ᠬᠢᠯᠢ ᠶᠢᠨ ᠮᠠᠯᠴᠢᠳ ᠲᠦᠭᠡᠭᠡᠯ ᠤᠰᠤ ᠡᠳ᠋ᠯᠡᠭᠦ ᠪᠤᠯᠤᠯ᠎ᠠ
ᠨᠡᠶᠢᠲᠡᠯᠡᠭᠰᠡᠨ ᠴᠠᠭ᠄
2024/6/18
     ᠬᠠᠮ ᠵᠠᠭᠤᠴᠢᠯᠠᠭᠤᠷ ᠤᠨ ᠰᠤᠷᠪᠤᠯᠵᠢᠯᠠᠨ ᠮᠡᠳᠡᠭᠡᠯᠡᠬᠦ ᠳᠤᠭᠤᠶᠢᠯᠠᠩ      ︽ᠥᠩᠭᠡᠷᠡᠭᠰᠡᠨ ᠳᠤ ᠴᠡᠪᠡᠷ ᠤᠰᠤ ᠤᠤᠭᠤᠨ᠎ᠠ ᠭᠡᠭᠰᠡᠭᠡᠷ ᠭᠡᠷ ᠠᠴᠠ ᠪᠠᠨ 20 ᠭᠠᠷᠤᠢ ᠺᠢᠯᠤᠮᠤᠳ᠋ᠷ ᠤᠨ ᠴᠠᠭᠠᠨ᠎ᠠ ᠠᠴᠠ ᠤᠰᠤ ᠲᠡᠭᠡᠭᠡᠳᠡᠭ᠂ ᠨᠢᠳᠦᠨᠦᠨ ᠤᠰᠤ ᠶᠢ ᠡᠷᠦᠭᠡ ᠳᠤ ᠤᠷᠤᠭᠤᠯᠬᠤ ᠢᠨᠵᠤᠨᠤᠷᠢᠩ ᠢᠶᠠᠷ ᠪᠢᠳᠡᠨ ᠳᠤ ᠲᠦᠭᠡᠭᠡᠯ ᠤᠰᠤ ᠤᠷᠤᠭᠤᠯᠵᠦ ᠦᠭᠭᠦᠭᠰᠡᠨ ᠮᠦᠷᠳᠡᠭᠡᠨ ᠪᠠᠶᠢᠡᠭᠭᠤ ᠶᠢᠨ ᠴᠠᠬᠢᠯᠭᠠᠨ ᠴᠦ ᠨᠡᠪᠳᠡᠷᠡᠭᠦᠯᠵᠦ ᠦᠭᠭᠦᠯ᠎ᠠ᠃ ᠤᠳᠤ ᠪᠢᠳᠡ ᠴᠠᠭ ᠢᠮᠠᠬᠳᠠ ᠴᠡᠪᠡᠷ ᠤᠰᠤ ᠤᠯᠵᠦ ᠤᠤᠭᠤᠴᠢᠬᠠᠬᠤ ᠪᠠᠷ ᠪᠠᠷᠠᠬᠤ ᠦᠭᠡᠢ ᠬᠥᠮᠥᠨ ᠤ ᠬᠦᠴᠦ᠂ ᠪᠣᠳᠠᠰ ᠤᠨ ᠬᠦᠴᠦ᠂ ᠡᠳ᠋ ᠤᠨ ᠬᠦᠴᠦ ᠶᠢ ᠴᠦ ᠶᠡᠭᠡ ᠪᠠᠷ ᠠᠷᠪᠢᠯᠠᠵᠦ ᠦᠭᠭᠦᠭᠰᠡᠨ ᠰᠢᠦ︾ ᠭᠡᠵᠦ ᠬᠢᠯᠢ ᠶᠢᠨ ᠱᠤᠭᠤᠮ ᠤᠨ ᠤᠶᠢᠷᠠᠯᠴᠠᠭ᠎ᠠ ᠰᠠᠭᠤᠷᠢᠰᠢᠵᠦ ᠪᠠᠶᠢᠭ᠎ᠠ ᠰᠥᠨᠢᠳ ᠪᠠᠷᠠᠭᠤᠨ ᠬᠤᠰᠢᠭᠤᠨ ᠤ ᠡᠷᠢᠶᠡᠨᠨᠠᠭᠤᠷ ᠰᠤᠮᠤ ᠶᠢᠨ ᠵᠢᠪᠬᠤᠯᠠᠩᠳᠦ ᠭᠠᠴᠠᠭᠠᠨ ᠤ ᠮᠠᠯᠴᠢᠨ ᠭᠡᠷᠡᠯ ᠰᠤᠷᠪᠤᠯᠵᠢᠯᠠᠭᠴᠢ ᠳᠤ ᠪᠠᠶᠠᠷᠳᠠᠶᠢᠠᠬᠨ ᠶᠠᠷᠢᠨ᠎ᠠ᠃      ᠬᠢᠯᠢ ᠬᠢᠵᠠᠭᠠᠷ ᠣᠷᠣᠨ ᠤ ᠮᠠᠯᠴᠢᠳ ᠤᠨ ᠤᠰᠤ ᠬᠡᠷᠡᠭᠯᠡᠬᠦ ᠶᠢ ᠪᠠᠲᠤᠯᠠᠵᠤ᠂ ᠬᠢᠯᠢ ᠬᠢᠵᠠᠭᠠᠷ ᠣᠷᠣᠨ ᠤ ᠠᠷᠠᠳ ᠤᠨ ᠠᠮᠢᠳᠤᠷᠠᠯ ᠤᠨ ᠰᠠᠶᠢᠵᠢᠷᠠᠯᠲᠠ ᠪᠠ ᠤᠷᠤᠨ ᠨᠤᠳᠤᠭ ᠤᠨ ᠲᠤᠬᠳᠠᠭᠤᠨ ᠬᠥᠭᠵᠢᠯᠲᠡ ᠶᠢ ᠠᠬᠢᠭᠤᠯᠬᠤ ᠶᠢᠨ ᠲᠥᠯᠥᠭᠡ᠂ ᠣᠶᠢᠷ᠎ᠠ ᠶᠢᠨ ᠵᠢᠯ᠂ ᠰᠥᠨᠢᠳ ᠪᠠᠷᠠᠭᠤᠨ ᠬᠤᠰᠢᠭᠤᠨ ᠤ ᠤᠰᠤᠨ ᠠᠰᠢᠭᠯᠠᠯᠲᠠ ᠶᠢᠨ ᠰᠠᠯᠠᠭ᠎ᠠ ᠮᠥᠴᠢᠷ ᠤᠰᠤᠨ ᠠᠰᠢᠭᠯᠠᠯᠲᠠ ᠶᠢᠨ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠦᠷᠭᠦᠯᠵᠢᠯᠡᠨ ᠴᠢᠩᠭᠠᠳᠬᠠᠪᠠ᠃ ︽2022 ᠣᠨ ᠳᠤ ᠪᠢᠳᠡ 153 ᠲᠦᠮᠡᠨ ᠲᠥᠭᠦᠷᠢᠭ ᠤᠨ ᠪᠡᠯᠡ ᠣᠷᠣᠭᠤᠯᠵᠤ᠂ ᠡᠷᠢᠶᠡᠨᠨᠠᠭᠤᠷ ᠰᠤᠮᠤ ᠶᠢᠨ ᠵᠢᠪᠬᠤᠯᠠᠩᠳᠥ ᠭᠠᠴᠠᠭᠠᠨ ᠳᠤ 6 ᠤᠰᠤᠨ ᠰᠤᠷᠪᠤᠯᠵᠢ ᠶᠢᠨ ᠬᠤᠳᠳᠤᠭ ᠢ ᠰᠢᠨ᠎ᠡ ᠪᠠᠷ ᠪᠠᠶᠢᠭᠤᠯᠵᠤ᠂ 30 ᠡᠷᠦᠬᠡ ᠳᠤ ᠤᠰᠤ ᠲᠡᠳᠡᠨ ᠣᠷᠣᠭᠤᠯᠵᠤ᠂ ᠣᠯᠠᠨ ᠲᠦᠮᠡᠨ ᠤ ᠤᠯᠠᠷᠢᠯ ᠤᠨ ᠴᠢᠨᠠᠷᠲᠠᠢ ᠤᠰᠤ ᠳᠤᠲᠠᠭᠳᠠᠬᠤ ᠪᠠ ᠬᠤᠯᠠ  ᠠᠴᠠ ᠤᠰᠤ ᠲᠡᠭᠡᠭᠡᠬᠦ ᠠᠰᠠᠭᠤᠳᠠᠯ ᠢ ᠪᠦᠲᠦᠮᠵᠢᠲᠡᠶ ᠰᠶᠢᠳᠪᠦᠷᠢᠯᠡᠪᠡ᠃ ᠡᠭᠦᠨ ᠤ ᠬᠠᠮᠳᠦ ᠬᠢᠯᠢ ᠬᠢᠵᠠᠭᠠᠷ ᠢ ᠬᠦᠴᠦᠷᠬᠡᠭᠵᠢᠭᠦᠯᠵᠦ ᠰᠡᠷᠭᠡᠶᠢᠯᠡᠯᠳᠡ ᠶᠢ ᠪᠠᠬᠢᠵᠢᠭᠦᠯᠬᠦ ᠪᠦᠳᠦᠭᠡᠨ ᠪᠠᠶᠢᠭᠤᠯᠤᠯᠳᠠ ᠶᠢ ᠲᠡᠮᠵᠢᠭᠦ ᠶᠢᠨ ᠲᠥᠯᠥᠭᠡ᠂ ᠡᠨᠡ ᠵᠢᠯ ᠪᠠᠰᠠ ᠬᠢᠯᠢ ᠶᠢᠨ ᠬᠠᠮᠠᠭᠠᠯᠠᠯᠲᠠ ᠶᠢᠨ ᠴᠡᠷᠢᠭ ᠠᠩᠭᠢ ᠳᠤ 2 ᠢᠵᠢ ᠤᠰᠤ ᠠᠷᠢᠭᠤᠳᠬᠠᠬᠤ ᠮᠠᠰᠢᠨ ᠤᠭᠰᠠᠷᠠᠵᠤ ᠦᠭᠪᠡ︾ ᠭᠡᠵᠦ ᠰᠥᠨᠢᠳ ᠪᠠᠷᠠᠭᠤᠨ ᠬᠤᠰᠢᠭᠤᠨ ᠤ ᠤᠰᠤᠨ ᠠᠰᠢᠭᠯᠠᠯᠲᠠ ᠶᠢᠨ ᠲᠣᠪᠴᠢᠶ᠎ᠠ ᠶᠢᠨ ᠬᠤᠳᠳᠤᠭ ᠮᠠᠯᠲᠠᠬᠤ ᠠᠩᠭᠢ ᠶᠢᠨ ᠳᠡᠳ᠋ ᠳᠠᠷᠤᠭ᠎ᠠ ᠵᠠᠩ ᠵᠢᠩ ᠲᠠᠨᠢᠯᠴᠠᠭᠤᠯᠪᠡ᠃ ᠤᠶᠢᠯᠠᠭᠠᠭᠰᠠᠨ ᠢᠶᠠᠷ᠂ ᠨᠢᠳᠤᠨᠤᠨ ᠰᠥᠨᠢᠳ ᠪᠠᠷᠠᠭᠤᠨ ᠬᠤᠰᠢᠭᠤ 123 ᠭᠦᠨ ᠮᠠᠰᠢᠨ ᠬᠤᠳᠳᠤᠭ᠂ 20 ᠭᠦᠢᠯᠡᠰᠦᠨ ᠴᠡᠴᠡᠭ ᠤᠨ ᠭᠡᠯᠪᠡᠷᠢᠳᠦ ᠤᠨᠴᠠᠭᠠᠢ ᠬᠤᠳᠳᠤᠭ᠂ 73 ᠤᠰᠤ ᠬᠠᠳᠠᠭᠠᠯᠠᠬᠤ ᠵᠣᠭᠤᠷᠢ ᠪᠠᠶᠢᠭᠤᠯᠵᠤ᠂ ᠡᠨᠡ ᠵᠢᠯ 18 ᠭᠦᠨ ᠮᠠᠰᠢᠨ ᠬᠤᠳᠳᠤᠭ ᠪᠠᠶᠢᠭᠤᠯᠵᠦ᠂ 32 ᠡᠷᠦᠬᠡ ᠳᠤ ᠤᠰᠤ ᠤᠷᠤᠭᠤᠯᠬᠤ ᠪᠠᠷ ᠲᠦᠯᠦᠪᠯᠡᠵᠦ᠂ ᠡᠭᠦᠨ ᠳᠤ ᠡᠷᠢᠶᠡᠨᠨᠠᠭᠤᠷ ᠰᠤᠮᠤᠨ ᠳᠤ 3 ᠭᠦᠨ ᠮᠠᠰᠢᠨ ᠬᠤᠳᠳᠤᠭ ᠮᠠᠯᠳᠠᠵᠥ᠂ 8 ᠡᠷᠦᠬᠡ ᠳᠤ ᠤᠰᠤ ᠣᠷᠣᠭᠤᠯᠤᠨ᠎ᠠ᠃      ᠨᠢᠳᠤᠨᠤᠨ ᠥᠪᠡᠷᠲᠡᠭᠡᠨ ᠵᠠᠰᠠᠬᠤ ᠣᠷᠣᠨ ᠤ ᠮᠠᠯᠵᠢᠬᠤ ᠲᠠᠷᠢᠶᠠᠯᠠᠬᠤ ᠣᠷᠣᠨ ᠤ ᠤᠰᠤ ᠬᠠᠩᠭᠠᠬᠤ ᠪᠠᠲᠤᠯᠠᠭ᠎ᠠ ᠶᠢᠨ ᠢᠨᠵᠧᠨᠧᠷᠢᠩ ᠳᠤ ᠲᠦᠰᠢᠭᠯᠡᠨ᠂ ᠮᠠᠨ ᠤ ᠠᠶᠢᠮᠠᠭ ᠰᠥᠨᠢᠳ ᠪᠠᠷᠠᠭᠤᠨ ᠬᠤᠰᠢᠭᠤ᠂ ᠰᠥᠨᠢᠳ ᠵᠡᠭᠦᠨ ᠬᠤᠰᠢᠭᠤ᠂ ᠠᠪᠠᠭ᠎ᠠ ᠬᠤᠰᠢᠭᠤ᠂ ᠵᠡᠭᠦᠨ ᠦᠵᠦᠮᠦᠴᠢᠨ ᠬᠤᠰᠢᠭᠤᠨ ᠳᠤ 4000 ᠭᠠᠷᠤᠢ ᠲᠦᠮᠡᠨ ᠲᠥᠭᠦᠷᠢᠭ ᠤᠨ ᠪᠡᠯᠡ ᠣᠷᠣᠭᠤᠯᠵᠤ᠂ ᠬᠢᠯᠢ ᠬᠢᠵᠠᠭᠠᠷ ᠤᠨ ᠮᠠᠯᠵᠢᠬᠤ ᠣᠷᠣᠨ ᠳᠤ 303 ᠤᠰᠤᠨ ᠰᠤᠷᠪᠤᠯᠵᠢ ᠶᠢᠨ ᠬᠤᠳᠳᠤᠭ᠂ 43 ᠤᠰᠤ ᠬᠠᠳᠠᠭᠠᠯᠠᠬᠤ ᠵᠣᠭᠤᠷᠢ ᠶᠢ ᠰᠢᠨ᠎ᠡ ᠪᠠᠷ ᠪᠠᠶᠢᠭᠤᠯᠵᠤ᠂ 3739 ᠬᠥᠮᠥᠨ ᠳᠤ ᠠᠰᠢᠭ ᠬᠦᠷᠲᠡᠭᠡᠵᠡᠢ᠃ 2025 ᠣᠨ ᠪᠣᠯᠬᠤ ᠳᠤ᠂ ᠮᠠᠨ ᠤ ᠠᠶᠢᠮᠠᠭ ᠬᠢᠯᠢ ᠬᠢᠵᠠᠭᠠᠷ ᠤᠨ ᠮᠠᠯᠵᠢᠬᠤ ᠣᠷᠣᠨ ᠳᠤ 449 ᠤᠰᠤᠨ ᠰᠤᠷᠪᠤᠯᠵᠢ ᠶᠢᠨ ᠬᠤᠳᠳᠤᠭ ᠢ ᠰᠢᠨ᠎ᠡ ᠪᠠᠷ ᠪᠠᠶᠢᠭᠤᠯᠵᠤ᠂ ᠬᠢᠯᠢ ᠶᠢᠨ ᠭᠠᠴᠠᠭ᠎ᠠ ᠶᠢᠨ ᠮᠠᠯᠵᠢᠬᠤ ᠡᠷᠦᠬᠡ ᠳᠤ 127 ᠤᠰᠤ ᠬᠠᠳᠠᠭᠠᠯᠠᠬᠤ ᠵᠣᠭᠤᠷᠢ ᠶᠢ ᠰᠢᠨ᠎ᠡ ᠪᠠᠷ ᠪᠠᠶᠢᠭᠤᠯᠦᠨ᠂ 5400 ᠮᠠᠯᠴᠢᠨ ᠲᠠᠷᠢᠶᠠᠴᠢᠨ ᠪᠠ ᠬᠢᠯᠢ ᠶᠢᠨ ᠬᠠᠮᠠᠭᠠᠯᠠᠯᠲᠠ ᠶᠢᠨ ᠰᠤᠮᠤᠨ ᠠᠩᠭᠢ᠂ ᠬᠢᠯᠢ ᠶᠢᠨ ᠲᠣᠮᠢᠯᠠᠭᠰᠠᠨ ᠰᠠᠯᠪᠤᠷᠢ ᠶᠢᠨ ᠤᠰᠤ ᠬᠠᠩᠭᠠᠬᠤ ᠪᠠᠲᠤᠯᠠᠭ᠎ᠠ ᠶᠢᠨ ᠬᠢᠷᠢ ᠲᠦᠪᠰᠢᠨ ᠢ ᠳᠡᠭᠡᠭᠰᠢᠯᠡᠭᠦᠯᠵᠦ᠂ ᠬᠢᠯᠢ ᠶᠢᠨ ᠮᠠᠯᠵᠢᠬᠤ ᠣᠷᠣᠨ ᠤ ᠤᠤᠭᠤᠬᠤ ᠤᠰᠤᠨ ᠤ ᠠᠮᠤᠷ ᠲᠦᠪᠰᠢᠨ ᠤ ᠪᠠᠲᠤᠯᠠᠭ᠎ᠠ ᠶᠢᠨ ᠬᠢᠷᠢ ᠲᠦᠪᠰᠢᠨ ᠢ ᠪᠦᠲᠦᠮᠵᠢᠲᠡᠶ ᠳᠡᠭᠡᠭᠰᠢᠯᠡᠭᠦᠯᠦᠨ᠎ᠡ᠃
 
ᠢᠷᠡᠯᠲᠡ᠄ ᠰᠢᠯᠢ ᠶᠢᠨ ᠭᠤᠤᠯ ᠤᠨ ᠮᠤᠩᠭᠤᠯ ᠰᠤᠨᠢᠨ ᠮᠡᠳᠡᠭᠡᠨ ᠤ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号