ᠪᠠᠶᠠᠨᠰᠢᠯᠢ ᠨᠤᠳᠤᠭ ᠲᠤ ᠶᠠᠪᠤᠭᠳᠠᠭᠰᠠᠨ ᠨᠠᠭᠠᠳᠤᠮ ᠤᠨ ᠰᠤᠨᠤᠰᠬᠤᠯᠠᠩ
ᠨᠡᠶᠢᠲᠡᠯᠡᠭᠰᠡᠨ ᠴᠠᠭ᠄
2024/6/18
     — 5 · 19 ᠲᠤᠮᠳᠠᠳᠤ ᠤᠯᠤᠰ ᠤᠨ ᠵᠢᠭᠤᠯᠴᠢᠯᠠᠯ ᠤᠨ ᠡᠳᠦᠷ ᠤᠨ ᠰᠢᠯᠢ ᠶᠢᠨ ᠭᠤᠤᠯ ᠤᠨ ᠭᠤᠤᠯ ᠰᠡᠳᠦᠪᠲᠦ ᠠᠵᠢᠯᠯᠠᠭ᠎ᠠ ᠵᠢᠴᠢ 2024 ᠤᠨ ᠤ ᠮᠤᠩᠭᠤᠯ ᠮᠤᠷᠢᠨ ᠤ ᠬᠤᠯᠪᠤᠭᠠᠲᠤ ᠤᠷᠤᠯᠳᠤᠭᠠᠨ ᠤ ᠡᠬᠢᠯᠡᠯᠳᠡ ᠶᠢᠨ ᠶᠤᠰᠤᠯᠠᠯ ᠤᠨ ᠲᠠᠳᠠᠯᠠᠯ      ᠰᠤᠷᠪᠤᠯᠵᠢᠯᠠᠭᠴᠢ ᠰᠤᠳᠦᠪᠢᠯᠢᠭ ᠳᠠᠳᠤᠯᠭ᠎ᠠ ᠶᠢᠨ ᠰᠤᠷᠪᠤᠯᠵᠢᠯᠠᠭᠴᠢ ᠦᠨᠢ      5 ᠰᠠᠷ᠎ᠠ ᠶᠢᠨ 19 ᠤ ᠡᠳᠦᠷ᠂ ᠰᠢᠯᠢ ᠶᠢᠨ ᠬᠤᠳᠠ ᠶᠢᠨ ᠪᠠᠶᠠᠨᠰᠢᠯᠢ ᠮᠠᠯᠵᠢᠯ ᠤᠨ ᠲᠠᠯᠠᠪᠠᠢ ᠳᠤ ᠲᠤᠭ ᠲᠠᠯᠪᠠᠭ᠎ᠠ ᠨᠠᠮᠢᠷᠠᠵᠤ᠂ ᠤᠯᠠᠨ ᠬᠦᠮᠦᠨ ᠴᠤᠭᠯᠠᠷᠠᠵᠠᠭᠠᠨ᠂ ᠬᠦᠷ ᠨᠠᠶᠢᠷ ᠢᠶᠠᠷ ᠪᠢᠯᠬᠠᠨ᠎ᠠ᠃ ᠠᠳᠡ ᠶᠠᠭ ᠰᠠᠶᠢᠬᠠᠨ 5 · 19 ᠲᠤᠮᠳᠠᠳᠤ ᠤᠯᠤᠰ ᠤᠨ ᠵᠢᠭᠤᠯᠴᠢᠯᠠᠯ ᠤᠨ ᠡᠳᠦᠷ ᠤᠨ ᠰᠢᠯᠢ ᠶᠢᠨ ᠭᠤᠤᠯ ᠤᠨ ᠭᠤᠤᠯ ᠰᠡᠳᠦᠪᠲᠦ ᠠᠵᠢᠯᠯᠠᠭ᠎ᠠ ᠵᠢᠴᠢ 2024 ᠤᠨ ᠤ ᠮᠤᠩᠭᠤᠯ ᠮᠤᠷᠢᠨ ᠤ ᠬᠤᠯᠪᠤᠭᠠᠲᠤ ᠤᠷᠤᠯᠳᠤᠭᠠᠨ ᠤ ᠡᠬᠢᠯᠡᠯᠳᠡ ᠶᠢᠨ ᠶᠤᠰᠤᠯᠠᠯ ᠨᠢᠵᠢᠭᠢᠷ ᠶᠠᠪᠤᠭᠳᠠᠵᠦ ᠪᠠᠶᠢᠭ᠎ᠠ ᠠᠵᠢ᠃      ᠲᠤᠰ ᠠᠵᠢᠯᠯᠠᠭ᠎ᠠ ᠶᠢ ᠰᠢᠯᠢ ᠶᠢᠨ ᠭᠤᠤᠯ ᠠᠶᠢᠮᠠᠭ ᠤᠨ ᠵᠠᠬᠢᠷᠭ᠎ᠠ ᠠᠴᠠ ᠭᠤᠤᠯᠯᠠᠨ ᠡᠷᠬᠢᠯᠡᠵᠦ᠂ ᠰᠢᠯᠢ  ᠶᠢᠨ ᠭᠤᠤᠯ ᠠᠶᠢᠮᠠᠭ ᠤᠨ ᠰᠤᠶᠤᠯ ᠪᠡᠶ᠎ᠡ ᠶᠢᠨ ᠲᠠᠮᠢᠷ ᠵᠢᠭᠤᠯᠴᠢᠯᠠᠯ ᠷᠠᠳᠢᠤ᠋ ᠲᠤᠯᠸᠢᠰ ᠤᠨ ᠲᠤᠪᠴᠢᠶ᠎ᠠ᠂ ᠰᠢᠯᠢ ᠶᠢᠨ ᠬᠤᠲᠠ ᠶᠢᠨ ᠠᠷᠠᠳ ᠤᠨ ᠵᠠᠰᠠᠭ ᠤᠨ ᠤᠷᠳᠤᠨ ᠵᠢᠴᠢ ᠰᠢᠯᠢ ᠶᠢᠨ ᠬᠤᠳᠡ ᠶᠢᠨ ᠪᠠᠶᠠᠨᠰᠢᠯᠢ ᠮᠠᠯᠵᠢᠯ ᠤᠨ ᠲᠠᠯᠠᠪᠠᠢ ᠠᠴᠠ ᠳᠠᠭᠠᠭᠠᠴᠢᠯᠠᠨ ᠡᠷᠬᠢᠯᠡᠵᠦ᠂ ᠳᠤᠮᠳᠠᠳᠤ ᠤᠯᠤᠰ ᠤᠨ ᠠᠳᠤᠭᠤᠨ ᠤ ᠦᠢᠯᠡᠰ ᠤᠨ ᠨᠡᠶᠢᠭᠡᠮᠯᠢᠭ ᠵᠢᠴᠢ ᠰᠢᠯᠢ ᠶᠢᠨ ᠭᠤᠤᠯ ᠠᠶᠢᠮᠠᠭ ᠤᠨ ᠠᠳᠤᠭᠤᠨ ᠤ ᠦᠢᠯᠡᠰ ᠤᠨ ᠨᠡᠶᠢᠭᠡᠮᠯᠢᠭ ᠠᠴᠠ ᠬᠠᠮᠵᠢᠯᠴᠠᠨ ᠡᠷᠬᠢᠯᠡᠭᠰᠡᠨ ᠶᠤᠮ᠃      ᠲᠤᠮᠳᠠᠳᠤ ᠤᠯᠤᠰ ᠤᠨ ᠵᠢᠭᠤᠯᠴᠢᠯᠠᠯ ᠤᠨ ᠡᠳᠦᠷ ᠤᠨ ᠰᠢᠯᠢ ᠶᠢᠨ ᠭᠤᠤᠯ ᠤᠨ ᠭᠤᠤᠯ ᠰᠡᠳᠦᠪᠳᠦ ᠠᠵᠢᠯᠯᠠᠭ᠎ᠠ ᠨᠢ ᠳᠤᠮᠳᠠᠳᠤ  ᠶᠢᠨ ᠦᠨᠳᠦᠰᠦᠳᠠᠨ ᠤ ᠬᠠᠮᠲᠤ ᠶᠢᠨ ᠴᠤᠭᠴᠠ ᠶᠢᠨ ᠤᠬᠠᠮᠰᠠᠷ ᠢ ᠪᠠᠲᠤ ᠴᠤᠭᠴᠠᠯᠠᠬᠤ ᠪᠠᠷ ᠭᠤᠤᠯ ᠰᠢᠵᠢᠮ ᠪᠤᠯᠭᠠᠵᠦ᠂ ︽ᠲᠤᠮᠳᠠᠳᠤ ᠤᠯᠤᠰ ᠤᠨ ᠵᠢᠭᠤᠯᠴᠢᠯᠠᠯ᠂ ᠵᠤᠯ ᠵᠢᠷᠭᠠᠯᠳᠤ ᠠᠮᠢᠳᠤᠷᠠᠯ︾ ᠭᠡᠬᠦ ᠭᠤᠤᠯ ᠰᠡᠳᠦᠪ ᠲᠠᠢ ᠵᠤᠬᠢᠴᠠᠭᠤᠯᠤᠨ᠂ ᠤᠯᠠᠨ ᠲᠦᠮᠡᠨᠴᠢ ᠴᠢᠨᠠᠷᠳᠠᠢ ᠤᠷᠤᠯᠳᠤᠭᠠᠨ ᠪᠠ ᠵᠢᠭᠤᠯᠴᠢᠯᠠᠯ ᠤᠨ ᠠᠵᠢᠯᠯᠠᠭ᠎ᠠ ᠲᠠᠢ ᠨᠢᠭᠳᠠ ᠤᠶᠠᠯᠳᠤᠭᠤᠯᠵᠤ᠂ ᠠᠳᠤᠭᠤᠨ ᠰᠤᠶᠤᠯ᠂ ᠮᠠᠰᠢᠨ ᠲᠡᠷᠬᠡᠨ ᠤ ᠰᠤᠶᠤᠯ᠂ ᠪᠤᠳᠠᠰ ᠤᠨ ᠪᠤᠰᠤ ᠰᠤᠶᠤᠯ ᠤᠨ ᠦᠪ ᠵᠡᠷᠬᠡ ᠤᠷᠤᠨ ᠨᠤᠳᠤᠭ ᠤᠨ ᠤᠨᠴᠠᠯᠢᠭᠳᠤ ᠰᠤᠶᠤᠯ ᠵᠢᠭᠤᠯᠴᠢᠯᠠᠯ ᠤᠨ ᠡᠬᠢ ᠪᠠᠶᠠᠯᠢᠭ ᠢ ᠬᠦᠢᠴᠡᠳ ᠠᠭᠤᠰᠤᠯᠴᠠᠭᠤᠯᠵᠤ᠂ ᠤᠯᠠᠨ ᠲᠦᠮᠡᠨ ᠤ ᠰᠤᠶᠤᠯ ᠤᠨ ᠠᠮᠢᠳᠤᠷᠠᠯ ᠢ ᠪᠠᠶᠠᠯᠢᠭᠵᠢᠭᠤᠯᠤᠨ᠂ ᠦᠷᠬᠡᠨ ᠤᠯᠠᠨ ᠵᠢᠭᠤᠯᠴᠢᠯᠠᠭᠴᠢᠳ ᠲᠤ ᠵᠤᠷᠢᠭᠤᠯᠤᠭᠰᠠᠨ ᠨᠢᠭᠡᠨ ᠲᠠᠯᠠᠪᠤᠷ ᠰᠤᠶᠤᠯ ᠤᠷᠠᠯᠢᠭ ᠪᠡᠶ᠎ᠡ ᠶᠢᠨ ᠲᠠᠮᠢᠷ ᠤᠨ ᠦᠪᠡᠳᠡᠭᠰᠢ ᠨᠠᠶᠢᠷ ᠪᠤᠯᠵᠠᠢ᠃      ᠡᠬᠢᠯᠡᠯᠳᠡ ᠶᠢᠨ ᠶᠤᠰᠤᠯᠠᠯ ᠲᠡᠬᠡᠷ᠎ᠡ᠂ ᠤᠯᠤᠰ ᠤᠨ ᠲᠤᠭ ᠤᠨ ᠡᠩᠨᠡᠭᠡ᠂ ᠴᠠᠭᠠᠨ ᠠᠳᠤᠭᠤᠨ ᠤ ᠨᠤᠳᠤᠭ᠂ ᠬᠠᠷ᠎ᠠ ᠠᠳᠤᠭᠤᠨ ᠤ ᠨᠤᠳᠤᠭ᠂ ᠰᠢᠷᠭ᠎ᠠ ᠠᠳᠤᠭᠤᠨ ᠤ ᠨᠤᠳᠤᠭ ᠠᠴᠠ ᠢᠷᠡᠭᠰᠡᠨ ᠮᠤᠷᠢᠳᠠᠨ ᠤ ᠡᠩᠨᠡᠭᠡ᠂ ᠪᠢᠴᠢᠬᠠᠨ ᠤᠨᠤᠭᠠᠴᠢᠳ ᠤᠨ ᠡᠩᠨᠡᠭᠡ᠂ ᠡᠮᠡᠭᠳᠠᠢ ᠮᠤᠷᠢᠳᠠᠨ ᠤ ᠡᠩᠨᠡᠭᠡ᠂ ᠪᠦᠬᠦ ᠤᠯᠤᠰ ᠤᠨ ᠡᠯ᠎ᠡ ᠭᠠᠵᠠᠷ ᠤᠨ ᠮᠤᠷᠢᠨ ᠮᠡᠷᠬᠡᠵᠢᠯ ᠤᠨ ᠺᠡᠯᠦ᠋ᠪ ᠤᠨ ᠡᠩᠨᠡᠭᠡ᠂ 13 ᠬᠤᠰᠢᠭᠤ ᠰᠢᠶᠠᠨ ᠬᠤᠳᠠ ︵ᠤᠷᠤᠨ︶ ᠶᠢᠨ ᠲᠦᠯᠦᠬᠡᠯᠡᠭᠴᠢ ᠶᠢᠨ ᠡᠩᠨᠡᠭᠡ ᠵᠠᠯᠭᠠᠪᠡᠷ ᠲᠠᠯᠠᠪᠠᠢ ᠳᠤ ᠤᠷᠤᠵᠤ᠂ ᠠᠳᠤᠭᠤᠳᠤ ᠨᠤᠳᠤᠭ ᠤᠨ ᠬᠡᠶᠢᠮᠤᠷᠢ ᠶᠢ ᠡᠷᠬᠦᠵᠦ᠂ ᠠᠳᠤᠭᠤᠨ ᠰᠤᠶᠤᠯ ᠤᠨ ᠬᠦᠨ ᠬᠦᠨᠵᠡᠬᠡᠢ ᠠᠭᠤᠯᠤᠬᠳᠠᠬᠤᠨ ᠢ ᠠᠮᠢᠳᠤᠯᠢᠭ ᠢᠶᠠᠷ ᠬᠠᠷᠠᠭᠤᠯᠵᠠᠢ᠃ ᠡᠬᠦᠨ ᠤ ᠬᠠᠮᠳᠤ᠂ ᠤᠷᠠᠨ ᠰᠠᠶᠢᠬᠠᠨ ᠤ ᠲᠤᠭᠯᠠᠯᠳᠠ ᠪᠤᠯᠤᠨ ᠮᠤᠷᠢᠨ ᠮᠡᠷᠬᠡᠵᠢᠯ ᠤᠨ ᠦᠵᠡᠬᠦᠯᠬᠡ ᠶᠢᠨ ᠲᠤᠭᠯᠠᠯᠳᠠ ᠶᠠᠪᠤᠭᠳᠠᠵᠤ᠂ ᠠᠬᠤᠢ ᠲᠠᠯᠠᠪᠠᠢ ᠶᠢᠨ ᠠᠭᠤᠷ ᠠᠮᠢᠰᠬᠤᠯ ᠢ ᠬᠦᠭᠵᠢᠬᠡᠨ᠂ ᠵᠢᠭᠤᠯᠴᠢᠯᠠᠭᠴᠢᠳ ᠤᠨ ᠬᠦᠷᠢᠶᠡᠯᠡᠯ ᠢ ᠤᠯᠵᠤ ᠪᠠᠶᠢᠯ᠎ᠠ᠃      ᠲᠤᠰ ᠡᠳᠦᠷ ᠤᠨ ᠤᠷᠤᠯᠳᠤᠭᠠᠨ ᠳᠤ ᠨᠡᠶᠢᠳᠡ 8 ᠲᠦᠷᠦᠯ ᠤᠨ ᠤᠷᠤᠯᠳᠤᠭᠠᠨ ᠢ ᠲᠤᠬᠢᠷᠠᠭᠤᠯᠵᠠᠢ᠃ ᠬᠦᠯᠦᠭ ᠮᠤᠷᠢᠳ ᠤᠨ ᠰᠢᠨᠲᠠᠰᠤ ᠶᠢ ᠰᠢᠯᠭᠠᠨ ᠬᠤᠷᠳᠤ ᠶᠢ ᠭᠠᠶᠢᠬᠠᠭᠤᠯᠤᠭᠰᠠᠨ 60 ᠭᠠᠵᠠᠷ ᠤᠨ ᠠᠯᠤᠰ ᠤᠨ ᠮᠤᠷᠢᠨ ᠤ ᠤᠷᠤᠯᠳᠤᠭᠠᠨ ᠳᠤ ᠨᠡᠶᠢᠲᠡ ᠬᠤᠷᠢ ᠭᠠᠷᠤᠢ ᠮᠤᠷᠢ ᠬᠤᠷᠳᠤᠯᠠᠵᠦ᠂ ᠰᠢᠯᠢ ᠶᠢᠨ ᠬᠤᠳᠠ ᠶᠢᠨ ᠪᠠᠶᠠᠨᠰᠢᠯᠢ ᠮᠠᠯᠵᠢᠯ ᠤᠨ ᠲᠠᠯᠠᠪᠠᠢ ᠶᠢᠨ ᠬᠤᠨᠭ᠍ᠭᠤᠷ ᠱᠡᠦᠳᠦ ᠬᠤᠪᠢᠶᠠᠷᠢ ᠲᠠᠯᠠᠪᠠᠢ ᠶᠢᠨ ᠳᠠᠴᠢᠨ ᠤ ᠬᠤᠯᠤᠭᠠᠷ ᠬᠠᠯᠲᠠᠷ ᠮᠤᠷᠢ ᠠᠶᠢᠷᠠᠭ ᠲᠡᠷᠢᠬᠦᠨ ᠳᠤ ᠲᠤᠳᠤᠷᠠᠵᠠᠢ᠃ 30 ᠭᠠᠵᠠᠷ ᠤᠨ ᠬᠦᠴᠦᠨ ᠵᠠᠯᠭᠠᠬᠤ ᠤᠷᠤᠯᠳᠤᠭᠠᠨ ᠳᠤ 7 ᠳᠤᠭᠤᠶᠢᠯᠠᠩ ᠤᠨ 21 ᠮᠤᠷᠢ ᠤᠷᠤᠯᠴᠠᠵᠦ᠂ ᠰᠢᠯᠢ ᠶᠢᠨ ᠬᠤᠲᠠ ᠶᠢᠨ ᠰᠢᠤᠢ ᠰᠢᠶᠤᠤ ᠬᠤᠩ ᠤᠨ ᠳᠤᠭᠤᠶᠢᠯᠠᠩ ᠳᠡᠷᠢᠭᠦᠯᠡᠵᠦ᠂ 30 ᠭᠠᠵᠠᠷ ᠤᠨ ᠬᠤᠷᠳᠤᠨ ᠮᠤᠷᠢᠨ ᠤ ᠤᠷᠤᠯᠳᠤᠭᠠᠨ ᠳᠤ ᠵᠡᠭᠦᠨ ᠦᠵᠦᠮᠦᠴᠢᠨ ᠬᠤᠰᠢᠭᠤᠨ ᠤ ᠠᠯᠲᠠᠨᠰᠦᠬᠡ ᠶᠢᠨ ᠮᠤᠷᠢ ᠲᠡᠷᠢᠭᠦᠯᠡᠵᠦ᠂ 12 ᠭᠠᠵᠠᠷ ᠤᠨ ᠵᠢᠷᠤᠭ᠎ᠠ ᠮᠤᠷᠢᠨ ᠤ ᠤᠷᠤᠯᠳᠤᠭᠠᠨ ᠳᠤ ᠳᠤᠯᠤᠨ ᠨᠤᠤᠷ ᠰᠢᠶᠠᠨ ᠤ ᠵᠤᠤ ᠶᠠᠨ ᠪᠢᠨ ᠤ ᠮᠤᠷᠢ ᠲᠡᠷᠢᠭᠦᠯᠡᠵᠦ᠂ 12 ᠭᠠᠵᠠᠷ ᠤᠨ ᠬᠠᠳᠠᠷᠢᠶ᠎ᠠ ᠮᠤᠷᠢᠨ ᠤ ᠤᠷᠤᠯᠳᠤᠭᠠᠨ ᠳᠤ ᠳᠤᠯᠤᠨ ᠨᠤᠤᠷ ᠰᠢᠶᠠᠨ ᠤ ᠯᠢ ᡁᠢ ᠪᠢᠨ ᠤ ᠮᠤᠷᠢ ᠲᠤᠰ ᠲᠤᠰ ᠲᠡᠷᠢᠭᠦᠯᠡᠵᠡᠢ᠃ ᠡᠭᠦᠨ ᠠᠴᠠ ᠭᠠᠳᠠᠨ᠎ᠠ᠂ 256 ᠪᠦᠬᠡ ᠵᠤᠳᠤᠭᠯᠠᠭᠤᠯᠵᠦ ᠪᠠᠷᠢᠯᠳᠤᠭᠤᠯᠤᠭᠰᠠᠨ  ᠢᠶᠠᠷ ᠪᠠᠷᠠᠬᠤ ᠦᠭᠡᠢ ᠮᠤᠷᠢᠨ ᠳᠡᠭᠡᠷ᠎ᠡ ᠠᠴᠠ ᠬᠠᠳᠠᠭ ᠰᠢᠭᠦᠷᠡᠬᠦ᠂ ᠮᠤᠷᠢ ᠤᠨᠤᠵᠤ ᠰᠠᠭᠠᠳ ᠲᠠᠪᠠᠭ᠋ᠤ᠂ ᠮᠤᠷᠢ ᠬᠦᠲᠦᠯᠦᠨ ᠲᠦᠡᠭᠰᠡ ᠡᠷᠭᠢᠬᠦ ᠤᠷᠤᠯᠳᠤᠭᠠᠨ ᠵᠡᠷᠭᠡ ᠪᠠᠶᠠᠰᠤᠯᠳᠤ ᠰᠠᠶᠢᠬᠠᠨ ᠤᠷᠤᠯᠳᠤᠭᠠᠨ ᠬᠦᠳᠡᠯᠭᠡᠭᠡᠨ ᠢ ᠶᠠᠪᠤᠭᠳᠠᠭᠤᠯᠵᠦ᠂ ᠦᠵᠡᠭᠰᠡᠨ ᠬᠦᠮᠦᠨ ᠤ ᠰᠡᠳᠬᠢᠯ ᠢ ᠴᠢᠮᠡᠵᠦ᠂ ᠢᠷᠡᠭᠰᠡᠨ ᠬᠦᠮᠦᠨ ᠤ ᠤᠷᠮ᠎ᠠ ᠶᠢ ᠬᠦᠭᠵᠢᠭᠡᠵᠡᠢ᠃      ᠲᠤᠰ ᠤᠳᠠᠭᠠᠨ ᠤ ᠠᠵᠢᠯᠯᠠᠭ᠎ᠠ ᠳᠤ᠂ ᠬᠤᠯᠠ ᠤᠶᠢᠷ᠎ᠠ ᠠᠴᠠ ᠨᠡᠶᠢᠳᠡ 2000 ᠭᠠᠷᠤᠢ ᠵᠤᠭᠠᠴᠠᠭᠴᠢ ᠲᠤᠬᠠᠢ ᠶᠢᠨ ᠲᠠᠯᠠᠪᠠᠢ ᠳᠤ ᠬᠦᠷᠦᠯᠴᠡᠨ ᠢᠷᠡᠵᠦ ᠡᠬᠢᠯᠡᠯᠳᠡ ᠶᠢᠨ ᠶᠤᠰᠤᠯᠠᠯ ᠢ ᠰᠤᠨᠢᠷᠬᠠᠨ᠂ ᠲᠠᠯ᠎ᠠ ᠨᠤᠳᠤᠭ ᠤᠨ ᠨᠠᠶᠢᠷ ᠨᠠᠭᠠᠳᠤᠮ ᠤᠨ ᠲᠦᠷᠦᠯ ᠵᠦᠢᠯ ᠳᠤ ᠪᠡᠶᠡᠴᠢᠯᠡᠨ ᠤᠷᠤᠯᠴᠠᠵᠤ᠂ ᠰᠢᠯᠢ ᠶᠢᠨ ᠭᠤᠤᠯ ᠤᠨ ᠰᠤᠶᠤᠯ ᠵᠢᠭᠤᠯᠴᠢᠯᠠᠯ ᠤᠨ ᠲᠠᠯ᠎ᠠ ᠪᠠᠷ ᠬᠦᠨᠵᠡᠬᠡᠢ ᠤᠶᠢᠯᠠᠭᠠᠯᠳᠠ ᠲᠠᠢ ᠪᠤᠯᠤᠭᠰᠠᠨ ᠪᠠᠶᠢᠨ᠎ᠠ᠃ ᠵᠤᠵᠢᠶᠠᠩ ᠮᠤᠵᠢ ᠶᠢᠨ ᠵᠢᠭᠤᠯᠴᠢᠯᠠᠭᠴᠢ᠄ ︽ᠪᠢ ᠰᠢᠯᠢ ᠶᠢᠨ ᠭᠤᠤᠯ ᠳᠤ ᠠᠩᠬ᠎ᠠ ᠤᠳᠠᠭ᠎ᠠ ᠢᠷᠡᠵᠦ ᠪᠠᠶᠢᠨ᠎ᠠ᠂ ᠰᠠᠶ᠋ᠢᠬᠠᠨ ᠪᠠᠷᠠᠭᠤᠨ ᠦᠵᠦᠮᠦᠴᠢᠨ ᠬᠤᠰᠢᠭᠤᠨ ᠤ ᠮᠢᠩᠭᠠᠨ ᠠᠭᠲᠠ ᠶᠢᠨ ᠨᠠᠶᠢᠷ ᠢ ᠰᠤᠨᠢᠷᠬᠠᠭᠠᠳ ᠢᠷᠡᠭᠰᠡᠨ ᠶᠤᠮ᠂ ᠮᠤᠷᠢᠨ ᠤᠷᠤᠯᠳᠤᠭᠠᠨ ᠮᠠᠰᠢ ᠭᠤᠶᠤ ᠪᠠᠶᠢᠨ᠎ᠠ᠂ ᠲᠠᠯ᠎ᠠ ᠨᠤᠳᠤᠭ ᠤᠨ ᠰᠤᠶᠤᠯ ᠵᠠᠩ ᠵᠠᠩᠰᠢᠯ ᠦᠨᠢᠷ ᠦᠳᠬᠡᠨ ᠪᠠᠶᠢᠨ᠎ᠠ︾ ᠬᠡᠵᠦ ᠶᠠᠷᠢᠯ᠎ᠠ᠃      ᠤᠶᠢᠯᠠᠭᠠᠭᠰᠠᠨ ᠢᠶᠠᠷ᠂ ᠲᠤᠰ ᠤᠳᠠᠭᠠᠨ ᠤ ᠮᠤᠩᠭᠤᠯ ᠮᠤᠷᠢᠨ ᠤ ᠬᠤᠯᠪᠤᠭᠠᠳᠤ ᠤᠷᠤᠯᠳᠤᠭᠠᠨ ᠳᠤ ᠭᠠᠴᠠᠭ᠎ᠠ ︵ᠲᠤᠰᠬᠤᠨ︶᠂ ᠰᠤᠮᠤ ︵ᠰᠢᠶᠠᠩ︶ ᠪᠠᠯᠭᠠᠰᠤ᠂ ᠬᠤᠰᠢᠭᠤ ᠰᠢᠶᠠᠨ ᠬᠤᠳᠠ ︵ᠤᠷᠤᠨ︶᠂ ᠪᠦᠬᠦ ᠤᠷᠤᠨ ᠤ ᠶᠡᠷᠦᠩᠬᠡᠢ ᠰᠶᠢᠳᠪᠦᠷᠢᠳᠦ ᠤᠷᠤᠯᠳᠤᠭᠠᠨ ᠵᠡᠷᠬᠡ 4 ᠱᠠᠳᠤᠨ ᠤ ᠤᠷᠤᠯᠳᠤᠭᠠᠨ ᠢ ᠲᠤᠬᠢᠷᠠᠭᠤᠯᠵᠤ᠂ ᠡᠬᠦᠨ ᠳᠤ ᠭᠠᠴᠠᠭ᠎ᠠ ︵ᠲᠤᠰᠬᠤᠨ︶ ᠱᠠᠳᠤᠨ ᠤ ᠤᠷᠤᠯᠳᠤᠭᠠᠨ 5 ᠰᠠᠷ᠎ᠠ ᠶᠢᠨ 19 ᠤ ᠡᠳᠦᠷ ᠠᠴᠠ 6 ᠰᠠᠷ᠎ᠠ ᠶᠢᠨ 2 ᠤᠨ ᠡᠳᠦᠷ ᠪᠤᠯᠳᠠᠯ᠎ᠠ ᠶᠠᠪᠤᠭᠳᠠᠵᠤ᠂ ᠰᠤᠮᠤ ︵ᠰᠢᠶᠠᠩ︶ ᠪᠠᠯᠭᠠᠰᠤᠨ ᠤ ᠱᠠᠳᠤᠨ ᠤ ᠤᠷᠤᠯᠳᠤᠭᠠᠨ 6 ᠰᠠᠷ᠎ᠠ ᠶᠢᠨ 3 ᠤ ᠡᠳᠦᠷ ᠠᠴᠠ 6 ᠰᠠᠷ᠎ᠠ ᠶᠢᠨ 17 ᠤ ᠡᠳᠦᠷ ᠪᠤᠯᠳᠠᠯ᠎ᠠ ᠶᠠᠪᠤᠭᠳᠠᠵᠤ᠂ ᠬᠤᠰᠢᠭᠤ ᠰᠢᠶᠠᠨ ᠬᠤᠳᠠ ︵ᠤᠷᠤᠨ︶ ᠶᠢᠨ ᠱᠠᠳᠤᠨ ᠤ ᠤᠷᠤᠯᠳᠤᠭᠠᠨ 6 ᠰᠠᠷ᠎ᠠ ᠶᠢᠨ 18 ᠤ ᠡᠳᠦᠷ ᠠᠴᠠ 7 ᠰᠠᠷ᠎ᠠ ᠶᠢᠨ 7 ᠤ ᠡᠳᠦᠷ ᠪᠤᠯᠳᠠᠯ᠎ᠠ ᠶᠠᠪᠤᠭᠳᠠᠵᠤ᠂ ᠪᠦᠬᠦ ᠤᠷᠤᠨ ᠤ ᠰᠶᠢᠳᠪᠦᠷᠢᠳᠦ ᠤᠷᠤᠯᠳᠤᠭᠠᠨ ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ 34 ᠳ᠋ᠤᠬᠡᠷ ᠬᠤᠭᠤᠴᠠᠭᠠᠨ ᠤ ᠵᠢᠭᠤᠯᠴᠢᠯᠠᠯ ᠤᠨ ᠨᠠᠭᠠᠳᠤᠮ ᠤᠨ ᠠᠵᠢᠯᠯᠠᠭ᠎ᠠ ᠶᠢᠨ ᠬᠤᠭᠤᠴᠠᠭᠠᠨ ᠳᠤ ᠶᠠᠪᠤᠭᠳᠠᠬᠤ ᠪᠤᠯᠤᠨ᠎ᠠ᠃      5 · 19 ᠲᠤᠮᠳᠠᠳᠤ ᠤᠯᠤᠰ ᠤᠨ ᠵᠢᠭᠤᠯᠴᠢᠯᠠᠯ ᠤᠨ ᠡᠳᠦᠷ ᠤᠨ ᠰᠢᠯᠢ ᠶᠢᠨ ᠭᠤᠤᠯ ᠤᠨ ᠭᠤᠤᠯ ᠰᠡᠳᠦᠪᠲᠦ ᠠᠵᠢᠯᠯᠠᠭ᠎ᠠ ᠵᠢᠴᠢ 2024 ᠤᠨ ᠤ ᠮᠤᠩᠭᠤᠯ ᠮᠤᠷᠢᠨ ᠤ ᠬᠤᠯᠪᠤᠭᠠᠲᠤ ᠤᠷᠤᠯᠳᠤᠭᠠᠨ ᠤ ᠡᠬᠢᠯᠡᠯᠳᠡ ᠨᠢ ᠮᠠᠨ ᠤ ᠠᠶᠢᠮᠠᠭ ᠤᠨ ᠵᠤᠨ ᠤ ᠤᠯᠠᠷᠢᠯ ᠤᠨ ᠵᠢᠭᠤᠯᠴᠢᠯᠠᠯ ᠡᠬᠦᠪᠡᠷ ᠡᠬᠢᠯᠡᠭᠰᠡᠨ ᠢ ᠬᠠᠷᠠᠭᠤᠯᠵᠤ᠂ ᠵᠠᠯᠭᠠᠭᠠᠳ ᠪᠦᠬᠦ ᠠᠶᠢᠮᠠᠭ ᠤᠨ ᠬᠡᠪᠴᠢᠶᠡᠨ ᠳᠤ ᠤᠯᠠᠨ ᠠᠭᠤᠯᠭ᠎ᠠ ᠪᠦᠬᠦᠢ ᠰᠤᠶᠤᠯ ᠵᠢᠭᠤᠯᠴᠢᠯᠠᠯ ᠤᠨ ᠠᠵᠢᠯᠯᠠᠭ᠎ᠠ ᠲᠠᠷᠠᠭᠠᠯᠠᠨ ᠶᠠᠪᠤᠭᠳᠠᠵᠤ᠂ ᠬᠤᠯᠠ ᠤᠶᠢᠷ᠎ᠠ ᠶᠢᠨ ᠬᠡᠶᠢᠴᠢᠨ ᠵᠤᠴᠢᠨ ᠢᠶᠠᠨ ᠪᠠᠶᠠᠰᠬᠠᠬᠤ ᠪᠤᠯᠤᠨ᠎ᠠ᠃
 
ᠢᠷᠡᠯᠲᠡ᠄ ᠰᠢᠯᠢ ᠶᠢᠨ ᠭᠤᠤᠯ ᠤᠨ ᠮᠤᠩᠭᠤᠯ ᠰᠤᠨᠢᠨ ᠮᠡᠳᠡᠭᠡᠨ ᠤ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号