ᠪᠤᠳᠠᠳᠤ ᠠᠵᠢᠯᠯᠠᠭ᠎ᠠ ᠪᠠᠷ ᠨᠤᠲᠤᠭ ᠤᠰᠤ ᠪᠠᠨ ᠨᠤᠭᠤᠭᠠᠷᠠᠭᠤᠯᠤᠨ᠎ᠠ
ᠨᠡᠶᠢᠲᠡᠯᠡᠭᠰᠡᠨ ᠴᠠᠭ᠄
2024/6/18
     ᠤᠶᠢᠷ᠎ᠠ ᠳᠤ᠂ ᠰᠢᠯᠤᠭᠤᠨ ᠬᠦᠬᠡ ᠬᠤᠰᠢᠭᠤᠨ ᠤ ︽ᠬᠦᠮᠦᠨ ᠪᠠ ᠲᠠᠯ᠎ᠠ ᠨᠤᠲᠤᠭ︾ ᠤᠷᠴᠢᠨ ᠲᠤᠭᠤᠷᠢᠨ ᠢ ᠬᠠᠮᠠᠭᠠᠯᠠᠬᠤ ᠰᠠᠶᠢᠨ ᠲᠤᠷᠠᠴᠤᠳ ᠤᠨ ᠨᠡᠶᠢᠬᠡᠮᠯᠢᠭ ᠰᠢᠯᠤᠭᠤᠨ ᠬᠦᠬᠡ ᠬᠤᠰᠢᠭᠤᠨ ᠤ ᠲᠠᠪᠦ‍ ᠨᠢᠬᠡ ᠮᠠᠯᠵᠢᠯ ᠤᠨ ᠲᠠᠯᠠᠪᠠᠢ ᠳᠤ ᠬᠦᠷᠴᠦ ᠠᠯᠪᠠᠨ ᠵᠢᠷᠤᠮ ᠤᠨ ᠮᠤᠲᠤ ᠲᠠᠷᠢᠬᠤ ᠠᠵᠢᠯᠯᠠᠭ᠎ᠠ ᠦᠷᠨᠢᠬᠦᠯᠪᠡ᠃      ᠤᠯᠠᠨ ᠢᠶᠠᠷ ᠢᠶᠠᠨ ᠨᠦᠬᠡ ᠮᠠᠯᠳᠠᠬᠤ᠂ ᠴᠢᠬᠢ ᠰᠠᠭᠤᠯᠭᠠᠬᠤ᠂ ᠪᠤᠯᠠᠬᠤ ᠵᠡᠷᠭᠡ ᠠᠵᠢᠯ ᠢ ᠬᠤᠪᠢᠳᠠᠨ ᠬᠦᠢᠴᠡᠳᠭᠡᠵᠦ᠂ ᠤᠷᠬᠢᠯᠤᠮ᠎ᠠ ᠬᠠᠯᠠᠭᠤᠨ ᠰᠡᠳᠬᠢᠯᠭᠡ ᠪᠠᠷ ᠵᠤᠷᠢᠭᠲᠠᠢ ᠠᠵᠢᠯᠯᠠᠵᠦ᠂ ᠪᠦᠬᠦ᠋ᠯᠡ ᠠᠬᠤᠢ ᠲᠠᠯᠠᠪᠠᠢ ᠳᠤ ᠪᠦᠯᠬᠦᠮᠳᠡᠨ ᠬᠠᠮᠵᠢᠯᠴᠠᠵᠦ ᠰᠢᠭᠤᠷᠬᠠᠶᠢᠯᠠᠨ ᠠᠵᠢᠯᠯᠠᠬᠤ ᠠᠭᠤᠷ ᠠᠮᠢᠰᠬᠤᠯ ᠢᠶᠠᠷ ᠪᠢᠯᠬᠠᠮ᠎ᠠ ᠪᠠᠶᠢᠯ᠎ᠠ᠃ ᠵᠠᠷᠢᠮ ᠰᠠᠶᠢᠨ ᠲᠤᠷᠠᠴᠤᠤᠯ ᠪᠠᠰᠠ ᠬᠡᠥᠬᠡᠳ ᠢᠶᠠᠨ ᠲᠠᠭᠠᠭᠤᠯᠤᠨ ᠢᠷᠡᠵᠦ᠂ ᠬᠠᠮᠲᠤ ᠪᠠᠷ ᠮᠤᠲᠤ ᠲᠡᠷᠢᠬᠤ ᠠᠵᠢᠯᠯᠠᠭ᠎ᠠ ᠳᠤ ᠤᠷᠤᠯᠴᠠᠵᠦ᠂ ᠬᠡᠥᠬᠡᠳ ᠪᠠᠭᠠᠴᠤᠳ ᠲᠤ ᠬᠦᠳᠡᠯᠮᠦᠷᠢ ᠶᠢᠨ ᠪᠠᠶᠠᠷ ᠪᠠᠭ᠋ᠠᠲᠤᠯ ᠢ ᠤᠶᠢᠯᠠᠭᠠᠭᠤᠯᠵᠠᠢ᠃ ︽ᠡᠨᠡ ᠵᠢᠯ ᠪᠢᠳᠡ ᠬᠤᠶᠠᠳᠠᠬᠢ ᠤᠳᠠᠭ᠎ᠠ ᠬᠤᠯᠠᠨ ᠰᠢᠷᠭ᠎ᠠ ᠲᠠᠭ᠎ᠠ ᠶᠢᠨ ᠡᠯᠡᠰᠦᠨ ᠳᠤ ᠢᠷᠡᠵᠦ ᠲᠠᠷᠢᠵᠦ ᠤᠶᠢᠵᠢᠭᠤᠯᠬᠤ ᠠᠵᠢᠯᠯᠠᠭ᠎ᠠ ᠦᠷᠨᠢᠬᠦᠯᠦᠯ᠎ᠡ᠃ ᠦᠨᠦᠳᠦᠷ ᠡᠯᠡᠰᠦ ᠶᠢ ᠲᠤᠭᠳᠠᠪᠤᠷᠢᠵᠢᠭᠤᠯᠬᠤ ᠤᠯᠢᠶᠠᠰᠤ ᠮᠤᠲᠤ ᠲᠠᠷᠢᠭᠰᠠᠨ᠂ ᠲᠡᠬᠦᠨ ᠢ ᠪᠠᠰᠠ ᠡᠯᠡᠰᠦ ᠶᠢ ᠲᠤᠭᠳᠠᠪᠤᠷᠢᠵᠢᠭᠤᠯᠬᠤ ᠬᠤᠰᠢᠭᠤᠴᠢ ᠮᠤᠲᠤ ᠬᠡᠵᠦ ᠬᠡᠯᠡᠳᠡᠭ᠂ 1-2 ᠮᠧᠲᠷ ᠦᠨᠳᠦᠷ ᠤᠷᠭᠤᠵᠦ᠂ ᠶᠠᠭᠠᠨ ᠦᠩᠭᠡᠲᠠᠢ ᠴᠡᠴᠡᠭ ᠲᠡᠯᠭᠡᠷᠡᠵᠦ᠂ ᠭᠤᠶᠤ ᠰᠠᠶᠢᠬᠠᠨ ᠦᠵᠡᠮᠵᠢ ᠶᠢ ᠪᠦᠷᠢᠯᠳᠦᠬᠦᠯᠦᠨ᠎ᠡ᠃ ᠰᠢᠯᠤᠭᠤᠨ ᠬᠦᠬᠡ ᠬᠤᠰᠢᠭᠤᠨ ᠤ ᠤᠷᠴᠢᠨ ᠲᠤᠭᠤᠷᠢᠨ ᠢ ᠬᠠᠮᠠᠭᠠᠯᠠᠬᠤ ᠰᠠᠶᠢᠨ ᠲᠤᠷᠠᠴᠤᠳ ᠤᠨ ᠨᠡᠶᠢᠬᠡᠮᠯᠢᠭ ᠨᠢ 2019 ᠤᠨ ᠠᠴᠠ ᠡᠬᠢᠯᠡᠨ ᠡᠯᠡᠰᠦᠷᠭᠡᠭᠵᠢᠯ ᠢ ᠵᠠᠰᠠᠬᠤ ᠠᠵᠢᠯᠯᠠᠭ᠎ᠠ ᠦᠷᠨᠢᠬᠦᠯᠵᠦ᠂ ᠤᠳᠤ ᠪᠤᠯᠳᠠᠯ᠎ᠠ ᠪᠠᠷᠢᠮᠳᠠᠯᠠᠭᠰᠠᠭᠠᠷ ᠢᠷᠡᠵᠠᠢ᠃ ᠬᠤᠯᠠᠨ ᠰᠢᠷᠭ᠎ᠠ ᠲᠠᠭ᠎ᠠ ᠶᠢᠨ ᠡᠯᠡᠰᠦᠷᠭᠡᠭᠵᠢᠯ ᠢ ᠵᠠᠰᠠᠬᠤ ᠲᠠᠶᠢᠯᠠᠯᠳᠤᠭᠠᠨ ᠳᠤ ᠪᠢᠳᠡ ᠦᠷᠬᠦᠯᠵᠢᠯᠡᠨ ᠬᠦᠴᠦᠨ ᠵᠢᠳᠬᠦᠯ ᠢᠶᠠᠨ ᠡᠷᠬᠦᠬᠦ ᠪᠠᠷ ᠴᠢᠷᠮᠠᠶᠢᠵᠦ ᠪᠤᠢ︾ ᠬᠡᠵᠦ ︽ᠬᠦᠮᠦᠨ ᠪᠠ ᠲᠠᠯ᠎ᠠ ᠨᠤᠲᠤᠭ︾ ᠤᠷᠴᠢᠨ ᠲᠤᠭᠤᠷᠢᠨ ᠢ ᠬᠠᠮᠠᠭᠠᠯᠠᠬᠤ ᠰᠠᠶᠢᠨ ᠲᠤᠷᠠᠴᠤᠳ ᠤᠨ ᠨᠡᠶᠢᠬᠡᠮᠯᠢᠭ ᠤᠨ ᠬᠠᠷᠢᠭᠤᠴᠠᠯᠭᠠᠳᠠᠨ ᠪᠤᠤ ᠮᠢᠩ  ᠵᠤ᠋ ᠬᠡᠯᠡᠪᠡ᠃      ᠲᠤᠰ ᠤᠳᠠᠭᠠᠨ ᠤ ᠠᠵᠢᠯᠯᠠᠭ᠎ᠠ ᠳᠤ 40 ᠰᠢᠬᠠᠮ ᠰᠠᠶᠢᠨ ᠲᠤᠷᠠᠴᠤᠤᠯ ᠤᠷᠤᠯᠴᠠᠵᠦ᠂ 60 ᠭᠠᠷᠤᠢ ᠮᠤ᠋ ᠡᠯᠡᠰᠦᠨ ᠳᠤ 25000 ᠭᠠᠷᠤᠢ ᠰᠢᠷᠭᠡᠭ ᠤᠯᠢᠶᠠᠰᠤ ᠲᠠᠷᠢᠵᠦ᠂ ᠠᠮᠢ ᠠᠬᠤᠢ ᠶᠢᠨ ᠪᠤᠯᠪᠠᠰᠤᠨ ᠤ ᠪᠦᠲᠦᠭᠡᠨ ᠪᠠᠶᠢᠭᠤᠯᠤᠯᠲᠠ ᠳᠤ ᠢᠳᠡᠪᠬᠢᠯᠡᠨ ᠤᠷᠤᠯᠴᠠᠵᠦ᠂ ᠪᠤᠳᠠᠳᠤ ᠠᠵᠢᠯᠯᠠᠭ᠎ᠠ ᠪᠠᠷ ᠢᠶᠠᠨ ᠨᠤᠲᠤᠭ ᠤᠰᠤ ᠪᠠᠨ ᠨᠤᠭᠤᠭᠠᠷᠠᠭᠤᠯᠬᠤ ᠳᠤ ᠬᠦᠴᠦᠨ ᠨᠡᠮᠡᠷᠢᠯᠡᠵᠠᠢ᠃ ︵ᠴᠢᠮᠡᠭᠡᠯᠡᠭᠴᠢ ᠦᠵᠡᠰᠬᠦᠯᠡᠩ︶
 
ᠢᠷᠡᠯᠲᠡ᠄ ᠰᠢᠯᠢ ᠶᠢᠨ ᠭᠤᠤᠯ ᠤᠨ ᠮᠤᠩᠭᠤᠯ ᠰᠤᠨᠢᠨ ᠮᠡᠳᠡᠭᠡᠨ ᠤ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号