᠦ︾ ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠭᠢ ︵ᠤᠤᠯ ᠨᠡᠷ᠎ᠡ ᠨᠢ ᠥᠪᠥᠷ ᠮᠣᠩᠭᠤᠯ ᠤᠨ ᠭᠠᠯ ᠰᠡᠷᠭᠡᠶᠢᠯᠡᠵᠤ ᠤᠨᠲᠠᠷᠠᠭᠠᠬᠤ ᠠᠪᠤᠷᠠᠨ ᠲᠤᠰᠠᠯᠠᠬᠤ ᠵᠠᠯᠠᠭᠤᠴᠤᠳ ᠤᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠭᠢ︶ ᠳᠤ ᠬᠠᠷᠢᠶᠠᠯᠠᠭᠳᠠᠵᠤ᠂ 2021 ᠣᠨ ᠳᠤ ᠵᠢᠩᠬᠢᠨᠢ ᠪᠠᠷ ᠪᠠᠶᠢᠭᠤᠯᠤᠭᠳᠠᠭᠰᠠᠨ ᠠᠴᠠ ᠨᠠᠭᠠᠰᠢ᠂ ︽ᠤᠮᠠᠷᠠᠲᠤ ᠬᠢᠯᠢ ᠶᠢᠨ ᠬᠦᠬᠡ ᠳᠦᠯᠦ︾ ᠰᠠᠶᠢᠨ ᠳᠤᠷ᠎ᠠ ᠶᠢᠨ ᠦᠢᠯᠡᠴᠢᠯᠡᠭᠡᠨ ᠤ ᠲᠠᠪᠴᠠᠩ ᠨᠢ ᠣᠯᠠᠨ ᠬᠡᠯᠪᠡᠷᠢ ᠶᠠᠩᠵᠦ᠂ ᠣᠯᠠᠨ ᠠᠷᠭ᠎ᠠ ᠵᠠᠮ᠂ ᠣᠯᠠᠨ ᠠᠭᠤᠯᠭ᠎ᠠ ᠪᠠᠷ ᠳᠠᠮᠵᠢᠭᠤᠯᠤᠨ ︽ᠨᠠᠰᠤᠲᠠᠶᠢᠴᠤᠳ ᠢ ᠲᠤᠰᠠᠯᠠᠬᠤ︾᠂ ︽ᠵᠡᠮᠳᠡᠭᠴᠦᠳ ᠢ ᠲᠤᠰᠠᠯᠠᠬᠤ︾᠂ ︽ᠬᠦᠴᠢᠷᠳᠡᠯᠲᠡᠢ ᠶᠢ ᠲᠤᠰᠠᠯᠠᠬᠤ︾᠂ ︽ᠣᠷᠴᠢᠨ ᠲᠣᠭᠤᠷᠢᠨ ᠢ ᠬᠠᠮᠠᠭᠠᠯᠠᠬᠤ︾᠂ ︽ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ︾᠂ ︽ᠡᠩᠨᠡᠭᠡ ᠥᠷᠲᠡᠭᠡ ᠶᠢ ᠨᠡᠭᠡᠭᠡᠬᠦ︾᠂ ︽ᠭᠠᠯ ᠤᠨᠲᠠᠷᠠᠭᠠᠬᠤ ᠤᠬᠠᠭᠤᠯᠭ᠎ᠠ︾ ᠵᠡᠷᠭᠡ ᠭᠤᠣᠯ ᠰᠡᠳᠦᠪᠲᠦ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠶᠢ ᠥᠷᠭᠡᠨ ᠳᠡᠯᠭᠡᠷᠡᠩᠭᠦᠢ ᠥᠷᠨᠢᠭᠦᠯᠵᠦ ᠢᠷᠡᠪᠡ᠃ ᠡᠬᠦᠨ ᠤ ᠬᠠᠮᠲᠤ ︽ᠬᠤᠪᠢ ᠨᠡᠮᠡᠷᠢ ᠦᠵᠡᠭᠦᠯᠬᠦ᠂ ᠬᠠᠶᠢᠷᠠᠯᠠᠵᠤ ᠬᠠᠯᠠᠮᠵᠢᠯᠠᠬᠤ᠂ ᠬᠠᠷᠢᠯᠴᠠᠨ ᠬᠠᠪᠰᠤᠷᠤᠯᠴᠠᠬᠤ᠂ ᠤᠷᠤᠭᠰᠢᠯᠠᠨ ᠲᠠᠪᠰᠢᠬᠤ︾ ᠰᠠᠶᠢᠨ ᠳᠤᠷ᠎ᠠ ᠶᠢᠨ ᠦᠢᠯᠡᠴᠢᠯᠡᠭᠡᠨ ᠤ ᠵᠣᠷᠢᠭ ᠰᠠᠨᠠᠭ᠎ᠠ ᠶᠢ ᠭᠠᠯ ᠰᠡᠷᠭᠡᠶᠢᠯᠡᠵᠤ ᠤᠨᠲᠠᠷᠠᠭᠠᠵᠤ ᠠᠪᠤᠷᠠᠨ ᠲᠤᠰᠠᠯᠠᠬᠤ ᠠᠵᠢᠯ ᠮᠡᠷᠭᠡᠵᠢᠯ ᠲᠠᠢ ᠬᠥᠨᠵᠡᠭᠡᠢ ᠠᠭᠤᠰᠤᠯᠴᠠᠭᠤᠯᠤᠨ ᠪᠠᠭᠤᠷᠠᠢ ᠬᠥᠮᠥᠰ ᠢ ᠴᠢᠳᠠᠯ ᠤᠨ ᠬᠢᠷᠢ ᠪᠠᠷ ᠢᠶᠠᠨ ᠬᠠᠪᠰᠤᠷᠴᠤ᠂ ᠰᠠᠶᠢᠨ ᠳᠤᠷ᠎ᠠ ᠶᠢᠨ ᠦᠢᠯᠡᠴᠢᠯᠡᠭᠡᠨ ᠤ ᠵᠣᠬᠢᠶᠠᠨ ᠪᠠᠶᠢᠭᠤᠯᠤᠯᠲᠠ ᠶᠢ ᠲᠡᠭᠦᠯᠳᠡᠷᠵᠢᠭᠦᠯᠵᠥ᠂ ᠰᠠᠶᠢᠨ ᠳᠤᠷ᠎ᠠ ᠶᠢᠨ ᠦᠢᠯᠡᠴᠢᠯᠡᠭᠡᠨ ᠤ ᠲᠥᠷᠥᠯ ᠵᠦᠢᠯ ᠢ ᠲᠠᠰᠤᠷᠠᠯᠳᠠ ᠦᠭᠡᠢ ᠥᠷᠭᠡᠳᠬᠡᠵᠦ᠂ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠶᠢ ᠶᠣᠰᠣ ᠰᠤᠷᠲᠠᠬᠤᠨ ᠤ ᠬᠥᠮᠦᠵᠢᠯ ᠲᠠᠢ ᠤᠶᠠᠯᠳᠤᠭᠤᠯᠵᠥ ᠢᠷᠡᠵᠡᠢ᠃      ᠡᠲᠡᠭᠡᠷ ᠵᠢᠯ ᠳᠤ ︽ᠤᠮᠠᠷᠠᠲᠤ ᠬᠢᠯᠢ ᠶᠢᠨ ᠬᠥᠬᠡ ᠲᠦᠯᠦ︾ ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠭᠢ ᠨᠢ ᠨᠡᠶᠢᠭᠡᠮ ᠲᠣᠭᠤᠷᠢᠭ᠂ ᠠᠭᠤᠳᠠᠮ ᠲᠠᠯᠠᠪᠠᠢ᠂ ᠬᠤᠳᠠᠯᠳᠤᠭᠠᠨ ᠤ ᠲᠠᠯᠠᠪᠠᠢ ᠵᠡᠷᠭᠡ ᠤᠯᠠᠨ ᠬᠥᠮᠥᠨ ᠴᠤᠭᠯᠠᠷᠠᠳᠠᠭ ᠭᠠᠵᠠᠷ ᠲᠤ ᠬᠦᠷᠴᠦ᠂ ᠰᠠᠭᠤᠭᠠᠯᠢ ᠠᠷᠠᠳ ᠲᠤ ᠭᠠᠯ ᠤᠨᠲᠠᠷᠠᠭᠠᠬᠤ ᠬᠠᠤᠯᠢ ᠴᠠᠭᠠᠵᠠ ᠬᠠᠤᠯᠢ ᠲᠣᠭᠲᠠᠭᠠᠯ᠂ ᠭᠡᠷ ᠪᠦᠯᠢ ᠶᠢᠨ ᠭᠠᠯ ᠰᠡᠷᠭᠡᠶᠢᠯᠡᠬᠦ ᠮᠡᠳᠡᠯᠭᠡ ᠵᠡᠷᠭᠡ ᠭᠠᠯ ᠤᠨᠲᠠᠷᠠᠭᠠᠬᠤ ᠶᠡᠷᠦ ᠶᠢᠨ ᠮᠡᠳᠡᠯᠭᠡ ᠶᠢ ᠨᠠᠷᠢᠨ ᠲᠠᠶᠢᠯᠪᠤᠷᠢᠯᠠᠵᠤ᠂ ᠰᠠᠭᠤᠭᠠᠯᠢ ᠠᠷᠠᠳ ᠤᠨ ᠭᠠᠯ ᠤᠨᠲᠠᠷᠠᠭᠠᠬᠤ ᠠᠮᠤᠷ ᠲᠦᠪᠰᠢᠨ ᠤ ᠤᠬᠠᠮᠰᠠᠷ ᠪᠣᠯᠣᠨ ᠭᠠᠯ ᠰᠡᠷᠭᠡᠶᠢᠯᠡᠵᠦ ᠥᠪᠡᠷ ᠢ ᠪᠠᠨ ᠠᠪᠤᠷᠠᠬᠤ ᠴᠢᠳᠠᠪᠤᠷᠢ ᠶᠢ ᠪᠦᠲᠦᠮᠵᠢᠲᠡᠢ ᠳᠡᠭᠡᠭᠰᠢᠯᠡᠭᠦᠯᠵᠡᠢ᠃ ᠰᠤᠷᠭᠠᠭᠤᠯᠢ ᠶᠢᠨ ᠬᠦᠷᠢᠶᠡᠨ ᠳᠤ ᠭᠦᠨᠵᠡᠭᠡᠶᠢᠷᠡᠨ ᠪᠠᠭᠰᠢ ᠰᠤᠷᠤᠭᠴᠢᠳ ᠲᠤ ᠬᠡᠷᠬᠢᠨ ᠭᠠᠯ ᠤᠨ ᠠᠶᠤᠯ ᠢ ᠤᠷᠢᠳᠴᠢᠯᠠᠨ ᠰᠡᠷᠭᠡᠶᠢᠯᠡᠬᠦ᠂ ᠭᠠᠯ ᠤᠨ ᠠᠶᠤᠯ ᠡᠭᠦᠰᠬᠦ ᠦᠶ᠎ᠡ ᠳᠤ ᠬᠡᠷᠬᠢᠨ ᠲᠦᠭᠰᠢᠭᠦᠷᠢ ᠶᠢ ᠮᠡᠳᠡᠭᠦᠯᠬᠦ ᠪᠠ ᠥᠪᠡᠷ ᠢ ᠪᠠᠨ ᠠᠪᠤᠷᠠᠬᠤ ᠵᠡᠷᠭᠡ ᠭᠠᠯ ᠤᠨ ᠠᠶᠤᠯ ᠠᠴᠠ ᠰᠡᠷᠭᠡᠶᠢᠯᠡᠬᠦ ᠠᠮᠤᠷ ᠲᠦᠪᠰᠢᠨ ᠤ ᠶᠡᠷᠦ ᠶᠢᠨ ᠮᠡᠳᠡᠯᠭᠡ ᠶᠢ ᠲᠠᠶᠢᠯᠪᠤᠷᠢᠯᠠᠨ ᠥᠭᠲᠡᠭ᠃ ᠠᠵᠤ ᠠᠬᠤᠶᠢᠯᠠᠯ ᠳᠤ ᠭᠦᠨᠵᠡᠭᠡᠶᠢᠷᠡᠨ ᠭᠠᠯ ᠤᠨᠲᠠᠷᠠᠭᠠᠬᠤ ᠠᠮᠤᠷ ᠲᠦᠪᠰᠢᠨ ᠤ ᠪᠣᠯᠪᠠᠰᠤᠷᠠᠯ ᠥᠷᠨᠢᠭᠦᠯᠵᠦ᠂ ᠠᠵᠤ ᠠᠬᠤᠶᠢᠯᠠᠯ ᠤᠨ ᠠᠵᠢᠯᠲᠠᠳ ᠤᠨ ᠭᠠᠯ ᠤᠨᠲᠠᠷᠠᠭᠠᠬᠤ ᠠᠮᠤᠷ ᠲᠦᠪᠰᠢᠨ ᠤ ᠬᠡᠪ ᠴᠢᠨᠠᠷ ᠪᠤᠯᠤᠨ ᠠᠵᠤ ᠠᠬᠤᠶᠢᠯᠠᠯ ᠤᠨ ᠭᠠᠯ ᠤᠨ ᠭᠠᠮᠰᠢᠭ ᠢ ᠡᠰᠡᠷᠭᠦᠴᠡᠬᠦ ᠶᠡᠷᠦᠩᠬᠡᠶᠢᠯᠡᠭᠰᠡᠨ ᠴᠢᠳᠠᠪᠤᠷᠢ ᠶᠢ ᠪᠥᠬᠦ ᠲᠠᠯ᠎ᠠ ᠪᠠᠷ ᠳᠡᠭᠡᠭᠰᠢᠯᠡᠭᠦᠯᠵᠦ᠂ ᠠᠵᠤ ᠠᠬᠤᠶᠢᠯᠠᠯ ᠤᠨ ᠨᠢᠭᠡᠴᠢ ᠶᠢᠨ ᠭᠠᠯ ᠤᠨ ᠭᠠᠮᠰᠢᠭ ᠢ ᠰᠡᠷᠭᠡᠶᠢᠯᠡᠨ ᠡᠵᠡᠮᠳᠡᠬᠦ ᠭᠤᠣᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠶᠢ ᠪᠦᠲᠦᠮᠵᠢᠲᠡᠶ ᠠᠬᠢᠭᠤᠯᠵᠤ᠂ ᠬᠠᠷᠢᠶ᠎ᠠ ᠣᠷᠣᠨ ᠳᠤ ᠭᠠᠯ ᠤᠨᠲᠠᠷᠠᠭᠠᠬᠤ ᠠᠮᠤᠷ ᠲᠦᠪᠰᠢᠨ ᠤ ᠰᠠᠶᠢᠨ ᠰᠠᠶᠢᠬᠠᠨ ᠣᠷᠴᠢᠨ ᠲᠣᠭᠤᠷᠢᠨ ᠢ ᠪᠣᠶ ᠪᠣᠯᠭᠠᠪᠠ᠃ ︽ᠤᠯᠤᠰ ᠤᠨ ᠬᠡᠦᠬᠡᠳ︾ ᠲᠠᠨᠲᠢᠭ᠎ᠠ ᠨᠠᠰᠤᠲᠠᠨ ᠢ ᠡᠷᠭᠢᠨ ᠦᠵᠡᠵᠦ᠂ ᠮᠠᠯᠵᠢᠬᠤ ᠲᠠᠷᠢᠶᠠᠯᠠᠬᠤ ᠣᠷᠣᠨ ᠤ ᠭᠠᠯ ᠤᠨᠲᠠᠷᠠᠭᠠᠬᠤ ᠵᠠᠰᠠᠯᠲᠠ ᠶᠢᠨ ᠬᠠᠮᠢᠶ᠎ᠠ ᠪᠦᠬᠦᠢ ᠤᠴᠢᠷ ᠶᠠᠪᠤᠳᠠᠯ ᠢ ᠬᠠᠮᠲᠤᠪᠠᠷ ᠵᠥᠪᠯᠡᠵᠦ᠂ ᠠᠪᠠᠭ᠎ᠠ ᠬᠠᠷ᠎ᠠ ᠮᠣᠷᠢᠲᠦ ᠰᠤᠮᠤᠨ ᠤ ᠠᠬᠠᠮᠠᠳ ᠴᠡᠷᠢᠭ ᠢ ᠲᠣᠬᠤᠨᠢᠭᠤᠯᠵᠤ᠂ ᠠᠬᠠᠮᠠᠳ ᠴᠡᠷᠢᠭ ᠢ ᠲᠠᠶᠢᠴᠢᠯᠠᠨ ᠭᠠᠯ ᠤᠨᠲᠠᠷᠠᠭᠠᠬᠤ ᠤᠬᠠᠭᠤᠯᠭ᠎ᠠ ᠶᠢᠨ ᠰᠠᠶᠢᠨ ᠳᠤᠷ᠎ᠠ ᠶᠢᠨ ᠠᠵᠢᠯᠯᠠᠭᠴᠢ ᠪᠤᠯᠭᠠᠪᠠ᠃ ᠮᠠᠯᠴᠢᠳ ᠲᠤ ᠭᠡᠷ ᠪᠦᠯᠢ ᠶᠢᠨ ᠭᠠᠯ ᠰᠡᠷᠭᠡᠶᠢᠯᠡᠬᠦ ᠮᠡᠳᠡᠯᠭᠡ ᠶᠢ ᠲᠦᠭᠡᠮᠡᠯᠵᠢᠭᠦᠯᠦᠨ ᠥᠪᠡᠷ ᠢ ᠪᠠᠨ ᠠᠪᠤᠷᠠᠬᠤ ᠮᠡᠷᠭᠡᠵᠢᠯ ᠴᠢᠳᠠᠪᠤᠷᠢ ᠶᠢ ᠤᠯᠠᠮᠵᠢᠯᠠᠵᠤ᠂ ᠮᠠᠯᠵᠢᠬᠤ ᠣᠷᠣᠨ ᠤ ᠭᠡᠷ ᠪᠠᠶᠢᠰᠢᠩ ᠰᠢᠷᠣᠢ ᠮᠣᠳᠣᠨ ᠤ ᠪᠦᠲᠦᠴᠡ ᠶᠢᠨ ᠣᠨᠴᠠᠯᠢᠭ ᠵᠢᠴᠢ ᠭᠠᠯ ᠤᠨ ᠠᠶᠤᠯ ᠭᠠᠷᠬᠤ ᠰᠢᠯᠲᠠᠭᠠᠨ ᠲᠠᠢ ᠤᠶᠠᠯᠳᠤᠭᠤᠯᠤᠨ᠂ ᠮᠠᠯᠴᠢᠳ ᠲᠤ ᠭᠠᠯ ᠤᠨ ᠠᠶᠤᠯ ᠢ ᠰᠡᠷᠭᠡᠶᠢᠯᠡᠬᠦ ᠠᠵᠢᠯ ᠢ ᠰᠠᠶᠢᠲᠤᠷ ᠬᠢᠬᠦ ᠶᠢᠨ ᠴᠢᠬᠤᠯᠠ ᠴᠢᠨᠠᠷ ᠢ ᠲᠠᠶᠢᠯᠪᠤᠷᠢᠯᠠᠨ ᠥᠭᠭᠦ ᠶᠢᠨ ᠬᠠᠮᠲᠤ ᠲᠤᠬᠠᠢ ᠶᠢᠨ ᠭᠠᠵᠠᠷ ᠲᠤᠨᠢ ᠲᠠᠯᠳᠠ ᠭᠡᠮ ᠢ ᠵᠢᠭᠰᠠᠭᠠᠨ ᠪᠠᠶᠢᠴᠠᠭᠠᠵᠤ ᠂ ᠮᠠᠯᠴᠢᠳ ᠲᠤ ᠰᠠᠨᠠᠭᠤᠯᠤᠨ ᠲᠥᠷᠭᠡᠨ ᠴᠡᠭᠴᠡᠯᠡᠨ ᠰᠠᠶᠢᠵᠢᠷᠠᠭᠤᠯᠬᠤ ᠶᠢᠨ ᠲᠠᠭᠠᠥ ᠲᠤᠰ ᠪᠡᠶ᠎ᠡ ᠶᠢᠨ ᠠᠮᠤᠷ ᠲᠦᠪᠰᠢᠨ ᠢ ᠨᠢ ᠪᠠᠲᠤᠯᠠᠵᠥ ᠢᠷᠡᠭᠰᠡᠨ ᠪᠠᠶᠢᠨ᠎ᠠ᠃      ︽ᠤᠮᠠᠷᠠᠲᠤ ᠬᠢᠯᠢ ᠶᠢᠨ ᠬᠥᠬᠡ ᠲᠦᠯᠦ︾ ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠭᠢ ᠰᠢᠨ᠎ᠡ ᠴᠠᠭ ᠦᠶ᠎ᠡ ᠳᠤ ᠰᠢᠨ᠎ᠡ ᠡᠬᠦᠷᠬᠡ ᠬᠠᠷᠢᠭᠤᠴᠠᠯᠭ᠎ᠠ ᠡᠬᠦᠷᠬᠡᠯᠡᠵᠦ᠂ ᠠᠷᠠᠳ ᠤᠯᠠᠨ ᠲᠠᠢ ᠬᠠᠮᠤᠭ ᠤᠨ ᠣᠶᠢᠷ᠎ᠠ᠂ ᠬᠠᠮᠤᠭ ᠤᠨ ᠲᠤᠲᠤᠨᠤ ᠬᠠᠷᠢᠯᠴᠠᠭ᠎ᠠ ᠪᠠᠶᠢᠭᠤᠯᠵᠥ᠂ ᠠᠷᠠᠳ ᠲᠦᠮᠡᠨ ᠤ ᠠᠮᠢ ᠨᠠᠰᠤ ᠪᠠ ᠡᠳ᠋ ᠬᠥᠷᠥᠩᠭᠡ ᠶᠢᠨ ᠠᠮᠤᠷ ᠲᠥᠪᠰᠢᠨ ᠢ ᠳᠡᠭᠡᠳᠦᠯᠡᠨ ᠰᠠᠶᠢᠨ ᠳᠤᠷ᠎ᠠ ᠶᠢᠨ ᠵᠣᠷᠢᠭ ᠰᠠᠨᠠᠭ᠎ᠠ ᠶᠢ ᠦᠢᠯᠡᠳᠦᠯᠭᠡᠵᠢᠭᠦᠯᠬᠦ᠂ ᠨᠡᠶᠢᠭᠡᠮ ᠤᠨ ᠬᠥᠭᠵᠢᠯᠲᠡ ᠳᠤ ᠦᠢᠯᠡᠴᠢᠯᠡᠬᠦ ᠵᠤᠷᠢᠯᠲᠠ ᠪᠠᠷ ᠲᠤᠬᠠᠶᠢᠯᠠᠭᠰᠠᠨ ᠠᠵᠢᠯ ᠳᠠᠭᠠᠨ ᠭᠠᠷᠮᠠᠭᠠᠶᠢᠯᠠᠵᠥ᠂ ᠰᠢᠨ᠎ᠡ ᠴᠠᠭ ᠦᠶ᠎ᠡ ᠶᠢᠨ ᠪᠣᠯᠪᠠᠰᠤᠨ ᠨᠡᠶᠢᠭᠡᠮ ᠤᠨ ᠪᠠᠶᠢᠭᠤᠯᠤᠯᠲᠠ ᠳᠤ ᠬᠦᠴᠦᠨ ᠴᠢᠳᠠᠯ ᠢᠶᠠᠨ ᠡᠷᠬᠦᠨᠡᠮ᠃
 
ᠢᠷᠡᠯᠲᠡ᠄ ᠰᠢᠯᠢ ᠶᠢᠨ ᠭᠤᠤᠯ ᠤᠨ ᠮᠤᠩᠭᠤᠯ ᠰᠤᠨᠢᠨ ᠮᠡᠳᠡᠭᠡᠨ ᠤ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号