ᠨᠢᠭᠡᠲᠦᠭᠡᠷ ᠤᠯᠠᠷᠢᠯ ᠳᠤ ᠡᠯ᠎ᠡ ᠵᠦᠢᠯ ᠤᠨ ᠵᠢᠭᠡᠯᠡᠯᠭᠡ ᠶᠢᠨ ᠦᠯᠡᠳᠡᠪᠦᠷᠢ ᠲᠤᠭ᠎ᠠ 1344 ᠳ᠋ᠦᠩᠰᠢᠭᠤᠷ ᠲᠥᠭᠦᠷᠢᠭ ᠲᠤ ᠬᠦᠷᠴᠦ ᠪᠦᠬᠦ ᠠᠶᠢᠮᠠᠭ ᠤᠨ ᠴᠢᠨᠠᠷ ᠰᠠᠶᠢᠲᠠᠢ ᠬᠦᠭᠵᠢᠯᠲᠡ ᠶᠢ ᠪᠡᠶᠡᠯᠡᠬᠦᠯᠬᠦ ᠳᠤ ᠬᠦᠴᠦᠲᠠᠢ ᠮᠦᠡᠭᠬᠦᠨ ᠬᠦᠢᠯᠬᠡᠬᠡᠨ ᠤ ᠳᠡᠮᠵᠢᠯᠬᠡ ᠬᠠᠨᠭ᠍ᠭᠠᠪᠠ
ᠨᠡᠶᠢᠲᠡᠯᠡᠭᠰᠡᠨ ᠴᠠᠭ᠄
2024/6/18
    ᠲᠤᠰ ᠰᠤᠨᠢᠨ ᠤ ᠮᠡᠳᠡᠭᠡ ︵ᠰᠤᠷᠪᠤᠯᠵᠢᠯᠠᠭᠴᠢ ᠤᠷᠠᠨᠲᠠᠨ᠎ᠠ︶ ᠤᠶᠢᠷ᠎ᠠ ᠳᠤ ᠠᠷᠠᠳ ᠤᠨ ᠪᠠᠩᠬᠢ ᠶᠢᠨ ᠰᠢᠯᠢ ᠶᠢᠨ ᠭᠤᠤᠯ ᠠᠶᠢᠮᠠᠭ ᠤᠨ ᠬᠤᠪᠢᠶᠠᠷᠢ ᠪᠠᠩᠬᠢ ᠶᠢᠨ ᠬᠢᠨ ᠰᠤᠨᠢᠨ ᠮᠡᠳᠡᠭᠡ ᠨᠡᠶᠢᠳᠡᠯᠡᠬᠦ ᠬᠤᠷᠠᠯ ᠬᠤᠷᠠᠯᠳᠤᠭᠤᠯᠵᠦ᠂ 2024 ᠣᠨ ᠤ ᠨᠢᠭᠡᠲᠦᠭᠡᠷ ᠤᠯᠠᠷᠢᠯ ᠤᠨ ᠪᠥᠬᠦ ᠠᠶᠢᠮᠠᠭ ᠤᠨ ᠮᠥᠩᠭᠦᠨ ᠭᠦᠢᠯᠭᠡᠭᠡᠨ ᠤ ᠠᠵᠢᠯᠯᠠᠭᠠᠨ ᠤ ᠪᠠᠶᠢᠳᠠᠯ ᠵᠢᠴᠢ ᠮᠦᠡᠭᠭᠦᠨ ᠬᠦᠢᠯᠬᠡᠬᠡᠨ ᠢᠶᠠᠷ ᠮᠠᠨ ᠤ ᠠᠶᠢᠮᠠᠭ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢ ᠳᠡᠮᠵᠢᠭᠰᠡᠨ ᠪᠠᠶᠢᠳᠠᠯ ᠢ ᠨᠡᠶᠢᠳᠡᠯᠡᠭᠰᠡᠨ ᠪᠠᠶᠢᠨ᠎ᠠ᠃     ᠨᠢᠭᠡᠳᠦᠭᠡᠷ ᠤᠯᠠᠷᠢᠯ ᠤᠨ ᠮᠥᠩᠭᠦᠨ ᠭᠦᠢᠯᠭᠡᠭᠡᠨ ᠤ ᠠᠵᠢᠯᠯᠠᠭᠠᠨ ᠶᠡᠷᠦᠩᠬᠡᠢ ᠳᠡᠭᠡᠨ ᠲᠣᠭᠲᠠᠭᠤᠨ ᠪᠠᠶᠢᠵᠤ᠂ ᠭᠤᠣᠯ ᠭᠦᠢᠴᠡᠳᠬᠡᠯ ᠲᠤᠭ᠎ᠠ ᠦᠷᠭᠦᠯᠵᠢᠯᠡᠨ ᠰᠠᠶᠢᠵᠢᠷᠠᠪᠠ᠃ ᠢᠲᠡᠭᠡᠮᠵᠢᠲᠦ ᠵᠢᠬᠡᠯᠡᠯᠬᠡ ᠶᠢᠨ ᠶᠡᠷᠦᠩᠬᠡᠢ ᠬᠡᠮᠵᠢᠶ᠎ᠡ ᠨᠡᠯᠢᠶᠡᠳ ᠲᠦᠷᠭᠡᠨ ᠨᠡᠮᠡᠭᠳᠡᠯ ᠢ ᠪᠠᠲᠤᠯᠠᠵᠤ᠂ ᠠᠵᠤ ᠠᠬᠤᠶᠢᠯᠠᠯ᠂ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠵᠡᠷᠭᠡ ᠵᠠᠬ᠎ᠠ ᠳᠡᠯᠭᠡᠭᠦᠷ ᠤᠨ ᠭᠤᠤᠯ ᠴᠣᠭᠴᠠ ᠳᠤ ᠪᠡᠯᠡ ᠮᠥᠩᠭᠦᠨ ᠤ ᠳᠡᠮᠵᠢᠯᠭᠡ ᠬᠠᠩᠭᠠᠪᠡ᠃ 3 ᠰᠠᠷ᠎ᠠ ᠶᠢᠨ ᠰᠡᠭᠦᠯᠴᠢ ᠪᠠᠷ᠂ ᠪᠥᠬᠦ ᠠᠶᠢᠮᠠᠭ ᠤᠨ ᠠᠷᠠᠳ ᠤᠨ ᠵᠣᠭᠤᠰ ᠤᠨ ᠡᠯ᠎ᠡ ᠵᠦᠢᠯ ᠤᠨ ᠵᠢᠭᠡᠯᠡᠯᠭᠡ ᠶᠢᠨ ᠦᠯᠡᠳᠡᠪᠦᠷᠢ ᠲᠤᠭ᠎ᠠ 1344 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 15.5% ᠪᠠᠷ ᠨᠡᠮᠡᠭᠳᠡᠨ᠂ ᠪᠥᠬᠦ ᠣᠷᠣᠨ ᠤ ᠬᠢ ᠠᠴᠠ 5.6 ᠵᠠᠭᠤᠨ ᠤ ᠨᠢᠭᠡᠴᠢ ᠥᠨᠳᠥᠷ ᠪᠠᠶᠢᠵᠤ᠂ ᠨᠡᠮᠡᠭᠳᠡᠯ ᠤᠨ ᠬᠤᠷᠳᠤᠴᠠ ᠨᠢ ᠣᠶᠢᠷ᠎ᠠ ᠶᠢᠨ 5 ᠵᠢᠯ ᠤᠨ ᠠᠳᠠᠯᠢ ᠬᠤᠭᠤᠴᠠᠭᠠᠨ ᠤ ᠰᠢᠨ᠎ᠡ ᠲᠡᠮᠳᠡᠭᠯᠡᠯ ᠢ ᠡᠭᠦᠳᠪᠡ᠃ ᠢᠲᠡᠭᠡᠮᠵᠢᠲᠦ ᠵᠢᠭᠡᠯᠡᠯᠭᠡ ᠶᠢᠨ ᠪᠦᠲᠦᠴᠡ ᠶᠢ ᠲᠠᠰᠤᠷᠠᠯᠲᠠ ᠦᠭᠡᠢ ᠰᠢᠯᠢᠳᠡᠭᠵᠢᠭᠦᠯᠵᠦ᠂ ᠭᠤᠣᠯᠳᠠᠯᠭ᠎ᠠ ᠲᠠᠢ ᠬᠦᠷᠢᠶᠡᠨ ᠳᠠᠬᠢ ᠢᠲᠡᠭᠡᠮᠵᠢᠲᠦ ᠵᠢᠭᠡᠯᠡᠯᠭᠡ ᠶᠢ ᠳᠡᠮᠵᠢᠬᠦ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠪᠠ᠃ ᠪᠡᠯᠡ ᠬᠤᠷᠠᠮᠳᠤᠭᠤᠯᠬᠤ ᠦᠪᠡᠷ ᠤᠨ ᠦᠷᠲᠡᠭ ᠢ ᠳᠤᠭᠳᠠᠭᠤᠨ ᠢᠶᠠᠷ ᠪᠠᠭᠤᠷᠠᠭᠤᠯᠵᠦ᠂ ᠪᠣᠳᠠᠲᠤ ᠴᠣᠭᠴᠠ ᠶᠢᠨ ᠠᠵᠤ ᠠᠬᠤᠢ ᠳᠤ ᠦᠷᠭᠦᠯᠵᠢᠯᠡᠨ ᠠᠰᠢᠭ ᠬᠦᠷᠲᠡᠭᠡᠪᠡ᠃ ᠵᠣᠭᠤᠰᠤᠨ ᠤ ᠲᠦᠷᠦ ᠶᠢᠨ ᠪᠣᠳᠣᠯᠭ᠎ᠠ ᠶᠢᠨ ᠪᠠᠭᠠᠵᠢ ᠶᠢᠨ ᠦᠢᠯᠡᠳᠦᠯ ᠴᠢᠳᠠᠪᠬᠢ ᠮᠡᠳᠡᠭᠳᠡᠮ᠎ᠡ ᠳᠡᠭᠡᠭᠰᠢᠯᠡᠪᠡ᠃ ᠤᠯᠤᠰ ᠤᠨ ᠭᠠᠳᠠᠭᠠᠳᠤ ᠭᠤᠪᠢᠭᠤᠯᠭ᠎ᠠ ᠶᠢᠨ ᠬᠠᠮᠢᠶᠠᠷᠤᠯᠲᠠ ᠶᠢᠨ ᠲᠣᠪᠴᠢᠶ᠎ᠠ ᠶᠢᠨ ᠰᠢᠯᠢ ᠶᠢᠨ ᠭᠤᠣᠯ ᠠᠶᠢᠮᠠᠭ ᠤᠨ ᠬᠤᠪᠢᠶᠠᠷᠢ ᠲᠣᠪᠴᠢᠶ᠎ᠠ ᠭᠠᠳᠠᠭᠠᠳᠤ ᠭᠤᠪᠢᠭᠤᠯᠭ᠎ᠠ ᠶᠢᠨ ᠬᠦᠷᠢᠶᠡᠨ ᠳᠠᠬᠢ ᠥᠭᠡᠷᠡᠴᠢᠯᠡᠯᠲᠡ ᠨᠡᠭᠡᠭᠡᠯᠲᠡ ᠶᠢ ᠦᠷᠭᠦᠯᠵᠢᠯᠡᠨ ᠰᠢᠯᠢᠳᠡᠭᠵᠢᠭᠦᠯᠵᠦ᠂ ᠡᠯ᠎ᠡ ᠵᠦᠢᠯ ᠤᠨ ᠲᠥᠬᠦᠮ ᠦᠵᠡᠭᠦᠯᠬᠦ ᠲᠥᠷᠥ ᠶᠢᠨ ᠪᠣᠳᠣᠯᠭ᠎ᠠ ᠪᠠᠷ ᠡᠵᠡᠩᠨᠡᠯᠲᠡ ᠶᠢᠨ ᠭᠤᠣᠯ ᠴᠣᠭᠴᠠ ᠳᠤ ᠠᠰᠢᠭ ᠬᠦᠷᠲᠡᠭᠡᠵᠦ᠂ ᠭᠠᠵᠠᠷ ᠣᠷᠣᠨ ᠤ ᠭᠠᠳᠠᠭᠠᠳᠤ ᠭᠤᠪᠢᠭᠤᠯᠭ᠎ᠠ ᠶᠢᠨ ᠵᠠᠬ᠎ᠠ ᠳᠡᠯᠭᠡᠭᠦᠷ ᠢ ᠲᠣᠭᠲᠠᠭᠤᠨ ᠢᠶᠠᠷ ᠠᠵᠢᠯᠯᠠᠭᠤᠯᠵᠤ᠂ ᠭᠠᠳᠠᠭᠠᠳᠦ ᠳᠤ ᠬᠤᠯᠪᠤᠭᠳᠠᠬᠤ ᠠᠵᠦ ᠠᠬᠤᠢ ᠶᠢᠨ ᠬᠦᠭᠵᠢᠯᠲᠡ ᠶᠢ ᠯᠠᠪᠳᠠᠭᠤᠨ ᠢᠶᠠᠷ ᠠᠬᠢᠭᠤᠯᠪᠠ᠃     ᠠᠶᠢᠮᠠᠭ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠣᠪᠴᠢᠶ᠎ᠠ ᠲᠠᠢ ᠬᠠᠮᠳᠤᠷᠠᠨ ᠮᠥᠩᠭᠦᠨ ᠭᠦᠢᠯᠭᠡᠭᠡᠨ ᠢᠶᠠᠷ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠡᠯᠪᠡᠷᠢ ᠶᠢᠨ ᠠᠵᠤ ᠠᠬᠤᠶᠢᠯᠠᠯ ᠢ ᠳᠡᠮᠵᠢᠬᠦ ᠨᠡᠷᠡᠰ ᠤᠨ ᠬᠠᠮᠢᠶᠠᠷᠤᠯᠲᠠ ᠶᠢᠨ ᠲᠣᠭᠲᠠᠴᠠ ᠶᠢ ᠪᠠᠶᠢᠭᠤᠯᠵᠤ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠪᠡᠯᠡ ᠬᠤᠷᠠᠮᠳᠤᠭᠤᠯᠬᠤ ᠶᠢ ᠵᠣᠯᠭᠠᠭᠤᠯᠬᠤ ᠠᠵᠢᠯ ᠥᠷᠨᠢᠭᠦᠯᠬᠦ ᠶᠢ ᠬᠢᠨᠠᠨ ᠵᠢᠯᠣᠭᠤᠤᠪᠠ᠃ 3 ᠰᠠᠷ᠎ᠠ ᠶᠢᠨ ᠰᠡᠭᠦᠯᠴᠢ ᠪᠣᠯᠲᠠᠯ᠎ᠠ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠳᠤ ︽ᠲᠤᠰᠬᠠᠢ ᠨᠠᠷᠢᠯᠢᠭ ᠣᠨᠴᠠ ᠰᠢᠨ᠎ᠡ︾᠂ ᠳᠡᠭᠡᠳᠦ ᠰᠢᠨ᠎ᠡ ᠮᠡᠷᠭᠡᠵᠢᠯ ᠵᠢᠴᠢ ᠰᠢᠨᠵᠢᠯᠡᠬᠦ ᠤᠬᠠᠭᠠᠨ  ᠲᠧᠭᠨᠢᠭ ᠮᠡᠷᠭᠡᠵᠢᠯ ᠤᠨ ᠬᠡᠯᠪᠡᠷᠢ ᠶᠢᠨ ᠠᠵᠤ ᠠᠬᠤᠶᠢᠯᠠᠯ ᠢ ᠨᠡᠶᠢᠲᠡ 131 ᠶᠢ ᠲᠠᠨᠢᠯᠴᠠᠭᠤᠯᠵᠤ᠂ ᠨᠡᠷᠡᠰ ᠤᠨ ᠵᠢᠭᠰᠠᠭᠠᠯᠲᠠ ᠳᠤ ᠤᠷᠤᠭᠰᠠᠨ ᠠᠵᠤ ᠠᠬᠤᠶᠢᠯᠠᠯ ᠳᠤ 9.2 ᠳ᠋ᠦᠩᠰᠢᠭᠤᠷ ᠲᠥᠭᠦᠷᠢᠭ ᠤᠨ ᠵᠢᠭᠡᠯᠡᠯᠭᠡ ᠲᠠᠯᠪᠢᠵᠤ᠂ ᠠᠳᠠᠯᠢ ᠬᠤᠭᠤᠴᠠᠭᠠᠨ ᠤ ᠬᠢ ᠠᠴᠠ 21.1% ᠪᠠᠷ ᠨᠡᠮᠡᠭᠳᠡᠪᠡ᠃     ᠮᠥᠩᠭᠦᠨ ᠭᠦᠢᠯᠭᠡᠭᠡᠨ ᠤ ︽ᠵᠢᠭᠡᠯᠡᠯᠭᠡ︾ ᠪᠠᠷ ᠪᠣᠬᠢᠷᠲᠤᠯ ᠦᠭᠡᠢ ᠬᠥᠭᠵᠢᠯᠲᠡ ᠶᠢ ᠲᠠᠮᠵᠢᠬᠦ ᠲᠤᠰᠬᠠᠢ ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠭᠤᠣᠯᠳᠠᠯᠭ᠎ᠠ ᠲᠠᠢ ᠬᠦᠷᠢᠶᠡᠨ ᠳᠠᠬᠢ ᠮᠥᠩᠭᠦᠨ ᠭᠦᠢᠯᠭᠡᠭᠡᠨ ᠤ ᠳᠡᠮᠵᠢᠯᠭᠡ ᠶᠢᠨ ᠠᠵᠢᠯ ᠢ ᠪᠥᠬᠦ ᠲᠠᠯ᠎ᠠ ᠪᠠᠷ ᠰᠠᠶᠢᠲᠤᠷ ᠬᠢᠪᠡ᠃ 3 ᠰᠠᠷ᠎ᠠ ᠶᠢᠨ ᠰᠡᠭᠦᠯᠴᠢ ᠳᠤ᠂ ᠪᠥᠬᠦ ᠠᠶᠢᠮᠠᠭ ᠤᠨ ᠪᠣᠬᠢᠷᠲᠤᠯ ᠦᠭᠡᠢ ᠬᠦᠭᠵᠢᠯᠲᠡ ᠶᠢᠨ ᠵᠢᠭᠡᠯᠡᠯᠭᠡ ᠶᠢᠨ ᠦᠯᠡᠳᠡᠪᠦᠷᠢ ᠲᠤᠭ᠎ᠠ 416.6 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 45.7% ᠪᠠᠷ ᠨᠡᠮᠡᠭᠳᠡᠨ᠂ ᠡᠯ᠎ᠡ ᠵᠦᠢᠯ ᠤᠨ ᠵᠢᠭᠡᠯᠡᠯᠭᠡ ᠶᠢᠨ ᠳᠤᠮᠳᠠᠴᠢ ᠨᠡᠮᠡᠭᠳᠡᠯ ᠤᠨ ᠬᠤᠷᠳᠤᠴᠠ ᠠᠴᠠ 30.2 ᠵᠠᠭᠤᠨ ᠤ ᠨᠢᠭᠡᠴᠢ ᠥᠨᠳᠥᠷ ᠪᠣᠯᠵᠠᠢ᠃ 3 ᠰᠠᠷ᠎ᠠ ᠶᠢᠨ ᠰᠡᠭᠦᠯᠴᠢ ᠪᠣᠯᠲᠠᠯ᠎ᠠ᠂ ᠬᠠᠷᠢᠶ᠎ᠠ ᠣᠷᠣᠨ ᠳᠤ ᠨᠢᠭᠡᠨᠲᠡ ᠪᠣᠬᠢᠷᠲᠤᠯ ᠦᠭᠡᠢ ᠬᠦᠭᠵᠢᠯᠲᠡ ᠶᠢ ᠲᠡᠮᠵᠢᠬᠦ 5 ᠰᠠᠯᠪᠤᠷᠢ ᠪᠠᠩᠬᠢ ᠪᠠᠶᠢᠭᠤᠯᠵᠤ᠂ ᠪᠣᠬᠢᠷᠲᠤᠯ ᠦᠭᠡᠢ ᠬᠦᠭᠵᠢᠯᠲᠡ ᠶᠢ ᠲᠡᠮᠵᠢᠬᠦ ᠢᠲᠡᠭᠡᠮᠵᠢᠲᠦ ᠵᠢᠭᠡᠯᠡᠯᠭᠡ ᠶᠢᠨ ᠦᠯᠡᠳᠡᠪᠦᠷᠢ 40 ᠳ᠋ᠦᠩᠰᠢᠭᠤᠷ ᠲᠥᠭᠦᠷᠢᠭ ᠢ ᠳᠠᠪᠠᠪᠠ᠃     ᠮᠥᠩᠭᠦᠨ ᠭᠦᠢᠯᠭᠡᠭᠡᠨ ᠤ ᠠᠷᠠᠳ ᠠᠴᠠ ᠡᠵᠡᠩᠨᠡᠭᠰᠡᠨ ᠪᠠ ᠵᠢᠵᠢᠭ ᠪᠢᠴᠢᠯ ᠠᠵᠤ ᠠᠬᠤᠶᠢᠯᠠᠯ ᠳᠤ ᠦᠢᠯᠡᠴᠢᠯᠡᠬᠦ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠠᠶᠢᠭᠤᠯᠬᠤ ᠶᠢ ᠠᠬᠢᠭᠤᠯᠵᠤ᠂ ᠬᠠᠷᠢᠶ᠎ᠠ ᠣᠷᠣᠨ ᠤ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠪᠦᠲᠦᠮᠵᠢᠲᠡᠶ ᠠᠷᠭ᠎ᠠ ᠬᠡᠮᠵᠢᠶ᠎ᠡ ᠠᠪᠴᠤ ᠪᠠᠶᠢᠭᠠᠳ᠂ ᠢᠲᠡᠭᠡᠮᠵᠢᠲᠦ ᠵᠢᠭᠡᠯᠡᠯᠭᠡ ᠶᠢᠨ ᠪᠡᠯᠡ ᠮᠥᠩᠭᠦ ᠶᠢᠨ ᠭᠤᠣᠯᠳᠠᠯᠭ᠎ᠠ ᠲᠠᠢ ᠬᠦᠷᠢᠶ᠎ᠡ ᠴᠠᠷᠠᠭ᠎ᠠ ᠪᠠ ᠪᠠᠭᠤᠷᠠᠢ ᠭᠤᠭᠴᠤᠭ᠎ᠠ ᠳᠤ ᠨᠠᠷᠢᠯᠢᠭ ᠣᠨᠣᠴᠠᠲᠠᠢ ᠪᠠᠷ ᠬᠦᠷᠬᠦ ᠶᠢ ᠬᠦᠳᠦᠯᠦᠨ ᠵᠢᠯᠤᠭᠤᠳᠪᠠ᠃ 3 ᠰᠠᠷ᠎ᠠ ᠶᠢᠨ ᠰᠡᠭᠦᠯᠴᠢ ᠳᠤ᠂ ᠪᠥᠬᠦ ᠠᠶᠢᠮᠠᠭ ᠤᠨ ᠲᠠᠷᠢᠶᠠᠯᠠᠩ᠂ ᠠᠷᠠᠳ ᠠᠴᠠ ᠡᠵᠡᠩᠨᠡᠭᠰᠡᠨ᠂ ᠵᠢᠵᠢᠭ ᠪᠢᠴᠢᠯ ᠠᠵᠤ ᠠᠬᠤᠶᠢᠯᠠᠯ ᠳᠤ ᠬᠤᠯᠪᠤᠭᠳᠠᠭᠰᠠᠨ ᠵᠢᠭᠡᠯᠡᠯᠭᠡ ᠶᠢᠨ ᠦᠯᠡᠳᠡᠪᠦᠷᠢ 998.4 ᠳ᠋ᠦᠩᠰᠢᠭᠤᠷ ᠲᠥᠭᠦᠷᠢᠭ᠂ 284.3 ᠳ᠋ᠦᠩᠰᠢᠭᠤᠷ ᠲᠥᠭᠦᠷᠢᠭ ᠪᠠ 218.3 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ ᠲᠣᠰ ᠲᠣᠰ 16.6%᠂ 15.1% ᠪᠠ 19.8% ᠪᠠᠷ ᠨᠡᠮᠡᠭᠳᠡᠪᠡ᠃     ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠵᠢᠴᠢ ᠬᠠᠮᠢᠶ᠎ᠠ ᠪᠦᠬᠦᠢ ᠠᠵᠤ ᠠᠬᠤᠶᠢᠯᠠᠯ ᠤᠨ ᠪᠡᠯᠡ ᠬᠤᠷᠠᠮᠳᠤᠭᠤᠯᠬᠤ ᠳᠤ ᠲᠡᠮᠵᠢᠯᠭᠡ ᠦᠵᠡᠬᠦᠯᠬᠦ ᠡᠷᠴᠢᠮ ᠢᠶᠠᠨ ᠴᠢᠩᠭᠠᠷᠠᠭᠤᠯᠵᠦ᠂ ᠨᠢᠭᠡᠲᠦᠭᠡᠷ ᠤᠯᠠᠷᠢᠯ ᠳᠤ 5 ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠪᠠᠶᠢᠭᠤᠯᠤᠮᠵᠢ ᠳᠤ ᠨᠡᠶᠢᠲᠡ 5977 ᠲᠦᠮᠡᠨ ᠲᠥᠭᠦᠷᠢᠭ ᠤᠨ ᠵᠢᠭᠡᠯᠡᠯᠭᠡ ᠲᠠᠯᠪᠢᠪᠠ᠃     ᠲᠠᠷᠢᠶᠠᠯᠠᠩ ᠤᠨ ᠪᠠᠩᠬᠢ ᠶᠢ ᠵᠢᠯᠣᠭᠤᠳᠤᠨ ᠣᠶᠤᠨᠲᠤ ᠮᠠᠯ ᠤᠨ ᠠᠷᠠᠯᠵᠢᠶᠠᠨ ᠤ ᠵᠠᠬ᠎ᠠ ᠳᠡᠯᠭᠡᠭᠦᠷ ᠤᠨ ᠪᠦᠲᠦᠭᠡᠨ ᠪᠠᠶᠢᠭᠤᠯᠤᠯᠲᠠ ᠶᠢᠨ ᠠᠵᠢᠯ ᠢ ᠠᠬᠢᠭᠤᠯᠵᠤ᠂ ᠪᠥᠬᠦ ᠶᠠᠪᠤᠴᠠ ᠶᠢᠨ ︽ᠣᠶᠤᠨᠴᠢ ᠦᠬᠡᠷ ᠤᠨ ᠵᠠᠬ᠎ᠠ ᠳᠡᠯᠭᠡᠭᠦᠷ︾  ᠤᠨ ᠮᠥᠩᠭᠦᠨ ᠭᠦᠢᠯᠭᠡᠭᠡᠨ ᠤ ᠦᠢᠯᠡᠴᠢᠯᠡᠭᠡᠨ ᠤ ᠲᠠᠯᠠᠪᠤᠷ ᠢ ᠪᠠᠶᠢᠭᠤᠯᠵᠤ᠂ ᠪᠡᠯᠡᠨ ᠵᠣᠭᠤᠰ ᠤᠨ ᠪᠤᠰᠤ ᠲᠣᠭᠠᠴᠠᠭ᠎ᠠ ᠬᠢᠬᠦ ᠪᠠᠭᠠᠵᠢ ᠶᠢ ᠲᠡᠰ ᠲᠡᠪᠰᠢᠬᠦᠯᠦᠨ ᠮᠠᠯ ᠤᠨ ᠠᠷᠠᠯᠵᠢᠶ᠎ᠠ ᠰᠤᠯᠢᠯᠴᠠᠭᠠᠨ ᠤ ᠬᠦᠷᠢᠶ᠎ᠡ ᠴᠠᠷᠠᠭ᠎ᠠ ᠳᠤ ᠬᠡᠷᠡᠭᠯᠡᠬᠦ ᠶᠢ ᠪᠡᠶᠡᠯᠡᠬᠦᠯᠪᠡ᠃ 3 ᠰᠠᠷ᠎ᠠ ᠶᠢᠨ ᠰᠡᠭᠦᠯᠴᠢ ᠪᠤᠯᠳᠠᠯ᠎ᠠ᠂ ᠲᠣᠰ ᠲᠠᠪᠴᠠᠩ ᠳᠤ ᠳᠠᠩᠰᠠᠯᠠᠭᠤᠯᠤᠭᠰᠠᠨ ᠬᠡᠷᠡᠭᠯᠡᠭᠴᠢ ᠨᠡᠶᠢᠲᠡ 1937 ᠪᠣᠯᠵᠤ᠂ 2.2 ᠲᠦᠮᠡᠨ ᠤᠳᠠᠭ᠎ᠠ ᠠᠷᠠᠯᠵᠢᠶ᠎ᠠ ᠬᠢᠵᠦ᠂ ᠠᠷᠠᠯᠵᠢᠶᠠᠯᠠᠭᠰᠠᠨ ᠪᠡᠯᠡ ᠮᠦᠡᠭᠭᠦ 3.7 ᠳ᠋ᠦᠩᠰᠢᠭᠤᠷ ᠲᠦᠬᠦᠷᠢᠭ ᠲᠤ ᠬᠦᠷᠪᠡ ᠃ ᠰᠢᠯᠤᠭᠤᠨ ᠬᠦᠪᠡᠭᠡᠲᠦ ᠴᠠᠭᠠᠨ ᠬᠤᠰᠢᠭᠤᠨ ᠤ ᠬᠦᠳᠡᠭᠡ ᠲᠤᠰᠬᠤᠨ ᠤ ᠢᠲᠡᠭᠡᠮᠵᠢ ᠶᠢᠨ ᠬᠤᠯᠪᠤᠭᠠᠲᠦ ᠬᠤᠷᠰᠢᠶ᠎ᠠ ᠪᠤᠯᠤᠨ ᠰᠢᠯᠤᠭᠤᠨ ᠬᠦᠪᠡᠭᠡᠲᠦ ᠴᠠᠭᠠᠨ ᠬᠤᠰᠢᠭᠤᠨ ᠤ ᠮᠣᠩᠭᠤᠯ ᠡᠮᠨᠡᠯᠭᠡ ᠶᠢᠨ ᠬᠤᠷᠢᠶ᠎ᠠ ᠲᠠᠢ ᠬᠠᠮᠲᠤᠷᠠᠨ ︽ᠮᠥᠩᠭᠦᠨ ᠭᠦᠢᠯᠭᠡᠭᠡ + ᠡᠮᠴᠢᠯᠡᠭᠡ︾ ᠶᠢᠨ ᠠᠦ᠋ᠲ᠋ᠤ᠋ ᠡᠪᠡᠳᠴᠢᠨ ᠦᠵᠡᠭᠦᠯᠬᠦ ᠰᠢᠰᠲ᠋ᠧᠮ ᠢ ᠬᠠᠮᠲᠤ ᠪᠠᠷ ᠪᠠᠶᠢᠭᠤᠯᠬᠤ ᠶᠢ ᠵᠢᠯᠤᠭᠤᠳᠴᠤ᠂ ᠰᠢᠯᠤᠭᠤᠨ ᠬᠦᠪᠡᠭᠡᠲᠦ ᠴᠠᠭᠠᠨ ᠬᠤᠰᠢᠭᠤᠨ ᠤ 11 ᠲᠣᠭᠲᠠᠭᠰᠠᠨ ᠡᠮᠴᠢᠯᠡᠭᠡᠨ ᠤ ᠪᠠᠶᠢᠭᠤᠯᠤᠮᠵᠢ᠂ 26 ᠲᠣᠭᠲᠠᠭᠰᠠᠨ ᠴᠡᠭ ᠤᠨ ᠵᠢᠵᠢᠭᠯᠡᠨ ᠬᠤᠳᠠᠯᠳᠤᠬᠤ ᠡᠮ ᠤᠨ ᠳᠡᠯᠭᠡᠭᠦᠷ ᠲᠤ ᠡᠮ ᠡᠮᠨᠡᠯᠭᠡ ᠶᠢᠨ ᠲᠠᠭᠠᠳᠬᠠᠯ ᠤᠨ ᠨᠢᠭᠤᠷ ᠰᠢᠷᠪᠢᠵᠦ ᠳ᠋ᠦᠩᠨᠡᠨ ᠪᠤᠳᠤᠬᠤ ᠶᠢ ᠪᠡᠶᠡᠯᠡᠭᠦᠯᠵᠦ᠂ ᠡᠮ ᠡᠮᠨᠡᠯᠭᠡ ᠶᠢᠨ ᠳᠠᠭᠠᠳᠬᠠᠯ ᠤᠨ ᠨᠢᠭᠤᠷ ᠰᠢᠷᠪᠢᠵᠦ ᠳ᠋ᠦᠩᠨᠡᠨ ᠪᠤᠳᠤᠬᠤ ᠶᠢ ᠪᠦᠬᠦ ᠤᠷᠤᠨ ᠳᠤ ᠲᠦᠷᠦᠬᠦᠯᠡᠨ ᠪᠡᠶᠡᠯᠡᠬᠦᠯᠪᠡ᠃
 
ᠢᠷᠡᠯᠲᠡ᠄ ᠰᠢᠯᠢ ᠶᠢᠨ ᠭᠤᠤᠯ ᠤᠨ ᠮᠤᠩᠭᠤᠯ ᠰᠤᠨᠢᠨ ᠮᠡᠳᠡᠭᠡᠨ ᠤ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号