ᠨᠢᠭᠡᠨ ᠦᠨᠳᠦᠰᠦᠨ ᠱᠠᠲᠤᠨ ᠤ ᠺᠠᠳ᠋ᠷ ᠤᠨ ᠡᠬᠦᠷᠭᠡ ᠬᠠᠷᠢᠭᠤᠴᠠᠯᠭ᠎ᠠ
ᠨᠡᠶᠢᠲᠡᠯᠡᠭᠰᠡᠨ ᠴᠠᠭ᠄
2024/6/18
     ᠴᠢᠮᠡᠭᠡᠯᠡᠭᠴᠢ ᠦᠷᠴᠠᠶᠢᠬᠤ ᠶᠠᠩ ᠶᠠᠩ      ᠮᠠᠯᠴᠢᠳ ᠤᠨ ᠫᠸᠩ ᠬᠤᠷᠤᠭᠠᠨ ᠤ ᠪᠠᠶᠢᠭᠤᠯᠤᠯᠲᠠ ᠠᠴᠠ ᠰᠢᠨ᠎ᠡ  ᠡᠨᠧᠷᠬᠢ ᠶᠢᠨ ᠲᠦᠷᠦᠯ ᠵᠦᠢᠯ ᠤᠨ ᠭᠠᠵᠠᠷ ᠲᠠᠳᠠᠪᠤᠷᠢᠯᠠᠬᠤ ᠠᠬᠤᠢ ᠲᠠᠯᠠᠪᠠᠢ ᠳᠤ ᠬᠦᠷᠳᠡᠯ᠎ᠡ᠂ ᠭᠠᠯ ᠰᠡᠷᠬᠡᠶᠢᠯᠡᠬᠦ ᠵᠢᠵᠢᠬᠦᠷ ᠤᠨ ᠭᠡᠷ ᠠᠴᠠ ᠵᠦᠷᠢᠴᠡᠯ ᠵᠠᠭᠤᠷᠠᠭᠠᠨ ᠢ ᠡᠶᠡᠳᠡᠬᠦᠯᠦᠨ ᠰᠶᠢᠳᠪᠦᠷᠢᠯᠡᠬᠦ ᠬᠦᠷᠳᠡᠯ᠎ᠡ᠂ ᠠᠪᠠᠭ᠎ᠠ ᠬᠤᠰᠢᠭᠤᠨ ᠤ ᠴᠠᠭᠠᠨᠨᠠᠭᠤᠷ ᠪᠠᠯᠭᠠᠰᠤᠨ ᠤ ᠳᠡᠳ᠋ ᠳᠠᠷᠤᠭ᠎ᠠ ᠡᠷᠳᠡᠨᠢᠪᠠᠶᠠᠷ ᠦᠨᠳᠦᠰᠦᠨ ᠱᠠᠲᠤᠨ ᠤ ᠨᠢᠬᠡᠳᠦᠭᠡᠷ ᠹᠷᠤᠨᠲ ᠲᠤ ᠡᠶᠢᠨᠬᠦ ᠭᠠᠪᠰᠢᠭᠠᠶᠢᠯᠠᠵᠦ᠂ ᠲᠡᠬᠦᠨ ᠤ ᠠᠵᠢᠯ ᠮᠤᠩᠳᠠᠬᠤ ᠦᠬᠡᠢ ᠯᠡ ᠤᠯᠠᠨ ᠦᠷᠬᠦᠯᠵᠢᠯᠡᠨ᠎ᠡ᠃      ᠡᠬᠦᠷᠭᠡ ᠬᠠᠷᠢᠭᠤᠴᠠᠯᠭ᠎ᠠ ᠨᠢ ᠲᠡᠬᠦᠨ ᠳᠤ ᠰᠤᠩᠭᠤᠯᠳᠠ ᠪᠤᠯᠬᠤ ᠪᠢᠰᠢ᠂ ᠬᠠᠷᠢᠨ ᠲᠡᠭᠦᠨ ᠤ ᠤᠭ ᠰᠠᠨᠠᠭ᠎ᠠ ᠪᠠ ᠠᠵᠢᠯ ᠤᠨ ᠪᠠᠷᠢᠮᠳᠠᠯᠠᠯ ᠪᠠᠶᠢᠭ᠎ᠠ᠃ 2007 ᠤᠨ ᠳᠤ᠂ ᠡᠷᠳᠡᠨᠢᠪᠠᠶᠠᠷ ᠴᠡᠷᠢᠭ ᠠᠴᠠ ᠬᠠᠯᠠᠬᠳᠠᠨ ᠨᠤᠲᠤᠭ ᠲᠠᠭᠠᠨ ᠪᠤᠴᠠᠵᠦ᠂ ᠦᠨᠳᠦᠰᠦᠨ ᠱᠠᠲᠤᠨ ᠤ ᠭᠠᠯ ᠤᠨᠳᠠᠷᠠᠭᠠᠭᠴᠢ ᠪᠠᠷ ᠠᠵᠢᠯ ᠤᠨ ᠭᠠᠷᠤᠭ᠎ᠠ ᠪᠠᠨ ᠠᠪᠴᠠᠢ᠃ ᠲᠡᠬᠦᠨ ᠤ ᠬᠤᠪᠢ ᠳᠤ ᠴᠡᠷᠢᠭ ᠨᠡᠷ᠎ᠡ ᠨᠢ ᠢᠷᠠᠭᠤ ᠠᠯᠳᠠᠷ ᠲᠡᠳᠦᠢ ᠪᠢᠰᠢ᠂ ᠨᠡᠩ ᠴᠤ ᠨᠢᠬᠡᠨ ᠬᠤᠪᠢ ᠡᠬᠦᠷᠭᠡ ᠬᠠᠷᠢᠭᠤᠴᠠᠯᠭ᠎ᠠ ᠪᠠᠶᠢᠵᠦ᠂ ᠴᠡᠷᠢᠭ ᠤᠨ ᠬᠤᠸᠠᠷᠠᠨ ᠳᠠᠬᠢ ᠲᠠᠪᠳᠠᠨ ᠪᠤᠯᠪᠠᠰᠤᠷᠠᠭᠤᠯᠤᠯᠲᠠ ᠪᠠ ᠤᠯᠤᠯᠲᠠ ᠲᠤᠷᠰᠢᠯᠭ᠎ᠠ ᠨᠢ ᠲᠡᠬᠦᠨ ᠤ ᠠᠵᠢᠯ ᠠᠮᠢᠳᠤᠷᠠᠯ ᠳᠤ ᠶᠡᠬᠡᠬᠡᠨ ᠦᠷ᠎ᠡ ᠨᠦᠯᠦᠭᠡ ᠪᠤᠯᠤᠭᠰᠠᠨ ᠨᠢ ᠳᠠᠮᠵᠢᠭ ᠦᠬᠡᠢ᠃ 2012 ᠤᠨ ᠳᠤ ᠡᠷᠳᠡᠨᠢᠪᠠᠶᠠᠷ ᠴᠠᠭᠠᠨᠨᠠᠭᠤᠷ ᠪᠠᠯᠭᠠᠰᠤᠨ ᠤ ᠮᠠᠯ ᠠᠵᠦ ᠠᠬᠤᠢ ᠶᠢᠨ ᠲᠤᠰᠠᠯᠠᠭᠴᠢ ᠶᠢᠨ ᠲᠤᠰᠢᠶᠠᠯ ᠢ ᠬᠠᠷᠢᠭᠤᠴᠠᠪᠠ᠃ ᠡᠷᠦᠬᠡ ᠪᠠᠷ ᠬᠦᠨᠵᠡᠬᠡᠶᠢᠷᠡᠬᠦ᠂ ᠮᠠᠯ ᠤᠨ ᠪᠦᠲᠦᠴᠡ ᠶᠢ ᠤᠶᠢᠯᠠᠭᠠᠬᠤ᠂ ᠵᠦᠷᠢᠴᠡᠯ ᠵᠠᠭᠤᠷᠠᠭᠠᠨ ᠢ ᠡᠶᠡᠳᠡᠬᠦᠯᠦᠨ ᠰᠶᠢᠳᠪᠦᠷᠢᠯᠡᠬᠦ ᠵᠡᠷᠭᠡ ᠠᠵᠢᠯ ᠨᠢ ᠲᠡᠬᠦᠨ ᠤ ᠡᠳᠦᠷ ᠲᠤᠲᠤᠮ ᠤᠨ ᠠᠵᠢᠯ ᠤᠨ ᠵᠤᠷᠰᠢᠯ ᠪᠤᠯᠵᠦ᠂ ᠡᠷᠳᠡᠯᠡᠵᠦ ᠤᠷᠦ᠋ᠢᠯᠠᠨ ᠦᠷᠯᠦᠬᠡ ᠶᠢᠨ ᠨᠠᠷᠠ ᠪᠠᠷ ᠭᠠᠷᠴᠦ᠂ ᠦᠳᠡᠰᠢ ᠶᠢᠨ ᠪᠦᠷᠦᠢ ᠪᠠᠷ ᠬᠠᠷᠢᠵᠦ ᠢᠷᠡᠳᠡᠭ ᠨᠢ ᠵᠦᠩᠳᠡᠭᠡᠨ᠃ ᠶᠠᠬ ᠡᠶᠢᠮᠦᠷᠬᠦᠤ ᠮᠠᠯᠵᠢᠬᠤ ᠤᠷᠤᠨ᠂ ᠮᠠᠯᠵᠢᠬᠤ ᠡᠷᠦᠬᠡ ᠪᠠᠷ ᠬᠦᠨᠵᠡᠬᠡᠶᠢᠷᠡᠨ ᠠᠵᠢᠯ ᠢᠶᠠᠨ ᠦᠷᠨᠢᠬᠦᠯᠳᠡᠭ ᠠᠴᠠ ᠲᠡᠷᠡ ᠴᠠᠭᠠᠨᠨᠠᠭᠤᠷ ᠪᠠᠯᠭᠠᠰᠤᠨ ᠤ ᠭᠠᠴᠠᠭ᠎ᠠ ᠪᠤᠯᠭᠠᠨ ᠤ ᠪᠠᠶᠢᠳᠠᠯ ᠢ ᠠᠯᠠᠭᠠᠨ ᠵᠢᠷᠤᠭᠠᠰᠤ ᠪᠠᠨ ᠰᠢᠬ ᠲᠤᠲᠤᠷᠬᠠᠢ ᠤᠶᠢᠯᠠᠭᠠᠵᠦ᠂ ᠴᠠᠭᠠᠨᠨᠠᠭᠤᠷ ᠤᠨ ᠲᠠᠯ᠎ᠠ ᠨᠤᠲᠤᠭ ᠲᠠᠬᠢ ︽ᠠᠮᠢᠲᠤ ᠭᠠᠵᠠᠷ ᠤᠨ ᠵᠢᠷᠤᠭ︾ ᠭᠡᠮᠡᠭᠳᠡᠭᠰᠡᠨ ᠰᠠᠶᠢᠬᠠᠨ ᠠᠯᠳᠠᠷ ᠢ ᠡᠷᠬᠦᠵᠠᠢ᠃ ᠡᠷᠦᠬᠡ ᠳᠤ ᠬᠦᠨᠵᠡᠬᠡᠶᠢᠷᠡᠨ ᠦᠬᠡᠷ ᠤᠨ ᠡᠬᠦᠯᠳᠡᠷ ᠰᠠᠶᠢᠵᠢᠷᠠᠭᠤᠯᠬᠤ ᠲᠤᠬᠠᠢ ᠤᠬᠠᠭᠤᠯᠵᠦ᠂ ᠮᠠᠯᠵᠢᠬᠤ ᠡᠷᠦᠭᠡ ᠶᠢᠨ ᠦᠢᠯᠡᠳᠪᠦᠷᠢᠯᠡᠯ ᠠᠮᠢᠳᠤᠷᠠᠯ ᠵᠢᠴᠢ ᠮᠠᠯ ᠰᠦᠷᠦᠭ ᠤᠨ ᠪᠦᠲᠦᠴᠡ ᠶᠢᠨ ᠪᠠᠶᠢᠳᠠᠯ ᠢ ᠤᠶᠢᠯᠠᠭᠠᠵᠦ᠂ ᠯᠠᠪᠳᠠᠭᠤᠨ ᠪᠠᠲᠤᠲᠠᠢ ᠪᠠᠶᠢᠴᠠᠭᠠᠨ ᠰᠤᠳᠤᠯᠤᠯᠲᠠ ᠬᠢᠭᠰᠡᠨ ᠰᠠᠭᠤᠷᠢᠨ ᠲᠡᠭᠡᠷ᠎ᠡ᠂ ᠮᠠᠯᠴᠢᠳ ᠤᠨ ᠮᠠᠯ ᠰᠦᠷᠦᠭ ᠤᠨ ᠪᠦᠲᠦᠴᠡ ᠳᠤ ᠲᠤᠬᠢᠷᠠᠭᠤᠯᠤᠯᠲᠠ ᠬᠢᠬᠦ᠂ ᠰᠢᠨᠵᠢᠯᠡᠬᠦ ᠤᠬᠠᠭᠠᠨᠴᠢ ᠪᠠᠷ ᠲᠡᠵᠢᠬᠡᠨ ᠦᠷᠡᠵᠢᠬᠦᠯᠬᠦ ᠳᠤ ᠬᠠᠪᠰᠤᠷᠤᠯᠭ᠎ᠠ ᠵᠢᠯᠤᠭᠤᠳᠤᠯᠭ᠎ᠠ ᠬᠠᠩᠭᠠᠳᠠᠭ ᠪᠠᠶᠢᠨ᠎ᠠ᠃      ᠬᠦᠭᠵᠢᠯᠲᠦ ᠭᠠᠴᠠᠭᠠᠨ ᠤ ᠤᠶᠠᠩᠭ᠎ᠠ ᠶᠢᠨ ᠬᠢᠨ ᠪᠤᠯ ᠲᠡᠬᠦᠨ ᠤ ᠬᠠᠪᠰᠤᠷᠤᠯᠭ᠎ᠠ ᠵᠢᠯᠤᠭᠤᠳᠤᠯᠭ᠎ᠠ ᠶᠢ ᠬᠦᠷᠲᠡᠭᠰᠡᠨ ᠡᠷᠦᠬᠡ ᠶᠢᠨ ᠨᠢᠬᠡᠨ ᠪᠤᠯᠤᠨ᠎ᠠ᠃ 2011 ᠤᠨ ᠳᠤ᠂ ᠤᠶᠠᠩᠭ᠎ᠠ ᠶᠡᠭᠡ ᠰᠤᠷᠭᠠᠭᠤᠯᠢ ᠪᠠᠨ ᠲᠡᠭᠦᠰᠦᠭᠡᠳ ᠭᠠᠴᠠᠭᠠᠨ ᠳᠠᠭᠠᠨ ᠬᠠᠷᠢᠵᠦ ᠮᠠᠯᠴᠢᠨ ᠵᠠᠶᠠᠭ᠎ᠠ ᠲᠦᠰᠢᠵᠠᠢ᠃ ᠲᠡᠬᠡᠬᠦ ᠳᠤ ᠮᠠᠯᠵᠢᠯ ᠤᠨ ᠤᠷᠤᠯᠭ᠎ᠠ ᠨᠢ ᠨᠡᠯᠢᠶᠠᠳ ᠲᠤᠤᠷ᠎ᠠ᠂ ᠬᠦᠳᠡᠯᠮᠦᠷᠢ ᠬᠦᠴᠦᠨ ᠤ ᠦᠪᠡᠷ ᠤᠨ ᠦᠷᠳᠡᠭ ᠮᠠᠰᠢ ᠦᠨᠳᠦᠷ᠂ ᠨᠤᠲᠤᠭ ᠪᠡᠯᠴᠢᠬᠡᠷ ᠬᠦᠷᠦᠯᠴᠡᠭᠡ ᠮᠠᠭᠤᠳᠠᠢ᠂ ᠠᠮᠢ ᠠᠬᠤᠢ ᠮᠠᠭᠤᠳᠠᠭᠰᠠᠨ ᠵᠡᠷᠭᠡ ᠪᠠᠶᠢᠳᠠᠯ ᠲᠡᠬᠦᠨ ᠢ ᠤᠭᠲᠤᠵᠦ ᠠᠪᠤᠭᠰᠠᠨ ᠳ᠋ᠠ᠃ ᠡᠶᠢᠮᠦᠷᠬᠦᠤ ᠪᠠᠶᠢᠳᠠᠯ ᠲᠤᠤᠷ᠎ᠠ᠂ ᠤᠶᠠᠩᠭ᠎ᠠ ᠨᠦᠬᠦᠷ ᠲᠠᠢ ᠪᠠᠨ ᠡᠵᠡᠩᠨᠡᠯᠳᠡ ᠶᠢᠨ ᠠᠷᠭ᠎ᠠ ᠬᠡᠯᠪᠡᠷᠢ ᠪᠠᠨ ᠬᠤᠪᠢᠷᠠᠭᠤᠯᠬᠤ ᠪᠠᠷ ᠵᠤᠷᠢᠭ ᠰᠢᠭᠤᠳᠴᠦ᠂ ᠳᠠᠷᠠᠭ᠎ᠠ ᠵᠢᠯ ᠠᠴᠠ ᠨᠢ ᠱᠠᠷᠦ᠋ᠯᠠᠢ ᠦᠨᠢᠶᠡᠨ ᠳᠡᠭᠡᠨ ᠭᠠᠷ ᠭᠡᠭᠡᠯᠳᠦᠬᠦᠯᠭᠡ ᠬᠢᠬᠦ ᠠᠩᠬᠠᠨ ᠤ ᠲᠤᠷᠰᠢᠴᠠ ᠪᠠᠨ ᠡᠬᠢᠯᠡᠬᠦᠯᠵᠠᠢ᠃ ᠲᠡᠭᠡᠬᠦ ᠳᠤ ᠡᠷᠳᠡᠨᠢᠪᠠᠶᠠᠷ ᠲᠡᠳᠡᠨ ᠢ ᠬᠠᠪᠰᠤᠷᠤᠨ ᠭᠠᠳᠠᠭᠠᠲᠤ ᠠᠴᠠ ᠤᠷᠤᠭᠤᠯᠤᠭᠰᠠᠨ ᠢᠴᠡᠭᠡᠯ ᠦᠷ᠎ᠡ ᠭᠤᠶᠤᠴᠢᠯᠠᠵᠦ ᠦᠭᠭᠦ ᠶᠢᠨ ᠬᠠᠮᠲᠤ ᠮᠠᠯ ᠰᠦᠷᠦᠭ ᠤᠨ ᠡᠬᠦᠯᠳᠡᠷ ᠢ ᠰᠠᠶᠢᠵᠢᠷᠠᠭᠤᠯᠵᠦ ᠪᠠᠶᠢᠭ᠎ᠠ ᠪᠠᠶᠢᠳᠠᠯ ᠢ ᠨᠢ ᠬᠠᠯᠠᠮᠵᠢᠯᠠᠨ ᠰᠠᠨᠠᠭᠠᠰᠢᠷᠠᠵᠦ ᠪᠠᠶᠢᠯ᠎ᠠ᠃ ᠡᠬᠢᠨ ᠳᠡᠭᠡᠨ ᠪᠤᠰᠤᠳ ᠭᠠᠵᠠᠷ ᠤᠨ ᠰᠢᠯᠢᠳᠡᠭ ᠡᠭᠦᠯᠳᠡᠷ ᠤᠨ ᠦᠬᠡᠷ ᠤᠨ ᠲᠤᠬᠠᠢ ᠮᠠᠯᠴᠢᠳ ᠰᠠᠶᠢᠨ ᠤᠶᠢᠯᠠᠭᠠᠬᠤ ᠦᠬᠡᠢ ᠪᠠᠶᠢᠭᠰᠠᠨ ᠪᠤᠯᠬᠤᠷ ᠤᠶᠠᠩᠭ᠎ᠠ ᠶᠢᠨ ᠬᠢᠨ ᠴᠤ ᠭᠠᠷ ᠭᠡᠭᠡᠯᠳᠦᠬᠦᠯᠭᠡ ᠬᠢᠬᠦ ᠲᠠᠯ᠎ᠠ ᠪᠠᠷ ᠡᠷᠡᠭᠡᠯᠵᠡᠬᠡᠨ ᠲᠠᠢ ᠪᠠᠶᠢᠯ᠎ᠠ᠃ ᠡᠴᠦᠰ ᠲᠡᠭᠡᠨ ᠡᠷᠳᠡᠨᠢᠪᠠᠶᠠᠷ ᠤᠨ ᠵᠤᠷᠢᠭᠵᠢᠭᠤᠯᠤᠯ ᠪᠤᠯᠤᠨ ᠪᠠᠷᠢᠮᠳᠠᠯᠠᠯ ᠲᠤᠤᠷ᠎ᠠ ᠦᠨᠢᠶᠡᠳ ᠲᠡᠭᠡᠨ ᠭᠠᠷ ᠭᠡᠭᠡᠯᠳᠦᠬᠦᠯᠭᠡ ᠬᠢᠵᠦ᠂ ᠬᠠᠮᠤᠭ ᠠᠩᠬ᠎ᠠ ᠡᠬᠦᠯᠳᠡᠷ ᠰᠠᠶᠢᠵᠢᠷᠠᠭᠤᠯᠤᠭᠰᠠᠨ 20 ᠭᠠᠷᠤᠢ ᠦᠨᠢᠶ᠎ᠡ ᠪᠠᠨ ᠰᠠᠭᠤᠷᠢ ᠡᠭᠡ ᠮᠠᠯ ᠪᠤᠯᠭᠠᠨ᠂ 2014 ᠤᠨ ᠳᠤ ᠡᠳᠡᠨᠡᠶᠢᠬᠢᠨ ᠤ ᠦᠬᠡᠷ ᠤᠨ ᠰᠦᠷᠦᠭ ᠨᠢ ᠴᠠᠭᠠᠨᠨᠠᠭᠤᠷ ᠪᠠᠯᠭᠠᠰᠤᠨ ᠤ ᠰᠢᠯᠢᠳᠡᠭ ᠡᠬᠦᠯᠳᠡᠷ ᠤᠨ ᠭᠤᠤᠯᠳᠠᠯᠭᠠᠳᠥ ᠰᠦᠷᠦᠭ ᠪᠤᠯᠬᠤ ᠳᠤ ᠰᠠᠭᠤᠷᠢ ᠲᠠᠯᠪᠢᠵᠦ ᠦᠭᠭᠦᠭᠰᠡᠨ ᠪᠠᠶᠢᠨ᠎ᠠ᠃      2017 ᠤᠨ ᠳᠤ᠂ ᠡᠷᠳᠡᠨᠢᠪᠠᠶᠠᠷ ᠪᠠᠯᠭᠠᠰᠤᠨ ᠤ ᠳᠡᠳ᠋ ᠳᠠᠷᠤᠭ᠎ᠠ᠂ ᠵᠡᠪᠰᠡᠭᠲᠤ ᠬᠦᠴᠦᠨ ᠤ ᠬᠡᠯᠳᠡᠰ ᠤᠨ ᠳᠠᠷᠤᠭ᠎ᠠ ᠶᠢᠨ ᠲᠤᠰᠢᠶᠠᠯ ᠢ ᠡᠬᠦᠷᠭᠡᠯᠡᠵᠤ᠂ ᠲᠤᠰᠢᠶᠠᠯ ᠳᠤ ᠭᠠᠷᠤᠮᠠᠭᠴᠠ ᠨᠤᠲᠤᠭ ᠪᠡᠯᠴᠢᠭᠡᠷ ᠤᠨ ᠡᠵᠡᠩᠨᠡᠯᠳᠡ ᠶᠢᠨ ᠡᠷᠭᠡ ᠶᠢ ᠨᠤᠳᠠᠯᠠᠨ ᠲᠤᠭᠳᠠᠭᠠᠬᠤ ᠠᠵᠢᠯ ᠳᠤ ᠤᠷᠤᠯᠴᠠᠵᠦ᠂ ᠪᠦᠬᠦ ᠪᠠᠯᠭᠠᠰᠤᠨ ᠤ 16 ᠭᠠᠴᠠᠭᠠᠨ ᠤ ᠨᠤᠲᠤᠭ ᠪᠡᠯᠴᠢᠭᠡᠷ ᠤᠨ ᠡᠵᠡᠩᠨᠡᠯᠳᠡ ᠶᠢᠨ ᠡᠷᠭᠡ ᠶᠢ ᠨᠤᠳᠠᠯᠠᠨ ᠲᠤᠭᠳᠠᠭᠠᠬᠤ ᠠᠵᠢᠯ ᠤᠨ ᠪᠦᠬᠦ ᠶᠠᠪᠤᠴᠠ ᠳᠤ ᠪᠡᠶᠡᠴᠢᠯᠡᠨ ᠤᠷᠤᠯᠴᠠᠵᠠᠢ᠃ 7 ᠵᠢᠯ ᠤᠨ ᠬᠤᠭᠤᠴᠠᠭᠠᠨ ᠳᠤ᠂ ᠲᠡᠷᠡ ᠡᠯ᠎ᠡ ᠵᠦᠢᠯ ᠤᠨ ᠵᠦᠷᠢᠴᠡᠯ ᠵᠠᠭᠤᠷᠠᠭᠠᠨ ᠢ ᠨᠡᠶᠢᠳᠡ 200 ᠭᠠᠷᠤᠢ ᠤᠳᠠᠭ᠎ᠠ ᠡᠶᠡᠳᠡᠬᠦᠯᠵᠦ᠂ ᠵᠦᠷᠢᠴᠡᠯ ᠵᠠᠭᠤᠷᠠᠭᠠᠨ ᠢ ᠦᠨᠳᠦᠰᠦᠨ ᠱᠠᠲᠤᠨ ᠳᠤ ᠡᠶᠡᠳᠡᠬᠦᠯᠬᠦ ᠶᠢ ᠦᠨᠡᠨᠬᠦ ᠪᠡᠶᠡᠯᠡᠬᠦᠯᠬᠦ ᠶᠢᠨ ᠬᠠᠮᠳᠤ 400 ᠭᠠᠷᠤᠢ ᠵᠠᠯᠠᠭᠤᠴᠤᠳ ᠢ ᠴᠡᠷᠢᠭ ᠤᠨ ᠠᠯᠪᠠᠨ ᠳᠤ ᠲᠠᠩᠰᠠᠯᠠᠬᠤ ᠡᠬᠦᠷᠭᠡ ᠪᠠᠨ ᠪᠡᠶᠡᠯᠡᠬᠦᠯᠵᠦ᠂ ᠨᠡᠶᠢᠳᠡ 30 ᠭᠠᠷᠤᠢ ᠰᠢᠯᠢᠳᠡᠭ ᠵᠠᠯᠠᠭᠤᠴᠤᠳ ᠴᠡᠷᠢᠭ ᠲᠤ ᠡᠯᠰᠡᠭᠳᠡᠨ᠂ ᠵᠢᠯ ᠪᠦᠷᠢ ᠡᠷᠦᠬᠡ ᠶᠢᠨ ᠴᠡᠷᠢᠭ ᠤᠨ ᠪᠤᠯᠪᠠᠰᠤᠷᠠᠯ ᠤᠨ ᠠᠵᠢᠯ ᠢ ᠢᠳᠡᠪᠬᠢᠲᠠᠢ ᠰᠠᠶᠢᠲᠤᠷ ᠬᠢᠵᠠᠢ᠃      2019 ᠤᠨ ᠳᠤ᠂ ᠤᠯᠤᠰ ᠤᠨ ᠬᠦᠭᠵᠢᠬᠦᠯᠦᠯᠲᠡ ᠶᠢᠨ ᠪᠠᠶᠢᠷᠢᠰᠢᠭᠤᠯᠤᠯᠲᠠ ᠪᠠᠷ ᠴᠠᠭᠠᠨᠨᠠᠭᠤᠷ ᠪᠠᠯᠭᠠᠰᠤ ᠰᠢᠨ᠎ᠡ  ᠡᠨᠧᠷᠬᠢ ᠶᠢᠨ ᠬᠦᠭᠵᠢᠯᠲᠠ ᠶᠢᠨ ᠤᠷᠬᠢᠯ ᠤᠨ ᠬᠤᠭᠤᠴᠠᠭ᠎ᠠ ᠶᠢ ᠤᠬᠲᠤᠨ ᠠᠪᠴᠢᠷᠠᠵᠦ᠂ ᠶᠡᠭᠡ ᠬᠡᠮᠵᠢᠶᠡᠨ ᠤ ᠭᠠᠵᠠᠷ ᠰᠢᠷᠤᠢ ᠶᠢᠨ ᠲᠠᠳᠠᠪᠤᠷᠢᠯᠠᠯᠳᠠ ᠶᠢ ᠵᠤᠬᠢᠴᠠᠭᠤᠯᠬᠤ ᠠᠵᠢᠯ ᠢ ᠬᠦᠯᠢᠶᠡᠨ ᠠᠪᠴᠠᠢ᠃ ᠠᠩᠬ᠎ᠠ ᠡᠬᠢᠨ ᠳᠡᠭᠡᠨ ᠮᠠᠯᠴᠢᠳ ᠰᠢᠨ᠎ᠡ  ᠡᠨᠧᠷᠬᠢ ᠶᠢᠨ ᠬᠦᠭᠵᠢᠯᠳᠡ ᠶᠢ ᠤᠶᠢᠯᠠᠭᠠᠬᠤ ᠦᠬᠡᠢ ᠪᠠᠶᠢᠵᠦ᠂ ᠵᠠᠷᠢᠮ ᠮᠠᠯᠴᠢᠳ ᠨᠤᠲᠤᠭ ᠪᠡᠯᠴᠢᠬᠡᠷ ᠢᠶᠠᠨ ᠬᠠᠮᠠᠭᠠᠯᠠᠬᠤ ᠡᠬᠦᠳᠡᠨ ᠠᠴᠠ ᠴᠤ ᠲᠠᠲᠠᠭᠠᠯᠵᠠᠵᠦ ᠪᠠᠶᠢᠭᠰᠠᠨ᠂ ᠬᠡᠪᠡᠴᠦ ᠡᠷᠳᠡᠨᠢᠪᠠᠶᠠᠷ ᠡᠷᠦᠬᠡ ᠪᠠᠷ ᠬᠦᠨᠵᠡᠬᠡᠶᠢᠷᠡᠨ᠂ ᠮᠠᠯᠴᠢᠳ ᠲᠤ ᠤᠯᠤᠰ ᠤᠨ ᠲᠦᠷᠦ ᠶᠢᠨ ᠪᠤᠳᠤᠯᠭ᠎ᠠ ᠶᠢ ᠤᠬᠠᠭᠤᠯᠵᠦ᠂ ᠭᠤᠤᠯᠳᠠᠯᠭ᠎ᠠ ᠲᠠᠢ ᠲᠦᠷᠦᠯ ᠵᠦᠢᠯ ᠤᠨ ᠬᠦᠭᠵᠢᠯᠲᠡ ᠶᠢᠨ ᠴᠢᠬᠤᠯᠠ ᠴᠢᠨᠠᠷ ᠢ ᠲᠠᠶᠢᠯᠪᠤᠷᠢᠯᠠᠨ ᠦᠭᠴᠦ᠂ ᠤᠯᠠᠨ ᠲᠦᠮᠡᠨ ᠤ ᠪᠤᠬᠢᠷᠳᠤᠯ ᠦᠬᠡᠢ ᠴᠠᠬᠢᠯᠭᠠᠨ ᠦᠢᠯᠡᠰ ᠤᠨ ᠬᠦᠭᠵᠢᠯᠲᠠ ᠶᠢᠨ ᠲᠤᠬᠠᠢ ᠤᠶᠢᠯᠠᠭᠠᠯᠳᠠ ᠶᠢ ᠬᠦᠨᠵᠡᠬᠡᠶᠢᠷᠡᠬᠦᠯᠵᠠᠢ᠃ ᠡᠷᠳᠡᠨᠢᠪᠠᠶᠠᠷ ᠬᠠᠮᠲᠤ ᠠᠵᠢᠯᠯᠠᠭᠰᠠᠳ ᠲᠠᠢ ᠪᠠᠨ 40 ᠭᠠᠷᠤᠢ ᠡᠳᠦᠷ ᠬᠦᠳᠡᠭᠡ ᠪᠠᠭᠤᠵᠦ᠂ 40 ᠭᠠᠷᠤᠢ ᠡᠷᠦᠭᠡ ᠳᠤ ᠬᠤᠯᠪᠤᠭᠳᠠᠭᠰᠠᠨ ᠰᠢᠨ᠎ᠡ ᠡᠨᠤᠷᠬᠢ ᠶᠢᠨ ᠭᠠᠵᠠᠷ ᠳᠠᠳᠠᠪᠤᠷᠢᠯᠠᠬᠤ ᠪᠡᠷᠭᠡ ᠠᠰᠠᠭᠤᠳᠠᠯ ᠢ ᠵᠤᠬᠢᠴᠠᠭᠤᠯᠤᠨ ᠰᠶᠢᠳᠪᠦᠷᠢᠯᠡᠵᠦ᠂ ᠪᠤᠳᠠᠳᠤ ᠠᠵᠢᠯᠯᠠᠭ᠎ᠠ ᠪᠠᠷ ᠢᠶᠠᠨ ᠤᠯᠤᠰ ᠤᠨ ᠭᠤᠤᠯᠳᠠᠯᠭ᠎ᠠ ᠲᠠᠢ ᠲᠦᠷᠦᠯ ᠵᠦᠢᠯ ᠤᠨ ᠡᠮᠬᠢ ᠵᠢᠷᠤᠮ ᠲᠠᠢ ᠶᠠᠪᠤᠭᠳᠠᠬᠤ ᠶᠢ ᠪᠠᠲᠤᠯᠠᠪᠠ᠃      ︽ᠵᠤᠷᠢᠭ ᠪᠠᠶᠢᠪᠠᠯ ᠵᠤᠷᠢᠭᠰᠠᠨ ᠳᠠᠭᠠᠨ︾ ᠭᠡᠳᠡᠭᠴᠢᠯᠡᠨ ᠨᠢᠬᠡᠨ ᠦᠨᠳᠦᠰᠦᠨ ᠱᠠᠲᠤᠨ ᠤ ᠤᠳᠤᠷᠢᠳᠬᠤ ᠺᠠᠳ᠋ᠷ ᠪᠤᠯᠤᠭᠰᠠᠨ ᠤ ᠬᠤᠪᠢ ᠳᠤ᠂ ᠡᠷᠳᠡᠨᠢᠪᠠᠶᠠᠷ ᠨᠢᠬᠡ ᠨᠢᠬᠡ ᠠᠯᠬᠤᠮ ᠢᠶᠠᠷ ᠯᠠᠪᠳᠠᠭᠤᠨ ᠪᠠᠳᠤᠳᠠᠢ ᠤᠷᠤᠭᠰᠢᠯᠠᠵᠦ᠂ ᠨᠠᠮ ᠪᠤᠯᠤᠨ ᠠᠷᠠᠳ ᠲᠦᠮᠡᠨ ᠠᠴᠠ ᠤᠯᠭᠤᠭᠰᠠᠨ ᠢᠷᠠᠭᠤ ᠠᠯᠳᠠᠷᠲᠤ ᠡᠬᠦᠷᠭᠡ ᠪᠠᠨ ᠨᠠᠷᠢᠨ ᠬᠢᠨᠠᠮᠠᠭᠠᠢ ᠦᠢᠯᠡᠳᠦᠯᠬᠡᠵᠢᠬᠦᠯᠦᠭᠰᠡᠭᠡᠷ᠃ ᠲᠡᠷᠡ ᠢᠳᠡᠬᠡᠯ ᠲᠡᠭᠦᠯᠳᠡᠷ ᠪᠠᠶᠠᠰᠤᠩᠭᠤᠢ ᠤᠪᠤᠷ᠂ ᠵᠤᠷᠢᠭᠲᠠᠢ ᠡᠬᠦᠷᠭᠡᠯᠡᠬᠦ ᠤᠮᠤᠭ ᠵᠤᠷᠢᠭ᠂ ᠬᠠᠷᠠᠮ ᠦᠬᠡᠢ ᠵᠤᠷᠢᠭᠤᠯᠬᠤ ᠦᠢᠯᠡᠰᠴᠢ ᠰᠡᠳᠬᠢᠯ ᠢ ᠪᠠᠷᠢᠵᠦ᠂ ᠦᠨᠳᠦᠰᠦᠨ ᠱᠠᠲᠤᠨ ᠤ ᠺᠠᠳ᠋ᠷ ᠤᠨ ᠭᠡᠷᠡᠯ ᠬᠢᠯᠪᠠᠭ᠎ᠠ ᠪᠠᠨ ᠪᠠᠳᠠᠷᠠᠭᠤᠯᠵᠦ ᠶᠠᠪᠤᠨ᠎ᠠ᠃
 
ᠢᠷᠡᠯᠲᠡ᠄ ᠰᠢᠯᠢ ᠶᠢᠨ ᠭᠤᠤᠯ ᠤᠨ ᠮᠤᠩᠭᠤᠯ ᠰᠤᠨᠢᠨ ᠮᠡᠳᠡᠭᠡᠨ ᠤ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号